(2026 ᠣᠨ᠎ᠤ 5 ᠰᠠᠷ᠎ᠠ᠎ᠶ᠋ᠢᠨ 21᠎ᠤ᠋ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠣᠷᠢᠨ ᠨᠠᠢ᠍ᠮᠠᠳᠤᠭᠠᠷ ᠬᠤᠷᠠᠯ᠎ᠡᠴᠡ ᠪᠠᠲᠤᠯᠠᠪᠠ)
《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ ᠬᠠᠤᠯᠢ》 ᠶ᠋ᠢᠨ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠡᠴᠡ ᠪᠥᠬᠥ᠌ ᠣᠷᠣᠨ᠎ᠤ ᠱᠢᠨ᠎ᠡ ᠨᠢᠭᠡ ᠬᠤᠭᠤᠴᠠᠭᠠᠨ᠎ᠤ ᠲᠣᠭᠣᠷᠢᠭ ᠪᠠᠢᠭᠤᠯᠤᠭ᠍ᠰᠠᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ᠎ᠦ ᠤᠷᠤᠨ ᠲᠣᠭ᠎ᠠ᠎ᠶ᠋ᠢ ᠳᠤᠤᠷᠠᠬᠢ ᠮᠡᠲᠦ ᠲᠣᠭ᠍ᠲᠠᠭᠠᠪᠠ᠄
ᠬᠥᠬᠡᠬᠣᠲᠠ᠂ ᠪᠤᠭᠤᠲᠤ ᠬᠣᠲᠠ᠂ ᠬᠥᠯᠥᠨ ᠪᠣᠢᠷ ᠬᠣᠲᠠ᠂ ᠲᠦᠩᠯᠢᠶᠣᠤ ᠬᠣᠲᠠ᠂ ᠤᠯᠠᠭᠠᠨᠬᠠᠳᠠ ᠬᠣᠲᠠ᠂ ᠤᠯᠠᠭᠠᠨᠴᠠᠪ ᠬᠣᠲᠠ᠂ ᠣᠷᠳᠣᠰ ᠬᠣᠲᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ᠎ᠦ ᠤᠷᠤᠨ ᠲᠣᠭ᠎ᠠ ᠨᠢ 51 ᠬᠥᠮᠦᠨ᠂ ᠪᠠᠶᠠᠨᠨᠠᠭᠤᠷ ᠬᠣᠲᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ᠎ᠦ ᠤᠷᠤᠨ ᠲᠣᠭ᠎ᠠ ᠨᠢ 47 ᠬᠥᠮᠦᠨ᠂ ᠦᠬᠠᠶ ᠬᠣᠲᠠ᠎ᠶ᠋ᠢᠨ ᠱᠢᠨ᠎ᠡ ᠨᠢᠭᠡ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠪᠦᠷᠢᠯᠳᠦᠬᠦᠨ᠎ᠦ ᠤᠷᠤᠨ ᠲᠣᠭ᠎ᠠ ᠨᠢ 43 ᠬᠥᠮᠦᠨ ᠪᠣᠯᠤᠨ᠎ᠠ᠃