(2026 ᠣᠨ᠎ᠤ 5 ᠰᠠᠷ᠎ᠠ᠎ᠶ᠋ᠢᠨ 21 ᠤ᠋ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠢ᠍ᠮᠠᠳᠤᠭᠠᠷ ᠬᠤᠷᠠᠯ᠎ᠡᠴᠡ ᠪᠠᠲᠤᠯᠠᠪᠠ)
《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠤ ᠵᠣᠬᠢᠶᠠᠨ ᠪᠠᠢᠭᠤᠯᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠰᠣᠩᠭᠣᠭᠤᠯᠢ ᠶ᠋ᠢᠨ ᠬᠠᠤᠯᠢ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠣᠩᠭᠣᠭᠤᠯᠢ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ》 ᠤ᠋ᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠡᠴᠡ ᠪᠦᠬᠦ᠌ ᠣᠷᠣᠨ᠎ᠤ ᠰᠤᠮᠤ ᠱᠢᠶᠠᠩ ᠪᠠᠯᠭᠠᠰᠤ᠂ ᠬᠣᠱᠢᠭᠤ ᠱᠢᠶᠠᠨ (ᠬᠣᠲᠠ᠂ ᠲᠣᠭᠣᠷᠢᠭ) ᠪᠣᠯᠤᠨ ᠲᠣᠭᠣᠷᠢᠭ ᠪᠠᠢᠭᠤᠯᠤᠬᠰᠡᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠴᠠᠭ᠎ᠢ ᠳᠣᠣᠷᠠᠬᠢ ᠮᠡᠲᠦ ᠲᠣᠭ᠍ᠲᠠᠭᠠᠪᠠ ᠄
ᠨᠢᠭᠡ᠂ ᠰᠤᠮᠤ ᠱᠢᠶᠠᠩ ᠪᠠᠯᠭᠠᠰᠤ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠣᠩᠭᠣᠭᠤᠯᠢ᠎ᠶ᠋ᠢ 2026 ᠣᠨ᠎ᠤ 11 ᠰᠠᠷ᠎ᠠ᠎ᠶ᠋ᠢᠨ 10 ᠡᠴᠡ 11 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠶᠠᠪᠤᠭ᠍ᠳᠠᠭᠤᠯᠤᠨ᠎ᠠ᠃ ᠰᠤᠮᠤ ᠱᠢᠶᠠᠩ ᠪᠠᠯᠭᠠᠰᠤ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠢ 2026 ᠣᠨ᠎ᠤ 12 ᠰᠠᠷ᠎ᠠ᠎ᠶ᠋ᠢᠨ 10 ᠡᠴᠡ ᠡᠮᠦᠨ᠎ᠡ ᠬᠤᠷᠠᠯᠳᠤᠭᠤᠯᠤᠨ᠎ᠠ᠃
ᠬᠣᠶᠠᠷ᠂ ᠬᠣᠱᠢᠭᠤ ᠱᠢᠶᠠᠨ (ᠬᠣᠲᠠ᠂ ᠲᠣᠭᠣᠷᠢᠭ) ᠤ᠋ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠰᠣᠩᠭᠣᠭᠤᠯᠢ᠎ᠶ᠋ᠢ 2026 ᠣᠨ᠎ᠤ 11 ᠰᠠᠷ᠎ᠠ᠎ᠶ᠋ᠢᠨ 10 ᠡᠴᠡ 11 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠶᠠᠪᠤᠭ᠍ᠳᠠᠭᠤᠯᠤᠨ᠎ᠠ᠃ ᠬᠣᠱᠢᠭᠤ ᠱᠢᠶᠠᠨ (ᠬᠣᠲᠠ᠂ ᠲᠣᠭᠣᠷᠢᠭ) ᠤ᠋ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠢ 2026 ᠣᠨ᠎ᠤ 12 ᠰᠠᠷ᠎ᠠ᠎ᠶ᠋ᠢᠨ 10 ᠡᠴᠡ 2027 ᠣᠨ᠎ᠤ 1 ᠰᠠᠷ᠎ᠠ᠎ᠶ᠋ᠢᠨ 10 ᠡᠴᠡ ᠡᠮᠦᠨ᠎ᠡ ᠬᠤᠷᠠᠯᠳᠤᠭᠤᠯᠬᠤ᠎ᠶ᠋ᠢᠨ ᠬᠠᠮᠲᠤ ᠲᠣᠭᠣᠷᠢᠭ ᠪᠠᠢᠭᠤᠯᠤᠭ᠍ᠰᠠᠨ ᠬᠣᠲᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠨ ᠭᠠᠷᠭᠠᠨ᠎ᠠ᠃
ᠭᠤᠷᠪᠠ᠂ ᠲᠣᠭᠣᠷᠢᠭ ᠪᠠᠢᠭᠤᠯᠤᠭ᠍ᠰᠠᠨ ᠬᠤᠳᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠢ 2027 ᠣᠨ᠎ᠤ 2 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠬᠤᠷᠠᠯᠳᠤᠭᠤᠯᠤᠨ᠎ᠠ᠃