ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ ᠡᠨᠡ ᠵᠢᠯ᠎ᠡᠴᠡ ᠨᠠᠭᠠᠰᠢ᠂ ᠪᠤᠭᠤᠲᠤ ᠬᠣᠲᠠ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠠᠵᠢᠯ ᠠᠯᠳᠠᠭ᠍ᠰᠠᠳ᠂ ᠬᠦᠯᠤᠰᠤᠨ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ᠎ᠲᠠᠶ ᠪᠦᠯᠬᠦᠮ ᠨᠠᠢᠲᠠ ᠳ᠋ᠤ ᠠᠡᠭᠬᠠᠷᠤᠯ ᠶ᠋ᠢᠡᠨ ᠲᠦᠪᠯᠡᠷᠡᠬᠦᠯᠤᠨ᠂ ᠬᠠᠷᠠᠯᠲᠠ᠎ᠲᠠᠶ᠎ᠪᠠᠷ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠵᠦ᠍᠂ ᠡᠯ᠎ᠡ ᠲᠥᠷᠥᠯ᠎ᠦᠨ ᠪᠦᠯᠬᠦᠮ ᠨᠠᠢᠲᠠ ᠵᠢᠨ ᠠᠵᠢᠯ ᠤᠯᠬᠤ ᠡᠷᠬᠡ ᠠᠱᠢᠭ᠎ᠢ ᠦᠨᠡᠨ ᠬᠦ᠌ ᠪᠠᠲᠤᠯᠠᠪᠠ᠃ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠴᠢᠭ᠌ᠯᠡᠭᠦᠯᠦᠨ᠂ ᠠᠵᠢᠯ ᠣᠯᠭᠣᠬᠤ ᠦᠶ᠋ᠯᠡᠴᠢᠯᠡᠭᠡ ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠲᠤᠰᠭᠠᠶ ᠲᠠᠯᠠᠪᠤᠷ ᠠᠵᠢᠯᠲᠠᠨ ᠡᠯᠰᠡᠬᠦ᠌ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍᠂ 2698 ᠲᠡᠭᠦᠰᠭᠦ ᠤᠶᠤᠲᠠᠳ ᠠᠵᠢᠯ ᠤᠯᠬᠤ ᠰᠠᠨᠠᠮᠵᠢ᠎ᠲᠠᠶ ᠪᠣᠯᠵᠣ᠂ ᠲᠦᠮᠡ ᠱᠢᠬᠠᠮ ᠲᠡᠭᠦᠰᠭᠦ ᠰᠤᠷᠤᠭ᠍ᠴᠢᠳ᠎ᠲᠤ ᠦᠶ᠋ᠯᠡᠴᠢᠯᠡᠬᠦ᠌᠎ᠶ᠋ᠢ ᠠᠬᠢᠭᠤᠯᠪᠠ᠃
ᠲᠠᠨᠢᠯᠴᠠᠭᠤᠯᠤᠭᠰᠠᠨ ᠶ᠋ᠢᠡᠷ᠂ ᠠᠵᠢᠯ ᠠᠯᠳᠠᠭ᠍ᠰᠠᠨ᠎ᠢᠶᠠᠷ ᠳᠠᠩᠰᠠᠯᠠᠭᠤᠯᠤᠭ᠍ᠰᠠᠨ ᠬᠥᠮᠦᠰ᠎ᠢ ᠪᠥᠬᠥ᠌ ᠲᠠᠯ᠎ᠠ᠎ᠪᠠᠷ ᠬᠠᠪᠰᠤᠷᠤᠨ ᠲᠡᠳᠬᠦᠵᠦ᠍᠂ ᠠᠵᠢᠯ᠎ᠤᠨ ᠪᠠᠢᠷᠢ᠎ᠶ᠋ᠢᠨ ᠲᠠᠨᠢᠯᠴᠠᠭᠤᠯᠭ᠎ᠠ ᠵᠡᠷᠭᠡ ᠦᠶ᠋ᠯᠡᠴᠢᠯᠡᠭᠡ᠎ᠶ᠋ᠢ ᠨᠡᠢᠲᠡ 2.46 ᠲᠦᠮᠡᠨ ᠬᠥᠮᠦᠨ ᠤᠳᠠᠭ᠎ᠠ ᠬᠠᠩᠭᠠᠵᠤ᠂ ᠠᠵᠢᠯ ᠠᠯᠳᠠᠭ᠍ᠰᠠᠨ ᠳᠠᠭᠠᠳᠭᠠᠯ᠎ᠤᠨ ᠬᠠᠷᠠᠭᠠᠯᠵᠠᠯ ᠢ᠋ 8918.3 ᠲᠦᠮᠡᠨ ᠲᠥᠭᠥᠷᠢᠭ ᠲᠠᠷᠬᠠᠭᠠᠵᠠᠢ; 1.77 ᠲᠦᠮᠡᠨ ᠬᠦᠯᠤᠰᠤᠨ ᠮᠠᠯᠴᠢᠨ ᠲᠠᠷᠢᠶᠠᠴᠢᠨ᠎ᠤ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ᠎ᠢᠶᠠᠨ ᠰᠡᠷᠭᠦᠭᠡᠬᠦ᠌᠎ᠳᠦ ᠬᠦᠴᠦ᠍ᠨ ᠨᠡᠮᠡᠷᠢᠯᠡᠵᠦ᠍᠂ ᠬᠥᠳᠡᠭᠡ ᠲᠣᠰᠭᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ 1540 ᠨᠡᠭᠡᠭᠡᠨ ᠬᠥᠭ᠌ᠵᠢᠭᠦᠯᠵᠦ᠍᠂ 1137 ᠬᠦᠯᠤᠰᠤᠨ ᠮᠠᠯᠴᠢᠨ ᠲᠠᠷᠢᠶᠠᠴᠢᠨ ᠲᠤᠬᠠᠶ᠎ᠶ᠋ᠢᠨ ᠭᠠᠵᠠᠷ ᠣᠢᠷ᠎ᠠ ᠬᠠᠪᠢ᠎ᠳᠠᠭᠠᠨ ᠠᠵᠢᠯ ᠤᠯᠬᠤ᠎ᠶ᠋ᠢ ᠠᠬᠢᠭᠤᠯᠵᠠᠢ᠃ ᠠᠮᠢᠳᠤᠯᠢᠭ ᠠᠵᠢᠯ ᠣᠯᠭᠣᠯᠲᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠨᠥᠬᠥᠪᠥᠷᠢ᠎ᠶ᠋ᠢ ᠭᠦᠢᠴᠡᠳᠭᠡᠬᠦ᠌᠎ᠶ᠋ᠢ ᠱᠢᠯᠢᠳᠡᠭ᠌ᠵᠢᠭᠦᠯᠵᠦ᠍᠂ ᠠᠵᠢᠯ ᠤᠯᠬᠤ᠎ᠳᠤ ᠬᠦᠴᠢᠷᠲᠡᠢ ᠬᠥᠮᠦᠰ ᠦᠨ ᠦᠨᠳᠦᠰᠦᠨ ᠵᠦᠢᠯ ᠢ ᠪᠠᠲᠤᠯᠠᠬᠤ᠎ᠶ᠋ᠢ ᠴᠢᠩᠭᠠᠳᠭᠠᠵᠤ᠂ ᠨᠠᠷᠢᠯᠢᠭ ᠣᠨᠣᠴᠠᠲᠠᠢ ᠦᠢᠯᠡᠴᠢᠯᠡᠭᠡ ᠪᠡᠷ ᠠᠷᠠᠳ ᠤᠨ ᠠᠮᠢᠳᠤᠷᠠᠯ ᠤᠨ ᠰᠠᠭᠤᠷᠢ᠎ᠶ᠋ᠢ ᠪᠡᠬᠢᠵᠢᠭᠦᠯᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号