ᠦᠨᠳᠦᠰᠦᠨ ᠱᠠᠲᠤᠨ᠎ᠤ ᠠᠵᠢᠯ ᠣᠯᠭᠣᠯᠳᠠ ᠵᠢᠨ ᠦᠶ᠋ᠯᠡᠴᠢᠯᠡᠭᠡᠨ᠎ᠦ ᠥᠷᠲᠡᠭᠡ᠎ᠶ᠋ᠢ 18 ᠱᠢᠨ᠎ᠡ᠎ᠪᠡᠷ ᠪᠠᠢᠭᠤᠯᠪᠠ
2026-05-21 16:38:25
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ ᠱᠢᠯᠢ᠎ᠶ᠋ᠢᠨ ᠭᠤᠤᠯ ᠠᠢᠮᠠᠭ ᠲᠣᠭᠠᠴᠢᠯᠠᠭ᠍ᠰᠠᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠰ ᠳᠡᠪᠱᠢᠯᠳᠡ᠎ᠶ᠋ᠢ ᠲᠦᠷᠭᠡᠳᠭᠡᠵᠦ᠍᠂ ᠳᠥᠭᠥᠮ ᠳᠥᠲᠡ ᠥᠨᠳᠥᠷ ᠪᠦᠲᠦᠮᠵᠢᠲᠡᠶ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠪᠠ᠃ 

ᠤᠢᠯᠠᠭᠠᠭᠰᠠᠨ ᠶ᠋ᠢᠡᠷ᠂ 《ᠱᠢᠯᠢ᠎ᠶ᠋ᠢᠨ ᠭᠤᠤᠯ ᠤ᠋ᠨ ᠠᠵᠢᠯ ᠣᠯᠭᠣᠯᠲᠠ 》 ᠨᠢᠭᠡ ᠴᠣᠭ᠍ᠴᠠᠵᠢᠭ᠍ᠰᠠᠨ ᠲᠠᠪᠴᠠᠩ᠎ᠢ ᠰᠦᠯᠵᠢᠶᠡᠨ᠎ᠳᠦ ᠭᠠᠷᠭᠠᠵᠤ᠂ ᠠᠵᠢᠯ᠎ᠤᠨ ᠪᠠᠢᠷᠢ᠎ᠶ᠋ᠢ ᠨᠡᠢᠲᠡᠯᠡᠬᠦ᠌᠂ ᠣᠶᠤᠨᠴᠢ᠎ᠪᠠᠷ ᠵᠣᠬᠢᠴᠠᠭᠤᠯᠬᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠭᠡᠬᠦ᠌ ᠴᠢᠳᠠᠮᠵᠢ᠎ᠲᠠᠶ ᠪᠣᠯᠭᠠᠵᠤ᠂ ᠨᠡᠢᠲᠡ 1012 ᠠᠵᠢᠯ᠎ᠤᠨ ᠪᠠᠢᠷᠢ᠎ᠶ᠋ᠢ ᠨᠡᠢᠲᠡᠯᠡᠵᠦ᠍᠂ ᠠᠵᠢᠯ ᠡᠷᠢᠭ᠌ᠰᠡᠳ ᠬᠡᠷ᠎ᠡᠴᠡ᠎ᠪᠡᠨ ᠭᠠᠷᠬᠤ ᠥᠬᠡᠶ᠎ᠪᠡᠷ ᠠᠵᠢᠯ ᠡᠷᠢᠵᠦ᠍ ᠂ ᠲᠤᠬᠠᠢᠯᠠᠭ᠍ᠰᠠᠨ ᠠᠵᠢᠯ᠎ᠢᠶᠠᠨ ᠭᠦᠶ᠋ᠴᠡᠳᠭᠡᠵᠦ᠍ ᠪᠣᠯᠤᠨ᠎ᠠ᠃

 ᠰᠢᠯᠢ ᠵᠢᠨ ᠭᠤᠤᠯ ᠠᠢᠮᠠᠬ᠂ ᠦᠨᠳᠦᠰᠦᠨ ᠱᠠᠲᠤᠨ᠎ᠤ ᠠᠵᠢᠯ ᠣᠯᠭᠣᠯᠳᠠ ᠵᠢᠨ ᠦᠶ᠋ᠯᠡᠴᠢᠯᠡᠭᠡᠨ ᠎ᠦ ᠥᠷᠲᠡᠭᠡ᠎ᠶ᠋ᠢ 18 ᠱᠢᠨ᠎ᠡ᠎ᠪᠡᠷ ᠪᠠᠢᠭᠤᠯᠵᠤ᠂ ᠠᠢᠮᠠᠭ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ᠂ ᠭᠠᠴᠠᠭ᠎ᠠ ᠲᠣᠰᠭᠣᠨ ᠳᠥᠷᠪᠡᠨ ᠱᠠᠲᠤᠨ᠎ᠤ ᠠᠵᠢᠯ ᠣᠯᠭᠣᠬᠤ ᠦᠶ᠋ᠯᠡᠴᠢᠯᠡᠭᠡᠨ᠎ᠦ ᠲᠤᠤᠷ ᠰᠦᠯᠵᠢᠶ᠎ᠡ᠎ᠶ᠋ᠢ ᠪᠠᠢᠭᠤᠯᠵᠤ᠂ ᠲᠤᠬᠠᠢᠯᠠᠭ᠍ᠰᠠᠨ ᠠᠵᠢᠯ᠎ᠢ ᠳᠣᠷᠣᠭ᠍ᠰᠢ ᠪᠠᠭᠤᠯᠭᠠᠬᠤ᠎ᠶ᠋ᠢ ᠠᠬᠢᠭᠤᠯᠵᠤ᠂ ᠣᠢᠷ᠎ᠠ ᠬᠠᠪᠢ᠎ᠶ᠋ᠢᠨ ᠠᠵᠢᠯ ᠣᠯᠭᠣᠯᠳᠠ ᠵᠢᠨ ᠦᠶ᠋ᠯᠡᠴᠢᠯᠡᠭᠡᠨ᠎ᠦ ᠲᠣᠭᠣᠷᠢᠭ᠎ᠢ ᠪᠠᠢᠭᠤᠯᠵᠠᠢ᠃ AI ᠮᠡᠷᠭᠡᠵᠢᠯ᠎ᠢ ᠠᠱᠢᠭ᠍ᠯᠠᠨ 《ᠵᠢᠷᠭᠤᠭ᠎ᠠ᠎ᠶ᠋ᠢ ᠣᠷᠣᠭᠤᠯᠬᠤ》 ᠤᠬᠠᠭᠤᠯᠭ᠎ᠠ ᠥᠷᠨᠢᠭᠦᠯᠵᠦ᠍᠂ ᠣᠯᠠᠨ ᠲᠦᠮᠡᠨ᠎ᠢ 10 ᠲᠦᠮᠡᠨ ᠬᠥᠮᠦᠨ ᠤᠳᠠᠭ᠎ᠠ᠎ᠶ᠋ᠢ ᠪᠦᠷᠬᠦᠪᠡ᠃ ᠰᠦᠯᠵᠢᠶᠡᠨ ᠳᠡᠭᠡᠷ᠎ᠡ ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌᠂ ᠪᠤᠲᠠᠲᠤ ᠴᠤᠭᠴᠠ ᠳ᠋ᠤ ᠣᠢᠷ᠎ᠠ ᠬᠠᠪᠢ᠎ᠳᠤᠨᠢ ᠦᠶ᠋ᠯᠡᠴᠢᠯᠡᠬᠦ᠌᠎ᠪᠡᠷ ᠠᠵᠢᠯ ᠣᠯᠭᠣᠬᠤ ᠦᠶ᠋ᠯᠡᠴᠢᠯᠡᠭᠡᠨ᠎ᠦ ᠲᠥᠬᠥᠮ᠎ᠦᠨ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠲᠥᠬᠥᠮ ᠦᠵᠡᠭᠦᠯᠬᠦ᠌ ᠠᠵᠢᠯ ᠣᠯᠭᠣᠬᠤ ᠦᠶ᠋ᠯᠡᠴᠢᠯᠡᠭᠡᠨ᠎ᠦ ᠡᠴᠦᠰ᠎ᠦᠨ ᠨᠢᠭᠡ ᠺᠢᠯᠣᠮᠧᠲ᠋ᠷ᠎ᠢ ᠨᠡᠪᠲᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠠᠢ᠃ 




     

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号