ᠡᠨᠡ ᠵᠢᠯ ᠬᠤᠷᠠᠯᠳᠤᠭᠤᠯᠤᠭ᠍ᠰᠠᠨ ᠥᠪᠥᠷ ᠮᠣᠩᠭᠣᠯ᠎ᠤᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠤᠷᠠᠯ᠎ᠤᠨ ᠳᠥᠷᠪᠡᠳᠦᠭᠡᠷ ᠬᠤᠭᠤᠴᠠᠭᠠᠨ᠎ᠤ ᠭᠡᠱᠢᠭᠦᠳ᠎ᠦᠨ ᠶᠡᠬᠡ ᠬᠤᠷᠠᠯ᠎ᠤᠨ ᠬᠣᠶᠠᠳᠤᠭᠠᠷ ᠤᠳᠠᠭᠠᠨ᠎ᠤ ᠬᠡᠷᠡᠭ ᠡᠷᠬᠢᠯᠡᠭ᠌ᠴᠢᠳ᠎ᠦᠨ ᠬᠤᠷᠠᠯ ᠳᠡᠭᠡᠷ᠎ᠡ᠂ ᠱᠢᠯᠢᠩᠬᠣᠲᠠ᠎ᠶ᠋ᠢᠨ ᠠᠮᠤᠷ᠎ᠢ ᠬᠠᠮᠠᠭᠠᠯᠠᠬᠤ ᠲᠥᠪ᠎ᠦᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠴᠦ ᠶᠠᠨ ᠱᠢᠤᠸᠠᠢ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠡᠷᠢᠭᠦᠨ᠎ᠦ ᠬᠤᠪᠢ ᠬᠥᠮᠦᠨ》 ᠤ᠋ ᠢᠷᠠᠭᠤ ᠠᠯᠳᠠᠷ᠎ᠢ ᠭᠥᠷᠳᠡᠪᠡ᠃
ᠥᠪᠥᠷ ᠮᠣᠩᠭᠣᠯ᠎ᠤᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠤᠷᠠᠯ ᠪᠣᠯ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠭᠤᠤᠯᠴᠢᠯᠠᠨ ᠬᠠᠮᠢᠶᠠᠷᠴᠤ᠌᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠵᠥᠪᠱᠢᠶᠡᠷᠡᠨ ᠪᠠᠢᠭᠤᠯᠤᠭ᠍ᠰᠠᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠤᠨ᠎ᠠ᠃ ᠲᠣᠰ ᠵᠣᠬᠢᠶᠠᠨ ᠪᠠᠢᠭᠤᠯᠤᠯᠲᠠ᠎ᠨᠢ ᠡᠯ᠎ᠡ ᠬᠣᠱᠢᠭᠤ ᠱᠢᠶᠠᠨ ᠤ ᠠᠵᠤ ᠠᠬᠤᠶ᠎ᠶ᠋ᠢᠨ ᠰᠤᠳᠤᠯᠭᠠᠨ᠂ ᠠᠬᠢᠭᠤᠯᠬᠤ᠂ ᠬᠥᠭ᠌ᠵᠢᠭᠦᠯᠬᠦ᠌ ᠡᠯ᠎ᠡ ᠲᠠᠯ᠎ᠠ ᠶ᠋ᠢᠨ ᠬᠦᠴᠦᠨ ᠢ ᠡᠮᠬᠢᠯᠡᠨ ᠨᠡᠢᠯᠡᠭᠦᠯᠬᠦ᠌᠎ᠪᠡᠷ ᠵᠣᠷᠢᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠣᠱᠢᠭᠤ ᠱᠢᠶᠠᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠣᠨᠣᠯ ᠬᠢᠭᠡᠳ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠢ ᠰᠤᠳᠤᠯᠵᠤ᠂ ᠬᠣᠱᠢᠭᠤ ᠱᠢᠶᠠᠨ ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠡᠷᠢᠭᠦᠨ᠎ᠦ ᠲᠤᠷᠱᠢᠯᠭ᠎ᠠ᠎ᠶ᠋ᠢ ᠳ᠋ᠦᠩᠨᠡᠨ ᠳᠡᠯᠭᠡᠷᠡᠭᠦᠯᠵᠦ᠍᠂ ᠱᠢᠶᠠᠨ ᠤ ᠬᠡᠪᠴᠢᠶᠡᠨ ᠦ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ ᠪᠠ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠵᠦ᠍᠂ ᠬᠣᠲᠠ ᠬᠥᠳᠡᠭᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃
ᠴᠦ ᠶᠠᠨ ᠱᠢᠤᠸᠠᠢ᠂ ᠲᠠᠷᠠᠭᠠᠴᠢ᠎ᠶ᠋ᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ᠎ᠤ ᠱᠢᠶᠠᠨ᠎ᠤ ᠬᠡᠪᠴᠢᠶᠡᠨ᠎ᠦ ᠠᠵᠤ ᠠᠬᠤᠶ ᠶ᠋ᠢᠨ ᠬᠥᠭ᠌ᠵᠢᠯᠲᠡ᠎ᠶ᠋ᠢ ᠠᠬᠢᠭᠤᠯᠬᠤ ᠬᠤᠷᠠᠯ᠎ᠤᠨ ᠡᠯ᠎ᠡ ᠵᠦᠶ᠋ᠯ᠎ᠦᠨ ᠠᠵᠢᠯ᠎ᠢ ᠦᠷᠭᠦᠯᠵᠢᠯᠡᠨ ᠠᠩᠬᠠᠷᠤᠨ ᠳᠡᠮᠵᠢᠵᠦ᠍᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠦᠯᠬᠦᠮ ᠢ ᠳᠠᠭᠠᠭᠤᠯᠤᠨ ᠨᠠᠩ ᠣᠷᠭᠢᠯᠤᠮ᠎ᠠ ᠬᠠᠯᠠᠭᠤᠨ ᠰᠡᠳᠭᠢᠯᠭᠡ᠂ ᠨᠠᠩ ᠪᠣᠳᠠᠲᠠᠶ᠎ᠶ᠋ᠢ ᠡᠷᠬᠢᠮᠯᠡᠬᠦ᠌ ᠠᠵᠢᠯ ᠤᠨ ᠰᠤᠷᠲᠠᠯ᠎ᠢᠶᠠᠷ᠂ ᠠᠬᠢᠭᠤᠯᠬᠤ ᠬᠤᠷᠠᠯ᠎ᠠᠴᠠ ᠪᠠᠢᠷᠢᠯᠠᠭᠤᠯᠤᠭ᠍ᠰᠠᠨ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ᠂ ᠬᠠᠪᠰᠤᠷᠤᠨ ᠲᠡᠳᠬᠦᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌᠂ ᠤᠢᠷ᠎ᠠ ᠤᠬᠳᠠᠷᠭᠤᠢ ᠵᠢᠨ ᠠᠵᠤ ᠦᠶ᠋ᠯᠡᠰ᠎ᠦᠨ ᠬᠥᠭ᠌ᠵᠢᠯᠲᠡ ᠵᠡᠷᠭᠡ ᠭᠤᠤᠯᠳᠠᠯᠭ᠎ᠠ᠎ᠲᠠᠶ ᠠᠵᠢᠯ᠎ᠢ ᠢᠳᠡᠪᠬᠢᠲᠡᠶ ᠭᠥᠯᠢᠶᠡᠨ ᠠᠪᠴᠤ᠌᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠶᠠᠨ᠎ᠤ ᠬᠡᠪᠴᠢᠶᠡᠨ ᠦ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃