(2026 ᠣᠨ᠎ᠤ 5 ᠰᠠᠷ᠎ᠠ᠎ᠶ᠋ᠢᠨ 21᠎ᠤ᠋ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ ᠶ᠋ᠢᠨ ᠬᠣᠷᠢᠶ᠎ᠠ᠎ᠶᠢᠨ ᠬᠣᠷᠢᠨ ᠨᠠᠢ᠍ᠮᠠᠳᠤᠭᠠᠷ ᠬᠤᠷᠠᠯ᠎ᠡᠴᠡ ᠪᠠᠲᠤᠯᠠᠪᠠ)
《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ ᠬᠠᠤᠯᠢ》᠎ᠶ᠋ᠢᠨ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠡᠴᠡ ᠪᠦᠬᠦ᠌ ᠣᠷᠣᠨ᠎ᠤ ᠬᠣᠱᠢᠭᠤ ᠱᠢᠶᠠᠨ (ᠬᠣᠲᠠ᠂ ᠲᠣᠭᠣᠷᠢᠭ) ᠤ᠋ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠪᠦᠷᠢᠯᠳᠦᠬᠦᠨ᠎ᠦ ᠣᠷᠣᠨ ᠲᠣᠭ᠎ᠠ᠎ᠶ᠋ᠢ ᠳᠣᠣᠷᠠᠬᠢ ᠮᠡᠲᠦ ᠲᠣᠭ᠍ᠲᠠᠭᠠᠪᠠ᠄
ᠨᠢᠭᠡ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠂ ᠰᠠᠢᠬᠠᠨ ᠲᠣᠭᠣᠷᠢᠭ᠂ ᠲᠦᠮᠡᠳ ᠵᠡᠭᠦᠨ ᠬᠣᠱᠢᠭᠤ; ᠪᠤᠭᠤᠲᠤ ᠬᠣᠲᠠ᠎ᠶ᠋ᠢᠨ ᠳ᠋ᠦᠩ ᠾᠧ ᠲᠣᠭᠣᠷᠢᠭ᠂ ᠬᠥᠨᠳᠡᠯᠡᠨ ᠲᠣᠭᠣᠷᠢᠭ᠂ ᠴᠢᠩᠱᠠᠨ ᠲᠣᠭᠣᠷᠢᠭ᠂ ᠲᠦᠮᠡᠳ ᠪᠠᠷᠠᠭᠤᠨ ᠬᠣᠱᠢᠭᠤ; ᠬᠥᠯᠥᠨ ᠪᠣᠢᠷ ᠬᠣᠲᠠ᠎ᠶ᠋ᠢᠨ ᠵᠠᠯᠠᠨ ᠠᠢᠯ ᠬᠣᠲᠠ; ᠬᠢᠩᠭᠠᠨ ᠠᠢᠮᠠᠭ᠎ᠤᠨ ᠵᠠᠯᠠᠢᠳ ᠬᠣᠱᠢᠭᠤ; ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ᠂ ᠺᠠᠢᠯᠦ᠍ ᠱᠢᠶᠠᠨ᠂ ᠨᠠᠶ᠋ᠮᠠᠨ ᠬᠣᠱᠢᠭᠤ; ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠂ ᠣᠩᠨᠢᠭᠤᠳ ᠬᠣᠱᠢᠭᠤ᠂ ᠨᠢᠩᠴᠧᠩ ᠱᠢᠶᠠᠨ᠂ ᠠᠤᠬᠠᠨ ᠬᠣᠱᠢᠭᠤ; ᠣᠷᠳᠣᠰ ᠬᠣᠲᠠ᠎ᠶ᠋ᠢᠨ ᠳᠠᠯᠠᠳ ᠬᠣᠱᠢᠭᠤ; ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ ᠵᠡᠷᠭᠡ 20 ᠬᠣᠱᠢᠭᠤ ᠱᠢᠶᠠᠨ (ᠬᠣᠲᠠ᠂ ᠲᠣᠭᠣᠷᠢᠭ) ᠵᠢᠴᠢ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠪᠦᠷᠢᠯᠳᠦᠬᠦᠨ᠎ᠦ ᠤᠷᠤᠨ ᠲᠣᠭ᠎ᠠ᠎ᠨᠢ 35 ᠬᠥᠮᠦᠨ ᠪᠣᠯᠤᠨ᠎ᠠ᠃
ᠬᠣᠶᠠᠷ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠂ ᠢᠤᠢ᠍ᠢᠴᠢᠤᠸᠠᠨ ᠲᠣᠭᠣᠷᠢᠭ᠂ ᠲᠣᠭ᠍ᠲᠠᠬᠤ ᠱᠢᠶᠠᠨ᠂ ᠬᠣᠷᠢᠨᠭᠡᠷ ᠱᠢᠶᠠᠨ᠂ ᠦᠴᠦᠸᠠᠨ ᠱᠢᠶᠠᠨ; ᠪᠤᠭᠤᠲᠤ ᠬᠣᠲᠠ᠎ᠶ᠋ᠢᠨ ᠵᠢᠦ ᠶᠤᠸᠠᠨ ᠲᠣᠭᠣᠷᠢᠭ᠂ ᠭᠦᠶᠡᠩ ᠱᠢᠶᠠᠨ; ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠂ ᠠᠷᠤᠨ ᠬᠣᠱᠢᠭᠤ᠂ ᠮᠣᠷᠢᠨᠳᠠᠪᠠᠭ᠎ᠠ᠎ᠶᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ᠂ ᠣᠷᠴᠣᠨ᠎ᠤ ᠥᠪᠡᠷᠲᠡᠭᠡᠨ ᠵᠠᠰᠠᠬᠤ ᠬᠣᠱᠢᠭᠤ᠂ ᠶᠠᠭ᠍ᠰᠢ ᠬᠣᠲᠠ; ᠬᠢᠩᠭᠠᠨ ᠠᠢᠮᠠᠭ᠎ᠤᠨ ᠤᠯᠠᠭᠠᠨᠬᠣᠲᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠲᠦᠴᠢᠦᠸᠠᠨ ᠱᠢᠶᠠᠨ; ᠲᠦᠩᠯᠢᠶᠣᠤ ᠬᠣᠲᠠ᠎ᠶ᠋ᠢᠨ ᠬᠦᠷᠢᠶ᠎ᠡ ᠬᠣᠱᠢᠭᠤ᠂ ᠵᠠᠷᠤᠳ ᠬᠣᠱᠢᠭᠤ; ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠂ ᠶᠤᠸᠠᠨ ᠪᠦᠦ ᠱᠠᠨ ᠲᠣᠭᠣᠷᠢᠭ᠂ ᠠᠷᠤ ᠬᠣᠷᠴᠢᠨ ᠬᠣᠱᠢᠭᠤ᠂ ᠪᠠᠭᠠᠷᠢᠨ ᠵᠡᠭᠦᠨ ᠬᠣᠱᠢᠭᠤ᠂ ᠪᠠᠭᠠᠷᠢᠨ ᠪᠠᠷᠠᠭᠤᠨ ᠬᠣᠱᠢᠭᠤ᠂ ᠯᠢᠨᠰᠢ ᠱᠢᠶᠠᠨ᠂ ᠬᠡᠱᠢᠭ᠌ᠲᠡᠨ ᠬᠣᠱᠢᠭᠤ᠂ ᠬᠠᠷᠠᠴᠢᠨ ᠬᠣᠱᠢᠭᠤ; ᠱᠢᠯᠢ᠎ᠶ᠋ᠢᠨ ᠭᠣᠣᠯ ᠠᠢᠮᠠᠭ᠎ᠤᠨ ᠱᠢᠯᠢᠩᠬᠣᠲᠠ᠂ ᠲᠠᠢᠪᠤᠰᠧ ᠬᠣᠱᠢᠭᠤ; ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠂ ᠵᠦᠸᠧᠽᠢ ᠱᠢᠶᠠᠨ᠂ ᠬᠤᠸᠠᠳᠧ ᠱᠢᠶᠠᠨ᠂ ᠱᠠᠩᠳᠤ ᠱᠢᠶᠠᠨ᠂ ᠱᠢᠩ ᠾᠧ ᠱᠢᠶᠠᠨ᠂ ᠯᠢᠶᠠᠩᠴᠧᠩ ᠱᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ᠂ ᠳᠥᠷᠪᠡᠳ ᠬᠣᠱᠢᠭᠤ᠂ ᠹᠧᠩᠵᠧᠨ ᠬᠣᠲᠠ; ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠂ ᠵᠡᠭᠦᠨᠭᠠᠷ ᠬᠣᠱᠢᠭᠤ᠂ ᠡᠵᠡᠨ ᠬᠣᠷᠣᠭ᠎ᠠ ᠬᠣᠱᠢᠭᠤ; ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠂ ᠤᠷᠠᠳ᠎ᠤᠨ ᠡᠮᠦᠨᠡᠲᠦ ᠬᠣᠱᠢᠭᠤ᠂ ᠬᠠᠩᠭᠢᠨ ᠬᠣᠢᠲᠤ ᠬᠣᠱᠢᠭᠤ; ᠦᠬᠠᠶ ᠬᠣᠲᠠ᠎ᠶ᠋ᠢᠨ ᠬᠠᠢᠷᠤᠪ᠎ᠤᠨ ᠲᠣᠬᠣᠶ ᠲᠣᠭᠣᠷᠢᠭ ᠵᠡᠷᠭᠡ 46 ᠬᠣᠱᠢᠭᠤ ᠱᠢᠶᠠᠨ (ᠲᠣᠭᠣᠷᠢᠭ)᠎ᠤ᠋ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠪᠦᠷᠢᠯᠳᠦᠬᠦᠨ᠎ᠦ ᠣᠷᠣᠨ ᠲᠣᠭ᠎ᠠ᠎ᠨᠢ 33 ᠬᠥᠮᠦᠨ ᠪᠤᠯᠤᠨ᠎ᠠ᠃
ᠭᠤᠷᠪᠠ᠂ ᠬᠥᠬᠡᠬᠣᠲᠠ᠎ᠶ᠋ᠢᠨ ᠴᠢᠩ ᠱᠦᠶ ᠾᠧ ᠱᠢᠶᠠᠨ; ᠪᠤᠭᠤᠲᠤ ᠬᠣᠲᠠ᠎ᠶ᠋ᠢᠨ ᠱᠢᠭᠤᠢᠲᠤ ᠲᠣᠭᠣᠷᠢᠭ᠂ ᠪᠠᠶᠠᠨ᠌ᠠᠤᠪᠤᠭᠠ ᠠᠭᠤᠷᠬᠠᠢ᠎ᠶ᠋ᠢᠨ ᠲᠣᠭᠣᠷᠢᠭ᠂ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ; ᠬᠥᠯᠥᠨ ᠪᠣᠢᠷ ᠬᠣᠲᠠ᠎ᠶ᠋ᠢᠨ ᠵᠠᠯᠠᠢᠨᠠᠭᠤᠷ ᠲᠣᠭᠣᠷᠢᠭ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ᠂ ᠬᠠᠭᠤᠴᠢᠨ ᠪᠠᠷᠭᠤ ᠬᠣᠱᠢᠭᠤ᠂ ᠱᠢᠨ᠎ᠡ ᠪᠠᠷᠭᠤ ᠵᠡᠭᠦᠨ ᠬᠣᠱᠢᠭᠤ᠂ ᠱᠢᠨ᠎ᠡ ᠪᠠᠷᠭᠤ ᠪᠠᠷᠠᠭᠤᠨ ᠬᠣᠱᠢᠭᠤ᠂ ᠡᠷᠭᠦᠨ᠎ᠡ ᠬᠣᠲᠠ᠂ ᠭᠡᠭᠡᠨ ᠭᠤᠤᠯ ᠬᠣᠲᠠ; ᠬᠢᠩᠭᠠᠨ ᠠᠢᠮᠠᠭ᠎ᠤᠨ ᠷᠠᠱᠢᠶᠠᠨ ᠬᠣᠲᠠ; ᠲᠦᠩᠯᠢᠶᠣᠤ ᠬᠣᠲᠠ᠎ᠶ᠋ᠢᠨ ᠬᠤᠤᠯᠢᠨ ᠭᠤᠤᠯ ᠬᠣᠲᠠ; ᠱᠢᠯᠢ᠎ᠶ᠋ᠢᠨ ᠭᠣᠣᠯ ᠠᠢᠮᠠᠭ᠎ᠤᠨ ᠠᠪᠠᠭ᠎ᠠ ᠬᠣᠱᠢᠭᠤ᠂ ᠰᠥᠨᠢᠳ ᠵᠡᠭᠦᠨ ᠬᠣᠱᠢᠭᠤ᠂ ᠰᠥᠨᠢᠳ ᠪᠠᠷᠠᠭᠤᠨ ᠬᠣᠱᠢᠭᠤ᠂ ᠵᠡᠭᠦᠨ ᠦᠵᠦᠮᠦᠴᠢᠨ ᠬᠣᠱᠢᠭᠤ᠂ ᠪᠠᠷᠠᠭᠤᠨ ᠦᠵᠦᠮᠦᠴᠢᠨ ᠬᠣᠱᠢᠭᠤ᠂ ᠬᠥᠪᠡᠭᠡᠲᠦ ᠱᠢᠷ᠎ᠠ ᠬᠣᠱᠢᠭᠤ᠂ ᠱᠢᠯᠤᠭᠤᠨ ᠬᠥᠪᠡᠭᠡᠲᠦ ᠴᠠᠭᠠᠨ ᠬᠣᠱᠢᠭᠤ᠂ ᠱᠢᠯᠤᠭᠤᠨ ᠬᠥᠬᠡ ᠬᠣᠱᠢᠭᠤ᠂ ᠳᠣᠯᠣᠨ ᠨᠤᠤᠷ ᠱᠢᠶᠠᠨ; ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ᠂ ᠣᠲᠣᠭ᠎ᠤᠨ ᠡᠮᠦᠨᠡᠲᠦ ᠬᠣᠱᠢᠭᠤ᠂ ᠣᠲᠣᠭ ᠬᠣᠱᠢᠭᠤ᠂ ᠬᠠᠩᠭᠢᠨ ᠬᠣᠱᠢᠭᠤ᠂ ᠦᠦᠱᠢᠨ ᠬᠣᠱᠢᠭᠤ; ᠪᠠᠶᠠᠨᠨᠠᠭᠤᠷ ᠬᠣᠲᠠ᠎ᠶ᠋ᠢᠨ ᠳ᠋ᠧᠩᠺᠧᠦ ᠱᠢᠶᠠᠨ᠂ ᠤᠷᠠᠳ᠎ᠤᠨ ᠳᠤᠮᠳᠠᠳᠤ ᠬᠣᠱᠢᠭᠤ᠂ ᠤᠷᠠᠳ᠎ᠤᠨ ᠬᠣᠢᠲᠤ ᠬᠣᠱᠢᠭᠤ; ᠦᠬᠠᠶ ᠬᠣᠲᠠ᠎ᠶ᠋ᠢᠨ ᠬᠠᠢᠨᠠᠨ ᠲᠣᠭᠣᠷᠢᠭ᠂ ᠤᠳᠠ ᠵᠢᠨ ᠲᠤᠬᠤᠢ ᠲᠣᠭᠣᠷᠢᠭ; ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤ᠂ ᠠᠯᠠᠱᠠ ᠪᠠᠷᠠᠭᠤᠨ ᠬᠣᠱᠢᠭᠤ᠂ ᠡᠵᠡᠨ᠎ᠡ ᠬᠣᠱᠢᠭᠤ ᠵᠡᠷᠭᠡ 35 ᠬᠣᠱᠢᠭᠤ ᠱᠢᠶᠠᠨ (ᠬᠣᠲᠠ᠂ ᠲᠣᠭᠣᠷᠢᠭ)᠎ᠤ᠋ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠪᠦᠷᠢᠯᠳᠦᠬᠦᠨ᠎ᠦ ᠤᠷᠤᠨ ᠲᠣᠭ᠎ᠠ ᠨᠢ 31 ᠬᠥᠮᠦᠨ ᠪᠣᠯᠤᠨ᠎ᠠ᠃