ᠤᠢᠷ᠎ᠠ᠎ᠳᠤ᠂ ᠲᠦᠩᠯᠢᠶᠣᠤ ᠬᠣᠲᠠ᠎ᠶ᠋ᠢᠨ 36 ᠳ᠋ᠠᠬᠢ ᠪᠥᠬᠥ᠌ ᠤᠯᠤᠰ᠎ᠤᠨ ᠵᠡᠮᠳᠡᠭ᠌ᠴᠦᠳ᠎ᠢ ᠲᠤᠰᠠᠯᠠᠬᠤ ᠡᠳᠦᠷ ᠵᠢᠴᠢ ᠨᠡᠢᠲᠡ ᠶ᠋ᠢᠨ ᠠᠰᠠᠷᠠᠮᠵᠢ᠎ᠶ᠋ᠢᠨ ᠵᠡᠮᠳᠡᠭ᠌ᠴᠦᠳ᠎ᠢ ᠲᠤᠰᠠᠯᠠᠬᠤ ᠠᠵᠢᠯᠯᠠᠭ᠎ᠠ ᠵᠢᠩᠬᠢᠨᠢ᠎ᠪᠡᠷ ᠶᠠᠪᠤᠭ᠍ᠳᠠᠵᠤ᠂ 《ᠵᠡᠮᠳᠡᠭ᠌ᠴᠦᠳ᠎ᠦᠨ ᠡᠷᠬᠡ ᠲᠡᠭ᠌ᠰᠢ ᠡᠷᠬᠡ ᠠᠱᠢᠭ᠎ᠢ ᠪᠠᠲᠤᠯᠠᠵᠤ᠂ ᠵᠡᠮᠳᠡᠭ᠌ᠴᠦᠳ᠎ᠦᠨ ᠠᠭᠤᠰᠤᠯᠴᠠᠨ ᠬᠥᠭ᠌ᠵᠢᠬᠦ᠌ ᠶ᠋ᠢ ᠠᠬᠢᠭᠤᠯᠬᠤ》 ᠪᠥᠬᠥ᠌ ᠤᠯᠤᠰ᠎ᠤᠨ ᠵᠡᠮᠳᠡᠭ᠌ᠴᠦᠳ ᠢ ᠲᠤᠰᠠᠯᠠᠬᠤ ᠡᠳᠦᠷ᠎ᠦᠨ ᠭᠤᠤᠯ ᠰᠡᠳᠦᠪ᠎ᠦᠨ ᠲᠣᠭᠣᠷᠢᠨ᠎ᠳᠤ᠂ ᠣᠯᠠᠨ ᠲᠠᠯ᠎ᠠ᠎ᠶ᠋ᠢᠨ ᠵᠡᠮᠳᠡᠭ᠌ᠴᠦᠳ ᠢ ᠲᠤᠰᠠᠯᠠᠬᠤ ᠡᠬᠢ ᠪᠠᠶᠠᠯᠢᠭ᠎ᠢ ᠲᠥᠪᠯᠡᠷᠡᠭᠦᠯᠦᠨ ᠡᠮᠬᠢᠯᠡᠨ ᠨᠡᠢᠯᠡᠭᠦᠯᠵᠦ᠍᠂ ᠵᠡᠮᠳᠡᠭᠴᠤᠳ᠎ᠲᠤ ᠬᠠᠪᠰᠤᠷᠤᠯᠭ᠎ᠠ ᠳᠡᠮᠵᠢᠯᠭᠡ ᠦᠵᠡᠭᠦᠯᠪᠡ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠬᠠᠢᠷ᠎ᠠ ᠬᠠᠯᠠᠮᠵᠢᠲᠦ ᠵᠣᠬᠢᠶᠠᠨ ᠪᠠᠢᠭᠤᠯᠤᠯᠲᠠ᠎ᠶ᠋ᠢᠨ ᠬᠠᠨᠳᠢᠪᠯᠠᠭ᠍ᠰᠠᠨ ᠡᠳ᠋ ᠪᠣᠳᠠᠰ ᠤᠨ ᠵᠣᠭᠣᠰ ᠤᠨ ᠥᠷᠲᠡᠭ ᠨᠢ ᠨᠡᠢᠲᠡ 1200 ᠭᠠᠷᠤᠶ ᠲᠦᠮᠡᠨ ᠲᠥᠭᠥᠷᠢᠭ᠎ᠲᠦ ᠬᠦᠷᠴᠦ᠍᠂ ᠵᠡᠮᠳᠡᠭ᠌ᠴᠦᠳ᠎ᠢ ᠲᠤᠰᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠬᠠᠮᠢᠶ᠎ᠠ ᠪᠥᠬᠥᠶ ᠲᠥᠯᠥᠭᠡᠯᠡᠭ᠌ᠴᠢ ᠳᠦ ᠤᠷᠢᠯᠭ᠎ᠠ᠎ᠶ᠋ᠢᠨ ᠪᠢᠴᠢᠭ ᠪᠠ ᠰᠠᠢᠱᠢᠶᠠᠯ᠎ᠤᠨ ᠫᠠᠢᠰᠠ ᠢᠯᠡᠷᠬᠡᠢᠯᠡᠯ ᠭᠠᠷᠳᠠᠭᠤᠯᠪᠠ᠃ ᠲᠤᠬᠠᠶ᠎ᠶ᠋ᠢᠨ ᠲᠠᠯᠠᠪᠠᠶ᠎ᠳᠤ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠳᠡᠯᠭᠡᠨ ᠪᠣᠷᠣᠯᠠᠭᠤᠯᠬᠤ᠂ ᠵᠡᠮᠳᠡᠭ᠌ᠴᠦᠳ᠎ᠲᠦ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ᠂ ᠡᠷᠡᠭᠦᠯᠵᠢᠯ᠎ᠦᠨ ᠠᠯᠪᠠᠨ ᠵᠢᠷᠤᠮ᠎ᠤᠨ ᠡᠮᠴᠢᠯᠡᠭᠡ ᠵᠢᠴᠢ ᠠᠵᠢᠯ ᠣᠯᠭᠣᠯᠲᠠ᠎ᠶ᠋ᠢᠨ ᠠᠵᠢᠯᠲᠠᠨ ᠡᠯᠰᠡᠬᠦ᠌ ᠳᠥᠷᠪᠡᠨ ᠶᠡᠬᠡ ᠦᠶ᠋ᠯᠡᠴᠢᠯᠡᠭᠡᠨ᠎ᠦ ᠲᠤᠰᠭᠠᠶ ᠲᠣᠭᠣᠷᠢᠭ ᠭᠠᠷᠭᠠᠵᠤ᠂ ᠵᠡᠮᠳᠡᠭᠴᠤᠳ᠎ᠤᠨ ᠠᠮᠢᠳᠤᠷᠠᠯ᠎ᠤᠨ ᠦᠶ᠋ᠯᠡᠴᠢᠯᠡᠭᠡ᠂ ᠡᠷᠬᠡ ᠠᠱᠢᠭ᠎ᠤᠨ ᠪᠠᠲᠤᠯᠠᠭ᠎ᠠ᠂ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠵᠡᠷᠭᠡ ᠣᠯᠠᠨ ᠬᠠᠷᠠᠭᠠᠰᠤ᠎ᠶ᠋ᠢ ᠬᠠᠮᠤᠷᠪᠠ᠃
ᠲᠤᠬᠠᠢ ᠵᠢᠨ ᠡᠳᠦᠷ ᠲᠤ᠂ ᠲᠦᠩᠯᠢᠶᠤᠤ ᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠠᠴᠠ ᠭᠤᠤᠯᠯᠠᠨ ᠡᠷᠭᠢᠯᠡᠭ᠌ᠰᠡᠨ ᠲᠦᠩᠯᠢᠶᠣᠤ ᠬᠣᠲᠠ᠎ᠶ᠋ᠢᠨ 《ᠥᠪᠡᠷ᠎ᠢ᠎ᠪᠡᠨ ᠬᠦᠴᠦᠷᠬᠡᠭ᠌ᠵᠢᠭᠦᠯᠬᠦ᠌ ᠬᠤᠨᠳᠠᠭᠠᠲᠤ》 ᠲᠠᠭᠤᠤ ᠵᠢᠨ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠴᠦ᠍ ᠵᠡᠷᠭᠡ ᠪᠡᠷ ᠶᠠᠪᠤᠭ᠍ᠳᠠᠵᠤ᠂ 18 ᠨᠡᠷᠡᠰ ᠵᠡᠮᠳᠡᠭ᠌ᠴᠦᠳᠬᠠᠮᠲᠤᠪᠠᠷ ᠲᠣᠭ᠍ᠯᠠᠯᠲᠠ ᠭᠠᠷᠭᠠᠵᠤ᠂ ᠢᠷᠠᠭᠤ ᠳᠠᠭᠤᠤ᠎ᠪᠠᠷ᠎ᠢᠶᠠᠨ ᠰᠠᠢᠨ ᠰᠠᠢᠬᠠᠨ ᠠᠮᠢᠳᠤᠷᠠᠯ᠎ᠤᠨ ᠲᠤᠬᠠᠶ ᠬᠠᠯᠠᠭᠤᠨ ᠬᠦᠰᠡᠯ ᠡᠷᠡᠮᠡᠯᠵᠡᠯ᠎ᠢᠶᠡᠨ ᠢᠯᠡᠳᠭᠡᠵᠦ᠍᠂ ᠵᠡᠮᠳᠡᠭ᠌ᠴᠦᠳ ᠦᠨ ᠪᠠᠶᠠᠰᠤᠩᠭᠤᠶ ᠥᠭᠡᠳᠡᠷᠬᠡᠭ ᠣᠶᠤᠨ ᠰᠠᠨᠠᠭᠠᠨ᠎ᠤ ᠳᠦᠷᠰᠦ ᠪᠠᠢᠳᠠᠯ ᠵᠢᠡᠨ ᠭᠦᠶ᠋ᠴᠡᠳ ᠢᠯᠡᠷᠡᠭᠦᠯᠪᠡ᠃