ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠤᠨ ᠨᠠᠷᠢᠨ ᠳᠦᠷᠢᠮ 》 ᠢ᠋ ᠳᠠᠷᠤᠮᠠᠯᠯᠠᠨ ᠲᠠᠷᠬᠠᠭᠠᠪᠠ
2026-05-22 16:29:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠤᠨ ᠨᠠᠷᠢᠨ ᠳᠦᠷᠢᠮ》(ᠳᠣᠷᠣᠭ᠍ᠰᠢ《ᠨᠠᠷᠢᠨ ᠳᠦᠷᠢᠮ》 ᠭᠡᠵᠦ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠬᠤ᠎ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃

ᠮᠡᠳᠡᠭᠳᠡᠯ᠎ᠳᠦ᠂ ᠨᠠᠮ ᠎ᠤᠨ ᠭᠡᠰᠢᠭᠦᠨ ᠬᠦᠮᠦᠵᠢᠭᠦᠯᠬᠦ ᠠᠵᠢᠯ ᠪᠣᠯ ᠨᠠᠮ᠎ᠤᠨ ᠪᠠᠢᠭᠤᠯᠤᠯᠲᠠ᠎ᠶᠢᠨ ᠨᠢᠭᠡᠨ ᠴᠢᠬᠤᠯᠠ ᠰᠠᠭᠤᠷᠢ ᠴᠢᠨᠠᠷᠲᠠᠢ ᠢᠨᠵᠧᠨᠧᠷᠢᠩ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠴᠢ ᠲᠡᠭᠦᠨ᠎ᠦ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠦᠨ ᠬᠢᠨ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠲᠤᠭᠤᠰᠢᠯᠠᠭᠤᠯᠵᠤ᠂ ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠢ ᠰᠠᠢᠲᠤᠷ ᠠᠳᠬᠤᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠪᠣᠯᠭᠠᠵᠤ᠂ 《ᠨᠠᠷᠢᠨ ᠳᠦᠷᠢᠮ》 ᠤ᠋ᠨ ᠡᠯ᠎ᠡ ᠵᠦᠢᠯ ᠎ᠦᠨ ᠲᠣᠭᠲᠠᠭᠠᠯ ᠎ᠢ  ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ᠎ᠶᠢᠨ ᠬᠠᠮᠲᠤ ᠱᠠᠯᠠᠪᠳᠠᠭᠤᠯᠤᠨ ᠵᠢᠯᠤᠭᠣᠳᠬᠤ ᠎ᠪᠠᠨ ᠴᠢᠩᠭᠠᠳᠬᠠᠵᠤ᠂ ᠪᠠᠷᠢᠮᠵᠢᠶ᠎ᠠ᠎ᠶᠢ ᠪᠠᠷᠢᠮᠲᠠᠯᠠᠵᠤ᠂ ᠲᠡᠰ ᠳᠠᠷᠠᠭᠠᠯᠠᠯ᠎ᠢ ᠴᠢᠨᠭᠭᠠᠯᠠᠵᠤ᠂ ᠪᠣᠭᠣᠮᠲᠠ ᠰᠠᠬᠢᠬᠤ᠎ᠶᠢ ᠴᠢᠨᠭᠭᠠᠯᠠᠨ᠂ ᠰᠠᠬᠢᠯᠭ᠎ᠠ ᠪᠠᠲᠤ᠎ᠶᠢ ᠴᠢᠩᠳᠠᠯᠠᠵᠤ᠂ ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠤᠨ ᠶᠠᠰᠤ ᠴᠢᠨᠠᠷ᠎ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠰᠤᠷᠭᠠᠨ ᠬᠥᠮᠥᠵᠢᠭᠦᠯᠵᠦ ᠬᠦᠭᠵᠢᠭᠦᠯᠬᠦ᠎ᠶᠢ ᠴᠢᠩᠭᠠᠳᠬᠠᠵᠤ᠂ ᠦᠵᠡᠯ ᠰᠠᠨᠠᠭᠠᠨ᠎ᠤ ᠲᠠᠯ᠎ᠠ ᠪᠡᠷ ᠨᠠᠮ ᠳ᠋ᠦ ᠤᠷᠤᠬᠤ ᠬᠦᠮᠦᠵᠢᠯ᠎ᠢ ᠴᠢᠩᠭᠠᠳᠬᠠᠵᠤ᠂ ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢ ᠴᠢᠩᠳᠠᠯᠠᠵᠤ᠂ ᠬᠦᠮᠦᠵᠢᠭᠦᠯᠬᠦ ᠡᠲᠡᠭᠡᠳ᠎ᠦᠨ ᠨᠠᠮ᠎ᠳᠤ ᠣᠷᠣᠬᠤ ᠤᠭ ᠰᠠᠨᠠᠭ᠎ᠠ᠂ ᠤᠯᠤᠰ ᠲᠦᠷᠦ᠎ᠶᠢᠨ ᠬᠡᠪ ᠴᠢᠨᠠᠷ ᠪᠠ ᠪᠣᠳᠠᠲᠤ ᠢᠯᠡᠷᠡᠯ᠎ᠢ ᠭᠦᠨᠵᠡᠭᠡᠢ ᠰᠢᠯᠭᠠᠨ ᠪᠠᠢᠴᠠᠭᠠᠵᠤ᠂ ᠪᠣᠭᠣᠮᠲᠠ᠎ᠶᠢ ᠴᠢᠩᠭ᠎ᠠ ᠠᠳᠬᠤᠬᠤ ᠬᠡᠷᠡᠭᠲᠡᠢ᠃ ᠨᠠᠮ᠎ᠤᠨ ᠭᠡᠰᠢᠭᠦᠨ᠎ᠦ ᠡᠩᠨᠡᠭᠡᠨ ᠎ᠦ ᠪᠦᠲᠦᠴᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠯᠠᠭᠤᠴᠤᠳ ᠪᠠ ᠠᠵᠤ ᠦᠢᠯᠡᠰ ᠎ᠦᠨ ᠠᠵᠢᠯᠴᠢᠨ᠂ ᠲᠠᠷᠢᠶᠠᠴᠢᠨ᠂ ᠰᠡᠬᠡᠭᠡᠲᠡᠨ᠎ᠦ ᠳᠤᠮᠳᠠ᠎ᠡᠴᠡ ᠨᠠᠮ᠎ᠤᠨ ᠭᠡᠰᠢᠭᠦᠨ ᠬᠦᠮᠦᠵᠢᠭᠦᠯᠬᠦ᠎ᠶᠢ ᠴᠢᠬᠤᠯᠠᠴᠢᠯᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠦ ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠢ ᠰᠠᠢᠲᠤᠷ ᠬᠢᠵᠦ᠂ ᠰᠠᠭᠤᠷᠢ᠎ᠪᠠᠨ ᠤᠯᠠᠮ ᠨᠢᠭᠡ ᠠᠯᠬᠤᠮ ᠪᠠᠲᠤᠳᠬᠠᠵᠤ᠂ ᠨᠠᠮ᠎ᠤᠨ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠎ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠮᠡᠳᠡᠭᠳᠡᠯ᠎ᠳᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ《ᠨᠠᠷᠢᠨ ᠳᠦᠷᠢᠮ》 ᠢ᠋ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠢᠳᠠᠯ ᠪᠠ ᠰᠠᠨᠠᠭᠤᠯᠭ᠎ᠠ᠎ᠶᠢ ᠴᠠᠭ ᠲᠤᠬᠠᠢ ᠳ᠋ᠤᠨᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ ᠬᠡᠷᠡᠭᠲᠡᠢ ᠭᠡᠵᠤ ᠱᠠᠭᠠᠷᠳᠠᠪᠠ᠃

《ᠨᠠᠷᠢᠨ ᠳᠦᠷᠢᠮ 》 ᠤ᠋ᠨ ᠪᠥᠬᠥ ᠠᠭᠤᠯᠭ᠎ᠠ ᠨᠢ ᠳᠣᠣᠷᠠᠬᠢ ᠮᠡᠲᠦ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ 

ᠭᠡᠰᠢᠭᠦᠨ ᠬᠦᠮᠦᠵᠢᠭᠦᠯᠬᠦ ᠠᠵᠢᠯ᠎ᠤᠨ ᠨᠠᠷᠢᠨ ᠳᠦᠷᠢᠮ

(2014 ᠣᠨ᠎ᠤ 5 ᠰᠠᠷ᠎ᠠ᠎ᠶᠢᠨ 8᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠬᠣᠷᠢᠶ᠎ᠡ ᠵᠢᠨ ᠬᠤᠷᠠᠯ᠎ᠡᠴᠡ ᠬᠢᠨᠠᠨ ᠵᠦᠪᠯᠡᠵᠦ ᠵᠥᠪᠰᠢᠶᠡᠷᠡᠪᠡ    2014 ᠣᠨ᠎ᠤ 5 ᠰᠠᠷ᠎ᠠ᠎ᠶᠢᠨ 28᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ᠎ᠤ ᠠᠯᠪᠠᠨ ᠲᠢᠩᠬᠢᠮ ᠨᠡᠢᠲᠡᠯᠡᠪᠡ  2026 ᠣᠨ᠎ᠤ 4 ᠰᠠᠷ᠎ᠠ᠎ᠶᠢᠨ 2᠎ᠤ᠋ᠨ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠬᠣᠷᠢᠶ᠎ᠡ ᠵᠢᠨ ᠬᠤᠷᠠᠯ ᠡᠴᠡ ᠵᠠᠰᠠᠪᠤᠷᠢ ᠤᠷᠤᠭᠤᠯᠪᠠ    2026 ᠤᠨ᠎ᠤ 5 ᠰᠠᠷ᠎ᠠ ᠵᠢᠨ 11᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ ᠨᠡᠢᠲᠡᠯᠡᠪᠡ)

ᠨᠢᠭᠡᠳᠦᠭᠡᠷ ᠪᠦᠯᠦᠭ   ᠶᠡᠷᠦᠩᠬᠡᠢ ᠳᠦᠷᠢᠮ

ᠨᠢᠭᠡᠳᠦᠭᠡᠷ ᠵᠦᠢᠯ   ᠨᠠᠮ᠎ᠤᠨ ᠭᠡᠰᠢᠭᠦᠨ ᠬᠦᠮᠦᠵᠢᠭᠦᠯᠬᠦ ᠠᠵᠢᠯ᠎ᠢ ᠵᠢᠷᠤᠮᠵᠢᠭᠤᠯᠤᠨ ᠴᠢᠩᠭᠠᠳᠬᠠᠵᠤ᠂ ᠰᠢᠨ᠎ᠡ᠎ᠪᠡᠷ ᠬᠦᠮᠦᠵᠢᠭᠦᠯᠦᠭᠰᠡᠨ ᠨᠠᠮ᠎ᠤᠨ ᠭᠡᠰᠢᠭᠦᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠤ᠂ ᠨᠠᠮ᠎ᠤᠨ ᠲᠡᠷᠢᠭᠦᠨ᠎ᠦ ᠴᠢᠨᠠᠷ ᠪᠠ ᠠᠷᠢᠭᠤᠨ ᠴᠢᠨᠠᠷ ᠎ᠢ ᠪᠠᠲᠤᠯᠠᠬᠤ᠎ᠶᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠠ ᠬᠣᠯᠪᠣᠭᠳᠠᠯ ᠪᠦᠬᠦᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠦᠨᠳᠦᠰᠦᠯᠡᠨ ᠲᠤᠰ ᠨᠠᠷᠢᠨ ᠳᠦᠷᠢᠮ᠎ᠢ ᠲᠣᠭᠲᠠᠭᠠᠪᠠ᠃

ᠬᠣᠶᠠᠳᠤᠭᠠᠷ ᠵᠦᠢᠯ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ ᠪᠣᠯ ᠳᠤᠮᠳᠠᠳᠤ ᠤᠯᠤᠰ᠎ᠤᠨ ᠠᠵᠢᠯᠴᠢᠨ ᠠᠩᠭᠢ᠎ᠶᠢᠨ ᠡᠪ ᠬᠠᠮᠲᠤ ᠶᠤᠰᠤᠨ᠎ᠤ ᠤᠬᠠᠮᠰᠠᠷ᠎ᠲᠠᠢ ᠬᠣᠰᠢᠭᠤᠴᠢ ᠪᠠᠢᠯᠳᠤᠭ᠍ᠴᠢ ᠮᠥᠨ᠃ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ ᠨᠢ ᠮᠠᠷᠺᠰ᠎ᠤᠨ ᠦᠵᠡᠯ᠎ᠦᠨ ᠢᠲᠡᠭᠡᠯ ᠪᠢᠰᠢᠷᠡᠯ᠂ ᠡᠪ ᠬᠠᠮᠲᠤ ᠶᠣᠰᠣᠨ᠎ᠤ ᠤᠬᠠᠮᠰᠠᠷ ᠪᠠ ᠳᠤᠮᠳᠠᠳᠤ ᠤᠯᠤᠰ ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠢᠲᠡᠭᠡᠯ ᠪᠢᠰᠢᠷᠡᠯ᠎ᠢ ᠰᠢᠩᠭᠡᠬᠡᠨ ᠠᠪᠴᠤ᠂ 《ᠬᠣᠶᠠᠷ ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠨᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠡᠢᠭᠡᠮ ᠵᠢᠷᠤᠮ᠎ᠤᠨ ᠭᠣᠣᠯᠯᠠᠭᠴᠢ ᠦᠷᠳᠡᠭ ᠎ᠦᠨ ᠦᠵᠡᠯᠲᠡ᠎ᠶᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠦᠭᠰᠡᠨ ᠲᠡᠷᠢᠭᠦᠨ᠎ᠦ ᠬᠥᠮᠥᠰ᠎ᠢ ᠨᠠᠮ᠎ᠳᠤ ᠣᠷᠣᠭᠤᠯᠬᠤ ᠶᠠᠪᠤᠳᠠᠯ᠎ᠢ ᠨᠢᠭᠡ ᠵᠦᠢᠯ᠎ᠦᠨ ᠪᠠᠢᠩᠭᠤ᠎ᠶᠢᠨ ᠴᠢᠨᠠᠷᠲᠠᠢ ᠴᠢᠬᠤᠯᠠ ᠠᠵᠢᠯ ᠪᠣᠯᠭᠠᠬᠤ ᠬᠡᠷᠡᠭᠲᠡᠢ᠃

ᠭᠤᠷᠪᠠᠳᠤᠭᠠᠷ ᠵᠦᠢᠯ   ᠨᠠᠮ᠎ᠤᠨ ᠭᠡᠰᠢᠭᠦᠨ ᠬᠦᠮᠦᠵᠢᠬᠦᠯᠬᠦ ᠠᠵᠢᠯ᠎ᠳᠤ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠠᠮ ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠲᠤᠭᠤᠰᠢᠯᠠᠭᠤᠯᠵᠤ᠂ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ᠂ ᠪᠦᠲᠦᠴᠡ᠎ᠶᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠢᠯᠡᠳᠦᠯ᠎ᠢ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠨᠠᠮ᠎ᠤᠨ ᠳᠦᠷᠢᠮ᠎ᠳᠦ ᠲᠣᠭᠲᠠᠭᠠᠭᠰᠠᠨ ᠨᠠᠮ᠎ᠤᠨ ᠭᠡᠰᠢᠭᠦᠨ᠎ᠦ ᠪᠠᠷᠢᠮᠵᠢᠶ᠎ᠠ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠪᠠᠷᠢᠮᠵᠢᠶ᠎ᠠ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠲᠡᠰ ᠳᠠᠷᠠᠭᠠᠯᠠᠯ᠎ᠢ ᠴᠢᠨᠭᠭᠠᠯᠠᠨ᠂ ᠪᠣᠭᠣᠮᠲᠠ ᠰᠠᠬᠢᠬᠤ᠎ᠶᠢ ᠴᠢᠨᠭᠭᠠᠯᠠᠨ᠂ ᠰᠠᠬᠢᠯᠭ᠎ᠠ ᠪᠠᠲᠤ᠎ᠶᠢ ᠴᠢᠩᠳᠠᠯᠠᠵᠤ᠂ ᠤᠯᠤᠰ ᠲᠦᠷᠦ᠎ᠶᠢᠨ ᠬᠡᠪ ᠴᠢᠨᠠᠷ ᠠᠷᠢᠭᠤᠨ ᠴᠡᠪᠡᠷ ᠨᠠᠮ᠎ᠤᠨ ᠭᠡᠰᠢᠭᠦᠨ᠎ᠢ ᠬᠦᠮᠦᠵᠢᠭᠦᠯᠬᠦ ᠬᠡᠷᠡᠭᠲᠡᠢ; ᠶᠡᠷᠦᠨᠭᠬᠡᠢᠯᠡᠨ ᠲᠡᠨᠭᠴᠡᠭᠦᠷᠢᠰᠢᠭᠦᠯᠵᠦ᠂ ᠲᠦᠷᠦᠯ ᠬᠤᠪᠢᠶᠠᠨ ᠵᠢᠯᠤᠭᠣᠳᠬᠤ ᠵᠢ ᠪᠠᠷᠢᠮᠲᠠᠯᠠᠵᠤ᠂ ᠤᠳᠤᠷᠢᠳᠤᠯᠭ᠎ᠠ᠎ᠲᠠᠢ᠂ ᠲᠥᠯᠥᠪᠯᠡᠭᠡ᠎ᠲᠠᠢ᠎ᠪᠡᠷ ᠶᠠᠪᠤᠭᠳᠠᠭᠤᠯᠬᠤ ᠬᠡᠷᠡᠭᠳᠡᠢ; ᠨᠠᠮ᠎ᠳᠤ ᠣᠷᠣᠬᠤ ᠰᠠᠢᠨ ᠳᠤᠷ᠎ᠠ᠎ᠶᠢᠨ ᠵᠠᠷᠴᠢᠮ ᠪᠠ  ᠤᠨᠴᠠᠭᠠᠢ ᠡᠯᠰᠡᠬᠦ ᠵᠠᠷᠴᠢᠮ᠎ᠢ ᠪᠠᠷᠢᠮᠲᠠᠯᠠᠵᠤ᠂ ᠨᠢᠭᠡ ᠪᠣᠯᠪᠠᠰᠤᠷᠠᠨᠭᠭᠤᠢ ᠪᠤᠯᠪᠠᠯ ᠨᠢᠭᠡ᠎ᠶᠢ ᠬᠥᠮᠦᠵᠢᠭᠦᠯᠬᠦ ᠬᠡᠷᠡᠭᠲᠡᠢ᠃

ᠶᠠᠭᠠᠷᠠᠨ ᠬᠥᠮᠦᠵᠢᠭᠦᠯᠬᠦ᠎ᠶᠢ ᠬᠤᠷᠢᠭᠯᠠᠵᠤ᠂ 《ᠲᠦᠭᠵᠢᠮᠡᠯ ᠦᠵᠡᠯ》 ᠢ᠋ ᠡᠰᠡᠷᠭᠦᠴᠡᠬᠦ ᠬᠡᠷᠡᠭᠲᠡᠢ᠃

ᠬᠣᠶᠠᠳᠤᠭᠠᠷ ᠪᠦᠯᠦᠭ   ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠲᠣᠭᠲᠠᠭᠠᠬᠤ ᠪᠠ  ᠬᠥᠮᠥᠵᠢᠭᠦᠯᠬᠦ ᠬᠦᠮᠦᠵᠢᠯ

ᠳᠥᠷᠪᠡᠳᠦᠭᠡᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠤᠯᠤᠰ ᠲᠦᠷᠦ᠎ᠶᠢᠨ ᠵᠣᠷᠢᠯᠲᠠ᠎ᠶᠢ ᠤᠬᠠᠭᠤᠯᠬᠤ ᠪᠠ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠢ ᠭᠦᠨ ᠭᠦᠨᠵᠡᠭᠡᠢ ᠨᠠᠷᠢᠨ ᠨᠢᠮᠪᠠᠢ ᠬᠢᠬᠦ᠎ᠪᠡᠷ ᠳᠠᠮᠵᠢᠭᠤᠯᠤᠨ᠂ ᠨᠠᠮ᠎ᠤᠨ ᠭᠠᠳᠠᠨᠠᠬᠢ ᠤᠯᠡᠠ ᠲᠦᠮᠡᠨ᠎ᠦ ᠨᠠᠮ᠎ᠤᠨ ᠲᠤᠬᠠᠢ ᠲᠠᠨᠢᠯᠲᠠ᠎ᠶᠢ ᠳᠡᠭᠡᠭᠰᠢᠯᠡᠭᠦᠯᠵᠦ᠂ ᠨᠠᠮ᠎ᠤᠨ ᠲᠤᠬᠠᠢ ᠬᠠᠢᠷ᠎ᠠ ᠰᠡᠳᠬᠢᠯᠭᠡ᠎ᠶᠢ ᠨᠡᠮᠡᠭᠳᠡᠭᠦᠯᠵᠦ᠂ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠦ ᠡᠩᠨᠡᠭᠡ᠎ᠶᠢ ᠲᠡᠰᠦᠷᠡᠯᠳᠠ ᠦᠭᠡᠢ ᠥᠷᠭᠡᠳᠬᠡᠪᠡᠯ ᠵᠤᠬᠢᠨ᠎ᠠ᠃

ᠲᠠᠪᠤᠳᠤᠭᠠᠷ ᠵᠦᠢᠯ   ᠪᠦᠬᠦᠯᠢ ᠠᠷᠪᠠᠨ ᠨᠠᠢ᠍ᠮᠠᠨ ᠨᠠᠰᠤ ᠬᠦᠷᠦᠭᠰᠡᠠ ᠳᠤᠮᠳᠠᠳᠤ ᠤᠯᠤᠰ᠎ᠤᠨ ᠠᠵᠢᠯᠴᠢᠨ᠂ ᠲᠠᠷᠢᠶᠠᠴᠢᠨ᠂ ᠴᠡᠷᠢᠭ᠂ ᠰᠡᠬᠡᠭᠡᠲᠡᠨ ᠪᠠ ᠨᠡᠢᠭᠡᠮ᠎ᠦᠨ ᠪᠤᠰᠤᠳ ᠳᠠᠪᠬᠤᠷᠭ᠎ᠠ᠎ᠶᠢᠨ ᠲᠡᠷᠢᠭᠦᠨ᠎ᠦ ᠬᠥᠮᠥᠰ ᠨᠠᠮ᠎ᠤᠨ ᠬᠥᠲᠥᠯᠪᠦᠷᠢ ᠪᠠ ᠲᠦᠷᠢᠮ᠎ᠢ ᠵᠥᠪᠰᠢᠶᠡᠷᠡᠵᠦ᠂ ᠨᠠᠮ᠎ᠤᠨ ᠨᠢᠭᠡ ᠵᠣᠬᠢᠶᠠᠨ ᠪᠠᠢᠭᠤᠯᠤᠯᠲᠠ᠎ᠳᠤ ᠣᠷᠣᠯᠴᠠᠬᠤ ᠪᠥᠭᠡᠳ ᠲᠡᠭᠦᠨ᠎ᠦ ᠳᠣᠲᠣᠷ᠎ᠠ ᠢᠳᠡᠪᠬᠢᠲᠡᠢ ᠠᠵᠢᠯᠯᠠᠬᠤ᠂ ᠨᠠᠮ᠎ᠤᠨ ᠰᠢᠢᠳᠪᠦᠷᠢ᠎ᠶᠢ ᠭᠦᠢᠴᠡᠳᠬᠡᠬᠦ᠂ ᠨᠠᠮ᠎ᠤᠨ ᠰᠦᠢᠳᠬᠡᠯ᠎ᠢ ᠴᠠᠭ ᠲᠤᠨᠢ ᠲᠤᠰᠢᠶᠠᠬᠤ ᠳᠤᠷᠠᠲᠠᠢ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠬᠤ ᠪᠡᠷ ᠡᠷᠡᠮᠡᠯᠵᠡᠵᠤ ᠪᠣᠯᠣᠨ᠎ᠠ᠃

ᠵᠢᠷᠭᠤᠳᠤᠭᠠᠷ ᠵᠦᠢᠯ   ᠨᠠᠮ᠎ᠳᠤ ᠣᠷᠣᠬᠤ ᠪᠡᠷ ᠡᠷᠡᠮᠡᠯᠵᠡᠭᠴᠢ ᠨᠢ ᠠᠵᠢᠯᠯᠠᠵᠤ ᠰᠤᠷᠤᠯᠴᠠᠵᠤ ᠪᠠᠢᠭ᠎ᠠ ᠨᠢᠭᠡᠴᠢ᠎ᠶᠢᠨ᠎ᠢᠶᠡᠨ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠳᠤ ᠣᠷᠣᠬᠤ ᠡᠷᠡᠮᠡᠯᠵᠡᠯ ᠭᠠᠷᠭᠠᠪᠠᠯ ᠵᠤᠬᠢᠨ᠎ᠠ᠂ ᠠᠵᠢᠯᠯᠠᠵᠤ ᠰᠤᠷᠤᠯᠴᠠᠵᠤ ᠪᠠᠢᠭ᠎ᠠ ᠨᠢᠭᠡᠴᠢ ᠨᠢ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠤᠭᠰᠠᠨ ᠦᠭᠡᠢ ᠪᠠᠢᠪᠠᠯ᠂ ᠠᠵᠢᠯᠯᠠᠵᠤ ᠰᠤᠷᠤᠯᠴᠠᠵᠤ ᠪᠠᠢᠭ᠎ᠠ ᠨᠢᠭᠡᠴᠢ᠎ᠶᠢᠨ᠎ᠢᠶᠡᠨ ᠪᠠᠢᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠂ ᠨᠢᠭᠡᠴᠢ᠎ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠨᠠᠮ᠎ᠤᠨ ᠵᠣᠬᠢᠶᠠᠨ ᠪᠠᠢᠭᠤᠯᠤᠯᠲᠠ ᠪᠤᠶᠤ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠳᠤ ᠣᠷᠣᠬᠤ ᠡᠷᠡᠮᠡᠯᠵᠡᠯ ᠭᠠᠷᠭᠠᠪᠠᠯ ᠵᠤᠬᠢᠨ᠎ᠠ; ᠠᠵᠢᠯᠯᠠᠬᠤ ᠰᠤᠷᠤᠯᠴᠠᠬᠤ ᠨᠢᠭᠡᠴᠢ ᠪᠠᠢᠬᠤ ᠦᠭᠡᠢ ᠪᠣᠯ᠂ ᠰᠠᠭᠤᠭ᠎ᠠ ᠭᠠᠵᠠᠷ᠎ᠤᠨ᠎ᠢᠶᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠳᠤ ᠣᠷᠣᠬᠤ ᠡᠷᠡᠮᠡᠯᠵᠡᠯ ᠭᠠᠷᠭᠠᠪᠠᠯ ᠵᠤᠬᠢᠨ᠎ᠡ᠃

ᠨᠡᠭᠦᠳᠡᠯ ᠬᠥᠮᠥᠨ ᠠᠮᠠ ᠪᠠᠰᠠ ᠨᠡᠭᠦᠳᠡᠯ ᠨᠠᠮ᠎ᠤᠨ ᠭᠡᠰᠢᠭᠦᠨ ᠤ᠋ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠳᠤ ᠣᠷᠣᠬᠤ ᠪᠡᠷ ᠡᠷᠡᠮᠡᠯᠵᠡᠵᠤ ᠪᠣᠯᠣᠨ᠎ᠠ᠃

ᠳᠣᠯᠣᠳᠤᠭᠠᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠠᠮ᠎ᠳᠤ ᠣᠷᠣᠬᠤ ᠡᠷᠡᠮᠡᠯᠵᠡᠯ᠎ᠤᠨ ᠪᠢᠴᠢᠭ᠎ᠢ ᠣᠯᠣᠭᠰᠠᠨ᠎ᠤ ᠲᠡᠷᠡᠭ᠎ᠠ᠂ ᠨᠢᠭᠡ ᠰᠠᠷ᠎ᠠ᠎ᠶᠢᠨ ᠳᠣᠲᠣᠷ᠎ᠠ ᠬᠥᠮᠥᠨ ᠲᠣᠮᠢᠯᠠᠨ ᠨᠠᠮ᠎ᠳᠤ ᠣᠷᠣᠬᠤ᠎ᠪᠠᠷ ᠡᠷᠡᠮᠡᠯᠵᠡᠭᠴᠢ᠎ᠲᠠᠢ ᠶᠠᠷᠢᠯᠴᠠᠭᠤᠯᠵᠤ᠂ ᠰᠤᠷᠤᠯᠴᠠᠯᠭ᠎ᠠ ᠠᠵᠢᠯ᠎ᠤᠨ ᠥᠩᠭᠡᠷᠡᠯᠲᠡ᠂ ᠨᠠᠮ᠎ᠤᠨ ᠲᠤᠬᠠᠢ ᠲᠠᠨᠢᠯᠲᠠ᠂ ᠨᠠᠮ᠎ᠳᠤ ᠣᠷᠣᠬᠤ ᠤᠭ ᠰᠠᠨᠠᠭ᠎ᠠ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠢᠷᠤᠮᠯᠠᠨ ᠰᠠᠬᠢᠬᠤ ᠵᠢᠴᠢ ᠭᠡᠷ ᠪᠦᠯᠢ᠎ᠶᠢᠨ ᠪᠠᠢᠳᠠᠯ ᠵᠡᠷᠭᠡ ᠦᠨᠳᠦᠰᠦᠨ ᠪᠠᠢᠳᠠᠯ᠎ᠢ ᠣᠢᠯᠠᠭᠠᠬᠤ᠎ᠶᠢᠨ ᠬᠠᠮᠲᠤ ᠲᠡᠭᠦᠨ᠎ᠳᠦ ᠨᠠᠮ᠎ᠤᠨ ᠦᠨᠳᠦᠰᠦᠨ ᠮᠡᠳᠡᠯᠭᠡ᠂ ᠨᠠᠮ᠎ᠤᠨ ᠭᠡᠰᠢᠭᠦᠨ᠎ᠦ ᠪᠠᠷᠢᠮᠵᠢᠶ᠎ᠠ ᠪᠠ ᠨᠥᠬᠥᠴᠡᠯ᠎ᠢ ᠲᠠᠨᠢᠯᠴᠠᠭᠤᠯᠪᠠᠯ ᠵᠤᠬᠢᠨ᠎ᠠ᠃

ᠨᠠᠢ᠍ᠮᠠᠳᠤᠭᠠᠷ ᠵᠦᠢᠯ   ᠨᠠᠮ᠎ᠳᠤ ᠣᠷᠣᠬᠤ᠎ᠪᠠᠷ ᠡᠷᠡᠮᠡᠯᠵᠡᠭᠰᠡᠳ᠎ᠤᠨ ᠳᠣᠲᠣᠷ᠎ᠠ᠎ᠡᠴᠡ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠲᠣᠭᠲᠠᠭᠠᠬᠤ ᠎ᠳᠠᠭᠠᠨ ᠨᠠᠮ ᠎ᠤᠨ ᠭᠡᠰᠢᠭᠦᠨ ᠡᠴᠡ ᠰᠤᠨᠭᠭᠤᠨ ᠲᠠᠨᠢᠯᠴᠠᠭᠤᠯᠬᠤ᠂ ᠤᠯᠠᠨ ᠲᠦᠮᠡᠨ᠎ᠦ ᠪᠦᠯᠬᠦᠮ ᠎ᠦᠨ ᠵᠣᠬᠢᠶᠠᠨ ᠪᠠᠢᠭᠤᠯᠤᠯᠲᠠ᠎ᠡᠴᠡ ᠰᠢᠯᠢᠳᠡᠭ᠎ᠢ ᠨᠢ ᠰᠣᠩᠭᠣᠬᠤ ᠵᠡᠷᠭᠡ ᠠᠷᠭ᠎ᠠ ᠮᠠᠶᠢᠭ᠋᠎ᠢᠶᠠᠷ ᠵᠢᠱ᠌ᠢᠭᠳᠡᠭᠴᠢ᠎ᠶᠢ ᠰᠣᠩᠭᠣᠨ ᠭᠠᠷᠭᠠᠵᠤ᠂ ᠨᠠᠮ᠎ᠤᠨ ᠡᠭᠦᠷ᠎ᠦᠨ ᠭᠡᠰᠢᠭᠦᠳ᠎ᠦᠨ ᠬᠤᠷᠠᠯ᠎ᠢᠶᠠᠷ(ᠨᠠᠮ᠎ᠤᠨ ᠡᠭᠦᠷ᠎ᠦᠨ ᠭᠡᠰᠢᠭᠦᠳ᠎ᠦᠨ ᠬᠤᠷᠠᠯ ᠭᠠᠷᠭᠠᠭᠰᠠᠨ ᠦᠭᠡᠢ᠎ᠶᠢ ᠨᠢ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠢᠶᠠᠷ ᠲᠣᠭᠲᠠᠭᠠᠨ᠎ᠠ᠂ ᠳᠣᠷᠣᠭ᠍ᠰᠢ ᠠᠳᠠᠯᠢ) ᠰᠤᠳᠤᠯᠤᠨ ᠲᠣᠭᠲᠠᠭᠠᠭᠰᠠᠨ᠎ᠤ ᠲᠠᠷᠠᠭ᠎ᠠ᠂ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ ᠳᠠᠩᠰᠠᠯᠠᠭᠤᠯᠪᠡᠯ ᠵᠤᠬᠢᠨ᠎ᠠ᠃

ᠶᠢᠰᠦᠳᠦᠭᠡᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠢᠭᠡ ᠡᠴᠡ ᠬᠣᠶᠠᠷ ᠵᠢᠩᠬᠢᠨᠢ ᠨᠠᠮ᠎ᠤᠨ ᠭᠡᠱᠢᠭᠦᠨ᠎ᠢ ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠥᠮᠦᠵᠢᠭᠦᠯᠬᠦ ᠬᠠᠷᠢᠯᠴᠠᠬᠤ ᠬᠥᠮᠦᠨ ᠪᠣᠯᠭᠠᠬᠤ ᠬᠡᠷᠡᠭ᠌ᠲᠡᠢ᠃ ᠬᠦᠮᠦᠵᠢᠬᠦᠯᠬᠦ ᠬᠠᠷᠢᠯᠴᠠᠬᠤ ᠬᠥᠮᠦᠨ᠎ᠢ ᠵᠣᠬᠢᠬᠤ ᠴᠠᠭ ᠬᠤᠭᠤᠴᠠᠭᠠᠨ᠎ᠤ ᠨᠠᠮ᠎ᠤᠨ ᠳᠣᠲᠣᠭᠠᠳᠤ᠎ᠶ᠋ᠢᠨ ᠠᠮᠢᠳᠤᠷᠠᠯ᠎ᠤᠨ ᠳᠠᠪᠲᠠᠯᠲᠠ᠎ᠶ᠋ᠢ ᠥᠩᠭᠡᠷᠡᠬᠦᠯᠵᠦ᠂ ᠨᠠᠮ᠎ᠤᠨ ᠭᠡᠱᠢᠭᠦᠨ᠎ᠦ ᠪᠠᠷᠢᠮᠵᠢᠶ᠎ᠠ᠎ᠪᠠᠷ ᠥᠪᠡᠷ᠎ᠢ᠎ᠪᠡᠨ ᠴᠢᠩᠭ᠎ᠠ ᠱᠠᠭᠠᠷᠳᠠᠵᠤ᠂ ᠬᠣᠱᠢᠭᠤᠴᠢ ᠵᠢᠱ᠌ᠢᠶᠡᠴᠢ ᠦᠢᠯᠡᠳᠦᠯ᠎ᠢᠶᠡᠨ ᠨᠡᠯᠢᠶᠡᠳ ᠰᠠᠢ᠌ᠨ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠢ ᠬᠢᠬᠦ᠌᠎ᠳᠡᠭᠡᠨ ᠴᠢᠳᠠᠮᠠᠭᠠᠢ᠂ ᠬᠠᠷᠢᠭᠤᠴᠠᠯᠭᠠᠲᠤ ᠰᠡᠳᠭᠢᠯᠭᠡ᠎ᠪᠡᠷ ᠴᠢᠩᠭ᠎ᠠ ᠨᠠᠮ᠎ᠤᠨ ᠭᠡᠱᠢᠭᠦᠨ᠎ᠢᠶᠡᠷ ᠡᠭᠦᠷᠭᠡᠯᠡᠬᠦᠯᠦᠨ᠎ᠡ᠂ ᠭᠣᠣᠯ ᠡᠭᠦᠷᠭᠡ ᠪᠣᠯ᠄

(ᠨᠢᠭᠡ) ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ ᠎ᠳᠦ ᠡᠪ ᠬᠠᠮᠲᠤᠴᠤᠳ᠎ᠤᠨ ᠢᠲᠡᠭᠡᠯ ᠪᠢᠱᠢᠷᠡᠯ᠎ᠢ ᠲᠠᠨᠢᠯᠴᠠᠭᠤᠯᠬᠤ ᠪᠠ ᠲᠣᠳᠣᠷᠬᠠᠢᠯᠠᠨ ᠲᠠᠢᠯᠪᠤᠷᠢᠯᠠᠵᠤ᠂ ᠨᠠᠮ᠎ᠤᠨ ᠦᠨᠳᠦᠰᠦᠨ ᠮᠡᠳᠡᠯᠭᠡ᠎ᠶ᠋ᠢ ᠲᠠᠨᠢᠯᠴᠠᠭᠤᠯᠵᠤ᠂ ᠲᠡᠭᠦᠨ ᠤ᠋   ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠵᠢ ᠬᠥᠲᠥᠯᠥᠨ ᠵᠢᠯᠣᠭᠣᠳᠤᠨ᠎ᠠ;

(ᠬᠣᠶᠠᠷ) ᠦᠷᠭᠦᠯᠵᠢ ᠪᠤᠳᠤᠯ ᠰᠡᠳᠭᠢᠯ᠎ᠢᠶᠡᠨ ᠶᠠᠷᠢᠯᠴᠠᠨ᠂ ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠦ ᠤᠯᠤᠰ ᠲᠦᠷᠦ᠍᠎ᠶ᠋ᠢᠨ ᠤᠬᠠᠮᠰᠠᠷ᠂ ᠶᠣᠰᠣ ᠰᠤᠷᠲᠠᠬᠤᠨ ᠵᠠᠩ ᠴᠢᠨᠠᠷ᠂ ᠪᠣᠳᠠᠲᠤ ᠢᠯᠡᠷᠡᠯ ᠪᠠ ᠭᠡᠷ ᠪᠦᠯᠢ᠎ᠶ᠋ᠢᠨ ᠪᠠᠢᠳᠠᠯ ᠵᠡᠷᠭᠡ᠎ᠶ᠋ᠢ ᠣᠢᠯᠠᠭᠠᠵᠤ᠂  ᠬᠥᠮᠦᠵᠢᠭᠦᠯᠬᠦ᠌ ᠠᠵᠢᠯ᠎ᠢ ᠰᠠᠢᠲᠤᠷ ᠬᠢᠵᠦ᠍᠂ ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠦ ᠨᠠᠮ᠎ᠳᠤ ᠣᠷᠣᠬᠤ ᠤᠭ ᠰᠠᠨᠠᠭ᠎ᠠ᠎ᠪᠠᠨ ᠲᠥᠪ ᠪᠣᠯᠭᠠᠬᠤ᠎ᠶ᠋ᠢ ᠬᠦᠲᠦᠯᠦᠨ ᠵᠢᠯᠣᠭᠣᠳᠤᠨ᠎ᠠ;

(ᠭᠤᠷᠪᠠ)ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠦ ᠪᠠᠢᠳᠠᠯ᠎ᠢ ᠨᠠᠮ᠎ᠤᠨ ᠡᠭᠦᠷ᠎ᠲᠦ ᠴᠠᠭ ᠲᠤᠬᠠᠢ᠎ᠳᠤᠨᠢ ᠬᠠᠷᠢᠭᠤ ᠮᠡᠳᠡᠭᠦᠯᠵᠦ᠍᠂ 《ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠭᠦᠯᠬᠦ ᠰᠢᠯᠭᠠᠨ ᠪᠠᠢᠴᠠᠭᠠᠬᠤ ᠳᠠᠩᠰᠠᠯᠠᠯᠳᠠ᠎ᠶᠢᠨ ᠬᠦᠰᠦᠨᠦᠭ᠌》 ᠳᠡᠭᠡᠷ᠎ᠡ ᠥᠪᠡᠷ᠎ᠦᠨ ᠰᠠᠨᠠᠯ᠎ᠢᠶᠠᠨ ᠨᠠᠷᠢᠨ ᠬᠢᠨᠠᠮᠠᠭᠠᠢ ᠲᠠᠭ᠍ᠯᠠᠨ᠎ᠠ;

(ᠲᠦᠷᠪᠡ)ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠬᠦᠯᠬᠦ ᠡᠲᠡᠭᠡᠳ᠎ᠲᠦ ᠵᠢᠭᠰᠠᠭᠠᠨ ᠣᠷᠣᠭᠤᠯᠵᠤ ᠪᠣᠯᠬᠤ ᠡᠰᠡᠬᠦ᠌ ᠲᠤᠬᠠᠢ ᠨᠠᠮ᠎ᠤᠨ ᠡᠭᠦᠷ᠎ᠲᠦ ᠰᠠᠨᠠᠯ᠎ᠢᠶᠠᠨ ᠳᠤᠷᠠᠳᠤᠨ᠎ᠠ᠃

ᠠᠵᠢᠯ᠎ᠤᠨ ᠪᠠᠢᠷᠢ᠎ᠳᠤ ᠬᠤᠪᠢᠷᠠᠯᠲᠠ ᠭᠠᠷᠤᠭ᠍ᠰᠠᠨ ᠡᠴᠡ ᠪᠣᠯᠵᠣ ᠲᠤᠱᠢᠶᠠᠯ ᠬᠠᠷᠢᠭᠤᠴᠠᠯᠭ᠎ᠠ᠎ᠪᠠᠨ ᠬᠡᠪ᠎ᠦᠨ ᠶᠣᠰᠣᠭᠠᠷ ᠭᠦᠶ᠋ᠴᠡᠳᠭᠡᠬᠦ᠌᠎ᠶ᠋ᠢᠨ ᠠᠷᠭ᠎ᠠ ᠥᠬᠡᠶ ᠪᠣᠯᠤᠭ᠍ᠰᠠᠨ ᠵᠢᠴᠢ ᠪᠤᠰᠤᠳ ᠱᠢᠯᠲᠠᠭᠠᠨ ᠡᠴᠡ ᠪᠣᠯᠵᠣ ᠬᠥᠮᠦᠵᠢᠭᠦᠯᠬᠦ᠌ ᠬᠠᠷᠢᠯᠴᠠᠬᠤ ᠬᠥᠮᠦᠨ ᠎ᠦ ᠲᠤᠱᠢᠶᠠᠯ᠎ᠢ ᠡᠭᠦᠷᠭᠡᠯᠡᠬᠦ᠌ ᠎ᠳᠦ ᠳᠣᠭᠢᠷᠠᠬᠤ ᠥᠬᠡᠶ ᠪᠣᠯᠤᠭ᠍ᠰᠠᠨ ᠪᠠᠢᠪᠠᠯ᠂ ᠨᠠᠮ᠎ᠤᠨ ᠵᠣᠬᠢᠶᠠᠨ ᠪᠠᠢᠭᠤᠯᠤᠯᠲᠠ ᠡᠴᠡ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ᠌ ᠬᠡᠷᠡᠭ᠌ᠲᠡᠶ᠃

ᠠᠷᠪᠠᠳᠤᠭᠠᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠨᠠᠮ᠎ᠳᠤ ᠡᠯᠰᠡᠬᠦ ᠨᠠᠮ᠎ᠤᠨ ᠬᠢᠴᠢᠶᠡᠯ᠎ᠢ ᠰᠣᠨᠣᠰᠬᠠᠵᠤ᠂ ᠨᠠᠮ᠎ᠤᠨ ᠳᠣᠲᠣᠭᠠᠳᠤ᠎ᠶ᠋ᠢᠨ ᠬᠣᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠭᠤᠯᠵᠤ᠂ ᠲᠡᠳᠡᠨ᠎ᠳᠦ ᠵᠣᠬᠢᠬᠤ ᠨᠡᠢᠭᠡᠮ᠎ᠦᠨ ᠠᠵᠢᠯ ᠵᠢᠴᠢ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠠᠷᠭ᠎ᠠ ᠬᠤᠪᠢᠶᠠᠵᠤ ᠥᠭ᠌ᠴᠦ᠂ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠳᠦ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ ᠎ᠦᠨ ᠦᠵᠡᠯ ᠰᠠᠨᠠᠭ᠎ᠠ᠂ ᠳ᠋ᠧᠩ ᠱᠢᠶᠣᠤ ᠫᠢᠩ᠎ᠦᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠦᠮᠦᠵᠢᠯ᠂ ᠨᠠᠮ᠎ᠤᠨ ᠱᠤᠭᠤᠮ᠂ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ ᠪᠠ ᠨᠠᠮ᠎ᠤᠨ ᠳᠦᠷᠢᠮ᠂ ᠨᠠᠮ᠎ᠤᠨ ᠦᠨᠳᠦᠰᠦᠨ ᠮᠡᠳᠡᠯᠭᠡ᠎ᠶ᠋ᠢᠨ ᠬᠥᠮᠦᠵᠢᠯ᠂ ᠨᠠᠮ᠎ᠤᠨ ᠲᠡᠦᠬᠡ ᠪᠠ ᠱᠢᠯᠢᠳᠡᠭ ᠤᠯᠠᠮᠵᠢᠯᠠᠯ᠂ ᠣᠪᠣᠷ ᠰᠤᠷᠲᠠᠯ᠎ᠤᠨ ᠬᠥᠮᠦᠵᠢᠯ᠂ ᠨᠠᠮ ᠎ᠤᠨ ᠰᠠᠬᠢᠯᠭ᠎ᠠ ᠪᠠᠲᠤ᠎ᠶ᠋ᠢᠨ ᠬᠥᠮᠦᠵᠢᠯ᠂ ᠨᠡᠢᠭᠡᠮ ᠵᠢᠷᠤᠮ᠎ᠤᠨ ᠭᠤᠤᠯᠯᠠᠬᠴᠢ ᠥᠷᠲᠡᠭ᠎ᠦᠨ ᠦᠵᠡᠯᠲᠡ᠎ᠶ᠋ᠢᠨ ᠬᠥᠮᠦᠵᠢᠯ ᠬᠦᠷᠳᠡᠭᠡᠵᠦ᠂ ᠲᠡᠳᠡᠨ᠎ᠳᠦ ᠨᠠᠮ᠎ᠤᠨ ᠱᠢᠨᠵᠢ ᠴᠢᠨᠠᠷ᠂ ᠬᠥᠲᠥᠯᠪᠦᠷᠢ᠂ ᠵᠣᠷᠢᠯᠲᠠ᠂ ᠵᠣᠬᠢᠶᠠᠨ ᠪᠠᠢᠭᠤᠯᠤᠯᠲᠠ᠎ᠶ᠋ᠢᠨ ᠵᠠᠷᠴᠢᠮ ᠪᠠ ᠰᠠᠬᠢᠯᠭ᠎ᠠ ᠪᠠᠲᠤ᠌ ᠵᠢ ᠮᠡᠳᠡᠬᠦᠯᠵᠦ᠂ ᠨᠠᠮ᠎ᠤᠨ ᠭᠡᠱᠢᠭᠦᠨ᠎ᠦ ᠡᠭᠦᠷᠭᠡ ᠪᠠ ᠡᠷᠬᠡ᠎ᠶ᠋ᠢ ᠮᠡᠳᠡᠬᠦᠯᠵᠦ᠂ ᠲᠡᠳᠡᠨ ᠤ᠋ ᠨᠠᠮ᠎ᠳᠤ ᠣᠷᠣᠬᠤ ᠤᠭ ᠰᠠᠨᠠᠭ᠎ᠠ ᠪᠠᠨ ᠲᠥᠪ ᠪᠤᠯᠭᠠᠵᠤ᠂ ᠡᠪ ᠬᠠᠮᠲᠤ ᠶᠣᠰᠣᠨ᠎ᠤ ᠦᠢᠯᠡᠰ᠎ᠦᠨ ᠲᠥᠯᠥᠭᠡ ᠨᠠᠰᠤ᠎ᠪᠠᠷ᠎ᠢᠶᠠᠨ ᠲᠡᠮᠡᠴᠡᠬᠦ᠌ ᠢᠲᠡᠭᠡᠯ ᠵᠣᠷᠢᠭ᠎ᠢ ᠪᠤᠢ ᠪᠤᠯᠭᠠᠬᠤ᠎ᠳᠦ ᠬᠠᠪᠰᠤᠷᠤᠨ᠎ᠠ᠃

ᠠᠷᠪᠠᠨ ᠨᠢᠭᠡᠳᠦᠭᠡᠷ ᠵᠦᠢᠯ   ᠨᠠᠮ᠎ᠤᠨ ᠡᠭᠦᠷ ᠨᠠᠮ ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠠᠭᠠᠰ ᠵᠢᠯ᠎ᠳᠦ ᠨᠢᠭᠡ ᠤᠳᠠᠭ᠎ᠠ ᠰᠢᠯᠭᠠᠨ ᠪᠠᠢᠴᠠᠭᠠᠨ᠎ᠠ᠃ ᠱᠢᠶᠠᠨ᠎ᠤ ᠱᠠᠲᠤᠨ᠎ᠤ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠪᠠ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ ᠵᠢᠯ ᠪᠦᠷᠢ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠦ ᠡᠩᠨᠡᠭᠡ᠎ᠶ᠋ᠢᠨ ᠪᠠᠢᠳᠠᠯ᠎ᠳᠤ ᠨᠢᠭᠡ ᠤᠳᠠᠭᠠᠨ᠎ᠤ ᠵᠠᠳᠠᠯᠤᠯᠲᠠ ᠬᠢᠬᠦ ᠬᠡᠷᠡᠭᠳᠡᠢ᠃ ᠣᠷᠣᠱᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭ᠌ᠲᠡᠶ᠃

ᠠᠷᠪᠠᠨ ᠬᠣᠶᠠᠳᠤᠭᠠᠷ ᠵᠦᠢᠯ   ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ ᠤ᠋ ᠠᠵᠢᠯᠯᠠᠵᠤ᠂ ᠰᠤᠷᠤᠯᠴᠠᠵᠤ ᠪᠠᠢᠭ᠎ᠠ ᠨᠢᠭᠡᠴᠢ ᠪᠤᠶᠤ ᠰᠠᠭᠤᠭ᠎ᠠ ᠭᠠᠵᠠᠷ ᠨᠢ ᠬᠤᠪᠢᠷᠠᠯᠲᠠ ᠭᠠᠷᠪᠠᠯ᠂ ᠴᠠᠭ ᠲᠤᠬᠠᠢ᠎ᠳᠤᠨᠢ ᠤᠤᠯ ᠨᠢᠭᠡᠴᠢ ᠪᠤᠶᠤ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠳᠤ ᠮᠡᠳᠡᠭᠦᠯᠬᠦ᠌ ᠬᠡᠷᠡᠭ᠌ᠲᠡᠢ᠃ ᠤᠤᠯ ᠨᠢᠭᠡᠴᠢ ᠪᠤᠶᠤ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠨᠠᠮ᠎ᠳᠤ ᠣᠷᠣᠬᠤ ᠭᠤᠶᠤᠴᠢᠯᠠᠯ᠎ᠤᠨ ᠪᠢᠴᠢᠭ᠂ 《ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠭᠦᠯᠬᠦ ᠰᠢᠯᠭᠠᠨ ᠪᠠᠢᠴᠠᠭᠠᠬᠤ ᠳᠠᠩᠰᠠᠯᠠᠯᠳᠠ᠎ᠶᠢᠨ ᠬᠦᠰᠦᠨᠦᠭ᠌ 》 ᠵᠡᠷᠭᠡ ᠮᠠᠲ᠋ᠧᠷᠢᠶᠠᠯ᠎ᠢ ᠲᠤᠬᠠᠢ᠎ᠶ᠋ᠢᠨ ᠨᠢᠭᠡᠴᠢ ᠪᠤᠶᠤ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ᠎ᠳᠤ ᠴᠠᠭ ᠲᠤᠬᠠᠢ᠎ᠳᠤᠨᠢ ᠱᠢᠯᠵᠢᠭᠦᠯᠦᠨ ᠲᠤᠱᠢᠶᠠᠪᠠᠯ ᠵᠤᠬᠢᠨ᠎ᠠ᠃ ᠤᠳᠤ ᠪᠠᠢᠭ᠎ᠠ ᠨᠢᠭᠡᠴᠢ ᠪᠤᠶᠤ ᠰᠠᠭᠤᠭ᠎ᠠ ᠭᠠᠵᠠᠷ᠎ᠤᠨ ᠨᠠᠮ᠎ᠤᠨ ᠵᠣᠬᠢᠶᠠᠨ ᠪᠠᠢᠭᠤᠯᠤᠯᠲᠠ ᠬᠣᠯᠪᠣᠭ᠍ᠳᠠᠯ ᠪᠦᠬᠦᠢ ᠮᠠᠲ᠋ᠧᠷᠢᠶᠠᠯ᠎ᠢ ᠬᠢᠨᠠᠮᠠᠭᠠᠢ ᠬᠢᠨᠠᠨ ᠪᠠᠢᠴᠠᠭᠠᠬᠤ ᠪᠥᠭᠡᠳ  ᠬᠥᠮᠦᠵᠢᠭᠦᠯᠬᠦ ᠠᠵᠢᠯ᠎ᠢ ᠦᠷᠭᠦᠯᠵᠢᠯᠡᠨ ᠰᠠᠢᠲᠤᠷ ᠬᠢᠪᠡᠯ ᠵᠤᠬᠢᠨ᠎ᠠ᠃  ᠬᠥᠮᠦᠵᠢᠭᠦᠯᠬᠦ ᠴᠠᠭ᠎ᠢ ᠦᠷᠭᠦᠯᠵᠢᠯᠡᠨ ᠪᠣᠳᠣᠵᠤ ᠪᠣᠯᠤᠨ᠎ᠠ᠃

ᠭᠤᠷᠪᠠᠳᠤᠭᠠᠷ ᠪᠦᠯᠦᠭ    ᠬᠦᠮᠦᠵᠢᠬᠦᠯᠬᠦ ᠡᠲᠡᠭᠡᠳ᠎ᠢ ᠲᠣᠭ᠍ᠲᠠᠭᠠᠬᠤ ᠪᠠ ᠰᠢᠯᠭᠠᠨ ᠪᠠᠢᠴᠠᠭᠠᠬᠤ

ᠠᠷᠪᠠᠨ ᠭᠤᠷᠪᠠᠳᠤᠭᠠᠷ ᠵᠦᠢᠯ   ᠨᠢᠭᠡ ᠵᠢᠯ᠎ᠡᠴᠡ ᠳᠡᠭᠡᠭ᠌ᠰᠢ  ᠬᠥᠮᠦᠵᠢᠭᠦᠯᠬᠦ ᠪᠠ ᠱᠢᠯᠭᠠᠨ ᠪᠠᠢᠴᠠᠭᠠᠬᠤ᠎ᠪᠠᠷ ᠳᠠᠮᠵᠢᠭᠠᠳ᠂ ᠨᠠᠮ᠎ᠤᠨ ᠭᠡᠱᠢᠭᠦᠨ᠎ᠦ ᠨᠥᠬᠥᠴᠡᠯ᠎ᠢ ᠦᠨᠳᠦᠰᠦᠨ᠎ᠳᠡᠭᠡᠨ ᠪᠦᠷᠢᠯᠳᠦᠭᠦᠯᠦᠭ᠌ᠰᠡᠨ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠨᠠᠮ᠎ᠤᠨ ᠳᠤᠭᠤᠢᠯᠠᠩ᠂ ᠬᠦᠮᠦᠵᠢᠬᠦᠯᠬᠦ ᠬᠠᠷᠢᠯᠴᠠᠬᠤ ᠬᠥᠮᠦᠨ᠂ ᠨᠠᠮ᠎ᠤᠨ ᠭᠡᠱᠢᠭᠦᠨ ᠪᠠ ᠤᠯᠠᠨ ᠲᠦᠮᠡᠨ ᠵᠡᠷᠭᠡ᠎ᠶᠢᠨ ᠰᠠᠨᠠᠯ᠎ᠢ ᠰᠣᠨᠣᠰᠤᠭ᠍ᠰᠠᠨ ᠰᠠᠭᠤᠷᠢᠨ ᠳᠡᠭᠡᠷ᠎ᠡ᠂ ᠨᠠᠮ᠎ᠤᠨ ᠡᠭᠦᠷ᠎ᠦᠨ ᠭᠡᠱᠢᠭᠦᠳ᠎ᠦᠨ ᠬᠤᠷᠠᠯ ᠳᠡᠭᠡᠷ᠎ᠡ ᠰᠤᠳᠤᠯᠤᠨ ᠶᠠᠷᠢᠯᠴᠠᠬᠤ᠎ᠶ᠋ᠢᠨ ᠬᠠᠮᠲᠤ ᠳᠡᠭᠡᠳᠦ ᠱᠠᠲᠤᠨ᠎ᠤ ᠨᠠᠮ᠎ᠤᠨ ᠬᠤᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠦᠭᠡᠳ ᠬᠦᠮᠦᠵᠢᠬᠦᠯᠬᠦ ᠡᠲᠡᠭᠡᠳ᠎ᠲᠦ ᠵᠢᠭᠰᠠᠭᠠᠨ ᠣᠷᠣᠭᠤᠯᠬᠤ ᠪᠡᠷ ᠪᠠᠢᠭ᠎ᠠ ᠪᠤᠯ᠂ ᠠᠵᠢᠯᠯᠠᠵᠤ᠂ ᠰᠤᠷᠤᠯᠴᠠᠵᠤ ᠪᠠᠢᠭ᠎ᠠ ᠨᠢᠭᠡᠴᠢ ᠪᠤᠶᠤ ᠰᠠᠭᠤᠭ᠎ᠠ ᠭᠠᠵᠠᠷ᠎ᠲᠦ ᠵᠠᠷᠯᠠᠨ ᠨᠡᠢᠲᠡᠯᠡᠵᠦ᠍᠂ ᠵᠠᠷᠯᠠᠨ ᠨᠡᠢᠲᠡᠯᠡᠬᠦ᠌ ᠬᠤᠭᠤᠴᠠᠭ᠎ᠠ᠎ᠶ᠋ᠢ ᠲᠠᠪᠤᠨ ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠣᠯᠬᠤ ᠦᠭᠡᠢ᠃ ᠬᠦᠮᠦᠵᠢᠬᠦᠯᠬᠦ ᠡᠲᠡᠭᠡᠳ᠎ᠲᠦ ᠵᠢᠭ᠍ᠰᠠᠭᠠᠨ ᠣᠷᠣᠭᠤᠯᠬᠤ᠎ᠪᠠᠷ ᠪᠠᠢᠭ᠎ᠠ ᠨᠡᠭᠦᠳᠡᠯ ᠬᠥᠮᠦᠰ᠎ᠢ ᠨᠡᠭᠦᠵᠦ ᠶᠠᠪᠤᠭᠰᠠᠨ ᠭᠠᠵᠠᠷ ᠪᠣᠯᠤᠨ ᠨᠡᠭᠦᠵᠦ ᠤᠴᠢᠭᠰᠠᠨ ᠭᠠᠵᠠᠷ᠎ᠲᠦ ᠬᠠᠮᠲᠤ᠎ᠳᠤᠨᠢ ᠨᠡᠢᠲᠡᠯᠡᠪᠡᠯ ᠵᠤᠬᠢᠨ᠎ᠠ᠃ ᠵᠠᠷᠯᠠᠨ ᠨᠡᠢᠲᠡᠯᠡᠭ᠌ᠰᠡᠨ ᠦᠷ᠎ᠡ ᠳ᠋ᠦᠩ ᠨᠢ ᠨᠠᠮ᠎ᠳᠤ ᠡᠯᠰᠡᠬᠦ᠌᠎ᠶ᠋ᠢ ᠨᠥᠯᠥᠭᠡᠯᠡᠬᠦ᠌ ᠥᠬᠡᠶ ᠪᠠᠢᠪᠠᠯ ᠲᠡᠭᠦᠨ᠎ᠢ ᠬᠦᠮᠦᠵᠢᠬᠦᠯᠬᠦ ᠡᠲᠡᠭᠡᠳ᠎ᠲᠤ ᠵᠢᠭᠰᠠᠭᠠᠨ ᠣᠷᠣᠭᠤᠯᠵᠤ ᠪᠣᠯᠤᠨ᠎ᠠ᠃

ᠠᠷᠪᠠᠨ ᠳᠥᠷᠪᠡᠳᠦᠭᠡᠷ ᠵᠦᠢᠯ   ᠬᠦᠮᠦᠵᠢᠬᠦᠯᠬᠦ ᠡᠲᠡᠭᠡᠳ ᠨᠢ ᠬᠣᠶᠠᠷ ᠵᠢᠩᠬᠢᠨᠢ ᠨᠠᠮ᠎ᠤᠨ ᠭᠡᠱᠢᠭᠦᠨ᠎ᠢᠶᠡᠷ ᠨᠠᠮ᠎ᠳᠤ ᠣᠷᠣᠬᠤ ᠲᠠᠨᠢᠯᠴᠠᠭᠤᠯᠤᠭ᠍ᠴᠢ ᠪᠤᠯᠭᠠᠪᠠᠯ ᠵᠤᠬᠢᠨ᠎ᠠ᠃ ᠨᠠᠮ᠎ᠳᠤ ᠣᠷᠣᠬᠤ ᠲᠠᠨᠢᠯᠴᠠᠭᠤᠯᠤᠭ᠍ᠴᠢ᠎ᠶ᠋ᠢ ᠡᠩ᠎ᠦᠨ ᠪᠠᠢᠳᠠᠯ᠎ᠳᠤ ᠬᠦᠮᠦᠵᠢᠬᠦᠯᠬᠦ ᠬᠠᠷᠢᠯᠴᠠᠬᠤ ᠬᠥᠮᠦᠨ ᠬᠠᠷᠢᠭᠤᠴᠠᠵᠤ᠂ ᠨᠠᠮ᠎ᠤᠨ ᠵᠣᠬᠢᠶᠠᠨ ᠪᠠᠢᠭᠤᠯᠤᠯᠲᠠ ᠡᠴᠡ ᠵᠢᠭᠠᠨ ᠲᠣᠭ᠍ᠲᠠᠭᠠᠭ᠍ᠰᠠᠨ ᠴᠤ᠌ ᠪᠣᠯᠤᠨ᠎ᠠ᠃

ᠳᠣᠩᠭᠣᠳᠤᠭᠳᠠᠭᠰᠠᠨ᠂ ᠴᠢᠩᠭ᠎ᠠ ᠳᠣᠩᠭᠣᠳᠤᠭᠳᠠᠭᠰᠠᠨ᠂ ᠨᠠᠮ᠎ᠤᠨ ᠳᠣᠲᠣᠭᠠᠳᠤ᠎ᠶ᠋ᠢᠨ ᠲᠤᠱᠢᠶᠠᠯ ᠡᠴᠡ ᠨᠢ ᠤᠭ᠍ᠴᠤᠷᠠᠭᠤᠯᠬᠤ ᠱᠢᠢᠳᠭᠡᠯ ᠣᠯᠤᠭ᠍ᠰᠠᠨ ᠨᠥᠯᠥᠭᠡᠯᠡᠬᠦ ᠬᠤᠭᠤᠴᠠᠭᠠᠨ᠎ᠳᠠᠬᠢ ᠨᠠᠮ᠎ᠤᠨ ᠭᠡᠱᠢᠭᠦᠨ᠎ᠢ ᠨᠠᠮ᠎ᠳᠤ ᠣᠷᠣᠬᠤ ᠲᠠᠨᠢᠯᠴᠠᠭᠤᠯᠤᠭ᠍ᠴᠢ ᠪᠤᠯᠭᠠᠬᠤ ᠨᠢ ᠲᠣᠬᠢᠷᠠᠮᠵᠢ ᠦᠭᠡᠢ᠃ ᠨᠠᠮ᠎ᠳᠤ ᠦᠯᠡᠳᠡᠭᠡᠨ ᠪᠠᠢᠴᠠᠭᠠᠨ ᠦᠵᠡᠬᠦ᠌ ᠱᠢᠢᠳᠭᠡᠯ ᠣᠯᠤᠭᠰᠠᠨ᠂ ᠨᠠᠮ᠎ᠤᠨ ᠭᠡᠱᠢᠭᠦᠨ᠎ᠦ ᠡᠷᠬᠡ᠎ᠪᠡᠨ ᠰᠡᠷᠭᠦᠭᠡᠭᠡᠳᠦᠢ ᠨᠠᠮ᠎ᠤᠨ ᠭᠡᠱᠢᠭᠦᠨ᠎ᠢ ᠨᠠᠮ᠎ᠳᠤ ᠣᠷᠣᠬᠤ ᠲᠠᠨᠢᠯᠴᠠᠭᠤᠯᠤᠭ᠍ᠴᠢ ᠪᠤᠯᠭᠠᠵᠤ ᠪᠣᠯᠬᠤ ᠦᠭᠡᠢ᠃

ᠠᠷᠪᠠᠨ ᠲᠠᠪᠤᠳᠤᠭᠠᠷ ᠵᠦᠢᠯ   ᠨᠠᠮ᠎ᠳᠤ ᠣᠷᠣᠬᠤ ᠲᠠᠨᠢᠯᠴᠠᠭᠤᠯᠤᠭ᠍ᠴᠢ᠎ᠶ᠋ᠢᠨ ᠭᠣᠣᠯ ᠡᠭᠦᠷᠭᠡ ᠪᠣᠯ᠄

(ᠨᠢᠭᠡ) ᠬᠦᠮᠦᠵᠢᠬᠦᠯᠬᠦ ᠡᠲᠡᠭᠡᠳ᠎ᠲᠦ ᠨᠠᠮ᠎ᠤᠨ ᠬᠥᠲᠥᠯᠪᠦᠷᠢ᠂ ᠳᠦᠷᠢᠮ᠎ᠢ ᠲᠠᠢᠯᠪᠤᠷᠢᠯᠠᠵᠤ᠂ ᠨᠠᠮ᠎ᠤᠨ ᠭᠡᠱᠢᠭᠦᠨ᠎ᠦ ᠨᠥᠬᠥᠴᠡᠯ᠂ ᠡᠭᠦᠷᠭᠡ ᠪᠠ ᠡᠷᠬᠡ᠎ᠶ᠋ᠢ ᠲᠣᠳᠣᠷᠬᠠᠢᠯᠠᠨ᠎ᠠ;

(ᠬᠣᠶᠠᠷ) ᠬᠦᠮᠦᠵᠢᠬᠦᠯᠬᠦ ᠡᠲᠡᠭᠡᠳ᠎ᠤᠨ ᠨᠠᠮ᠎ᠳᠦ ᠤᠷᠤᠬᠤ ᠤᠭ ᠰᠠᠨᠠᠭ᠎ᠠ᠂ ᠤᠯᠤᠰ ᠲᠦᠷᠦ᠍᠎ᠶ᠋ᠢᠨ ᠤᠬᠠᠮᠰᠠᠷ᠂ ᠶᠣᠰᠣ ᠮᠣᠷᠠᠯ ᠵᠠᠩ ᠴᠢᠨᠠᠷ᠂ ᠰᠤᠷᠤᠯᠴᠠᠵᠤ ᠠᠵᠢᠯᠯᠠᠭ᠍ᠰᠠᠨ ᠥᠩᠭᠡᠷᠡᠯᠲᠡ᠂ ᠪᠣᠳᠠᠲᠤ ᠢᠯᠡᠷᠡᠯ ᠵᠡᠷᠭᠡ ᠪᠠᠢᠳᠠᠯ᠎ᠢ ᠬᠢᠨᠠᠮᠠᠭᠠᠢ ᠣᠢᠯᠠᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠳᠤ ᠦᠨᠡᠨ ᠮᠥᠨ᠎ᠢᠶᠡᠷ ᠨᠢ ᠬᠠᠷᠢᠭᠤ ᠮᠡᠳᠡᠭᠦᠯᠦᠨ᠎ᠡ;

(ᠭᠤᠷᠪᠠ) ᠬᠦᠮᠦᠵᠢᠬᠦᠯᠬᠦ ᠡᠲᠡᠭᠡᠳ᠎ᠢ ᠵᠢᠯᠣᠭᠣᠳᠤᠨ 《ᠳᠤᠮᠳᠠᠳᠤ ᠤᠯᠤᠰ᠎ᠤᠨ ᠡᠪ ᠬᠠᠮᠲᠤ ᠨᠠᠮ ᠤ᠋ᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ》 ᠢ᠋ ᠲᠠᠭ᠍ᠯᠠᠭᠤᠯᠬᠤ᠎ᠶ᠋ᠢᠨ ᠬᠠᠮᠲᠤ ᠥᠪᠡᠷ᠎ᠦᠨ ᠰᠠᠨᠠᠯ᠎ᠢᠶᠠᠨ ᠨᠠᠷᠢᠨ ᠬᠢᠨᠠᠮᠠᠭᠠᠶ ᠲᠠᠭ᠍ᠯᠠᠨ᠎ᠠ;

(ᠳᠥᠷᠪᠡ) ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ᠎ᠳᠤ ᠬᠦᠮᠦᠵᠢᠬᠦᠯᠬᠦ ᠡᠲᠡᠭᠡᠳ᠎ᠦᠨ ᠪᠠᠢᠳᠠᠯ᠎ᠢ ᠬᠠᠷᠢᠭᠤᠴᠠᠯᠭ᠎ᠠ ᠲᠠᠢ ᠪᠡᠷ ᠲᠠᠨᠢᠯᠴᠠᠭᠤᠯᠤᠨ᠎ᠠ;

(ᠲᠠᠪᠤ ) ᠬᠦᠮᠦᠵᠢᠬᠦᠯᠬᠦ ᠡᠲᠡᠭᠡᠳ᠎ᠢ ᠪᠡᠯᠡᠳᠭᠡᠯ ᠨᠠᠮ᠎ᠤᠨ ᠭᠡᠱᠢᠭᠦᠨ ᠪᠤᠯᠭᠠᠬᠤ ᠪᠡᠷ ᠵᠥᠪᠱᠢᠶᠡᠷᠡᠭ᠌ᠰᠡᠨ᠎ᠦ ᠳᠠᠷᠠᠭ᠎ᠠ᠂ ᠦᠷᠭᠦᠯᠵᠢᠯᠡᠨ ᠬᠥᠮᠦᠵᠢᠭᠦᠯᠬᠦ᠎ᠳᠦ ᠬᠠᠪᠰᠤᠷᠴᠤ᠌᠂ 《ᠨᠠᠮ᠎ᠳᠦ ᠤᠷᠤᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠭᠦᠯᠬᠦ ᠰᠢᠯᠭᠠᠨ ᠪᠠᠢᠴᠠᠭᠠᠬᠤ ᠳᠠᠩᠰᠠᠯᠠᠯᠳᠠ᠎ᠶᠢᠨ ᠬᠦᠰᠦᠨᠦᠭ᠌》 ᠳᠡᠭᠡᠷ᠎ᠡ ᠥᠪᠡᠷ᠎ᠦᠨ ᠰᠠᠨᠠᠯ᠎ᠢᠶᠠᠨ ᠨᠠᠷᠢᠨ ᠬᠢᠨᠠᠮᠠᠭᠠᠶ ᠲᠠᠭ᠍ᠯᠠᠨ ᠪᠢᠴᠢᠨ᠎ᠡ᠃

ᠠᠷᠪᠠᠨ ᠵᠢᠷᠭᠤᠳᠤᠭᠠᠷ ᠵᠦᠢᠯ   ᠨᠠᠮ ᠎ᠤᠨ ᠵᠣᠬᠢᠶᠠᠨ ᠪᠠᠢᠭᠤᠯᠤᠯᠲᠠ ᠡᠷᠬᠡᠪᠰᠢ ᠬᠦᠮᠦᠵᠢᠭᠦᠯᠬᠦ ᠡᠲᠡᠭᠡᠳ᠎ᠲᠦ ᠤᠯᠤᠰ ᠲᠦᠷᠦ᠎ᠶᠢᠨ ᠬᠢᠨᠠᠨ ᠪᠠᠢᠴᠠᠭᠠᠯᠲᠠ ᠬᠢᠵᠦ᠂ ᠲᠡᠭᠦᠨ᠎ᠦ ᠨᠠᠮ᠎ᠳᠤ ᠣᠷᠣᠬᠤ ᠤᠭ ᠰᠠᠨᠠᠭ᠎ᠠ᠂ ᠤᠯᠤᠰ ᠲᠦᠷᠦ᠎ᠶᠢᠨ ᠬᠡᠪ ᠴᠢᠨᠠᠷ ᠪᠠ ᠠᠬᠤᠢᠴᠢ ᠢᠯᠡᠷᠡᠯ ᠵᠡᠷᠭᠡ ᠪᠠᠢᠳᠠᠯ᠎ᠢ ᠭᠦᠨᠵᠡᠭᠡᠢ ᠣᠢᠯᠠᠭᠠᠬᠤ ᠬᠡᠷᠡᠭᠲᠡᠢ᠃

ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢᠨ ᠭᠣᠣᠯ ᠠᠭᠤᠯᠭ᠎ᠠ ᠪᠣᠯ᠄ ᠮᠠᠷᠺᠰ᠎ᠤᠨ ᠦᠵᠡᠯ᠎ᠦᠨ ᠢᠲᠡᠭᠡᠯ ᠪᠢᠰᠢᠷᠡᠯ᠂ ᠡᠪ ᠬᠠᠮᠲᠤ ᠶᠤᠰᠤᠨ᠎ᠤ ᠢᠳᠡᠭᠡᠯ ᠪᠢᠰᠢᠷᠡᠯ ᠪᠣᠯᠣᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠢᠲᠡᠭᠡᠯ ᠪᠢᠰᠢᠷᠡᠯ᠎ᠢ ᠪᠠᠲᠤᠳᠬᠠᠭᠰᠠᠨ ᠪᠠᠢᠳᠠᠯ; 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠬᠠᠨ᠂《ᠳᠥᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ ᠪᠣᠳᠠᠲᠤ ᠢᠯᠡᠷᠡᠯ; ᠨᠠᠮ᠎ᠤᠨ ᠣᠨᠣᠯ ᠪᠠ ᠱᠤᠭᠤᠮ᠂ ᠴᠢᠭᠯᠡᠯᠲᠡ᠂ ᠲᠥᠷᠥ᠎ᠶᠢᠨ ᠪᠣᠳᠣᠯᠭ᠎ᠠ᠎ᠶᠢᠨ ᠲᠤᠬᠠᠢ ᠣᠪᠣᠷ; ᠤᠯᠤᠰ ᠲᠥᠷᠥ᠎ᠶᠢᠨ ᠲᠡᠦᠬᠡ ᠪᠠ ᠴᠢᠬᠤᠯᠠ ᠶᠡᠬᠡ ᠤᠯᠤᠰ ᠲᠥᠷᠥ᠎ᠶᠢᠨ ᠲᠡᠮᠡᠴᠡᠯ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ᠎ᠳᠡᠬᠢ ᠢᠯᠡᠷᠡᠯ; ᠬᠠᠤᠯᠢ ᠰᠠᠬᠢᠯᠭ᠎ᠠ᠎ᠶᠢ ᠵᠢᠷᠤᠮᠯᠠᠭᠰᠠᠨ ᠪᠠ ᠨᠡᠢᠭᠡᠮ ᠨᠡᠶ᠋ᠢᠲᠡ᠎ᠶᠢᠨ ᠶᠣᠰᠣ᠌ ᠮᠣᠷᠠᠯ᠂ ᠭᠡᠷ ᠪᠦᠯᠢ᠎ᠶᠢᠨ ᠡᠷᠬᠢᠮ ᠰᠤᠷᠲᠠᠯ ᠵᠢᠴᠢ ᠰᠦᠯᠵᠢᠶᠡᠨ᠎ᠦ ᠦᠢᠯᠡ ᠠᠵᠢᠯᠯᠠᠭ᠎ᠠ᠎ᠶᠢᠨ ᠢᠯᠡᠷᠡᠯ᠎ᠦᠨ ᠪᠠᠢᠳᠠᠯ; ᠭᠡᠷ ᠪᠦᠯᠢ᠎ᠶᠢᠨ ᠭᠣᠣᠯ ᠪᠦᠷᠢᠯᠳᠦᠭᠦᠨ ᠪᠠ ᠴᠢᠬᠤᠯᠠ ᠨᠡᠢᠭᠡᠮ᠎ᠦᠨ ᠬᠠᠷᠢᠴᠠᠭᠠᠨ᠎ᠤ ᠤᠯᠤᠰ ᠲᠥᠷᠥ᠎ᠶᠢᠨ ᠪᠠᠢᠳᠠᠯ ᠪᠤᠯᠤᠨ᠎ᠠ᠃

ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢᠨ ᠦᠨᠳᠦᠰᠦᠨ ᠠᠷᠭ᠎ᠠ ᠪᠣᠯ᠄ ᠲᠤᠰ ᠬᠥᠮᠥᠨ᠎ᠲᠠᠢ ᠶᠠᠷᠢᠯᠴᠠᠬᠤ᠂ ᠬᠣᠯᠪᠣᠭᠳᠠᠯ ᠪᠦᠬᠦᠢ ᠲᠠᠨᠭᠰᠠ ᠡᠪᠬᠡᠮᠡᠯ᠎ᠦᠨ ᠮᠠᠲᠧᠷᠢᠶᠠᠯ᠎ᠢ ᠪᠠᠢᠴᠠᠭᠠᠨ ᠦᠵᠡᠬᠦ᠂ ᠬᠣᠯᠪᠣᠭᠳᠠᠯ ᠪᠦᠬᠦᠢ ᠨᠢᠭᠡᠴᠢ ᠪᠠ ᠠᠵᠢᠯᠲᠠᠨ᠎ᠢ ᠡᠷᠢᠵᠦ ᠪᠠᠢᠳᠠᠯ᠎ᠢ ᠣᠢᠯᠠᠭᠠᠬᠤ ᠵᠢᠴᠢ ᠴᠢᠬᠤᠯᠠ ᠪᠦᠬᠦᠢ ᠵᠠᠬᠢᠳᠠᠯ᠎ᠢᠶᠠᠷ ᠪᠠᠢᠴᠠᠭᠠᠬᠤ ᠪᠤᠶᠤ ᠭᠠᠳᠠᠭ᠍ᠰᠢ ᠰᠢᠯᠵᠢᠭᠦᠯᠬᠦ᠃ ᠲᠤᠰ ᠬᠥᠮᠥᠨ ᠎ᠦ ᠲᠠᠨᠢᠯᠴᠠᠭᠤᠯᠭ᠎ᠠ ᠪᠠ ᠬᠣᠯᠪᠣᠭᠳᠠᠯ ᠪᠦᠬᠦᠢ ᠮᠠᠲᠧᠷᠢᠶᠠᠯ᠎ᠢ ᠪᠠᠢᠴᠠᠭᠠᠨ ᠤᠩᠰᠢᠭ᠍ᠰᠠᠨ ᠎ᠤ ᠲᠠᠷᠠᠭ᠎ᠠ᠂ ᠪᠠᠢᠳᠠᠯ ᠨᠢ ᠲᠣᠳᠣᠷᠬᠠᠢ ᠪᠠᠢᠪᠠᠯ ᠵᠠᠬᠢᠳᠠᠯ᠎ᠢᠶᠠᠷ ᠪᠠᠢᠴᠠᠭᠠᠬᠤ ᠦᠭᠡᠢ ᠪᠤᠶᠤ ᠭᠠᠳᠠᠭᠰᠢ ᠰᠢᠯᠵᠢᠭᠦᠯᠬᠦ ᠦᠭᠡᠢ ᠪᠠᠢᠵᠤ ᠪᠣᠯᠣᠨ᠎ᠠ᠃ ᠨᠡᠭᠦᠳᠡᠯ ᠬᠥᠮᠥᠰ᠎ᠦᠨ ᠳᠣᠲᠣᠷᠠᠬᠢ ᠬᠦᠮᠦᠵᠢᠭᠦᠯᠬᠦ ᠡᠲᠡᠭᠡᠳ᠎ᠲᠦ ᠤᠯᠤᠰ ᠲᠥᠷᠥ᠎ᠶᠢᠨ ᠬᠢᠨᠠᠨ ᠪᠠᠢᠴᠠᠭᠠᠯᠲᠠ ᠬᠢᠬᠦ᠎ᠳᠡᠭᠡᠨ ᠪᠠᠰᠠ ᠲᠡᠭᠦᠨ᠎ᠦ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ ᠪᠣᠯᠣᠨ ᠰᠠᠭᠤᠭ᠎ᠠ ᠭᠠᠵᠠᠷ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠠᠨᠠᠯ᠎ᠢ ᠬᠤᠷᠢᠶᠠᠬᠤ ᠬᠡᠷᠡᠭᠲᠡᠢ᠃

ᠤᠯᠤᠰ ᠲᠦᠷᠦ᠎ᠶᠢᠨ ᠬᠢᠨᠠᠨ ᠪᠠᠢᠴᠠᠭᠠᠯᠲᠠ ᠬᠢᠬᠦ᠎ᠳᠡᠭᠡᠨ᠂ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠬᠡᠷᠡᠭᠴᠡᠭᠡ᠎ᠪᠡᠨ ᠦᠨᠳᠦᠰᠦᠯᠡᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠰᠠᠨᠠᠯ᠎ᠢ ᠰᠣᠨᠣᠰᠴᠤ᠂ ᠰᠢᠶᠠᠨ᠎ᠤ ᠱᠠᠲᠤᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠠ ᠰᠠᠬᠢᠯᠭ᠎ᠠ ᠪᠠᠲᠤ ᠬᠠᠤᠯᠢ ᠴᠠᠭᠠᠵᠠ᠎ᠶᠢ ᠬᠡᠷᠡᠭᠵᠢᠭᠦᠯᠬᠦ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢᠨ ᠬᠠᠮᠲᠤᠷᠠᠨ ᠬᠢᠨᠠᠬᠤ ᠳᠦᠷᠢᠮ᠎ᠢ ᠪᠠᠢᠭᠤᠯᠤᠨ᠎ᠠ᠃

ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠳᠤ ᠡᠷᠬᠡᠪᠰᠢ ᠲᠥᠪ ᠴᠢᠩᠭ᠎ᠠ ᠨᠠᠷᠢᠨ ᠬᠢᠨᠠᠮᠠᠭᠠᠢ ᠪᠠᠢᠵᠤ᠂ ᠦᠨᠡᠨ᠎ᠡᠴᠡ ᠵᠥᠪ᠎ᠢ ᠡᠷᠢᠵᠦ᠂ ᠲᠤᠰ ᠬᠥᠮᠥᠨ᠎ᠦ ᠢᠮᠠᠭᠲᠠ᠎ᠶᠢᠨ ᠢᠯᠡᠷᠡᠯ᠎ᠢ ᠴᠢᠬᠤᠯᠠᠴᠢᠯᠠᠬᠤ ᠬᠡᠷᠡᠭᠲᠡᠢ᠃ ᠬᠢᠨᠠᠨ ᠪᠠᠢᠴᠠᠭᠠᠭᠰᠠᠨ ᠪᠠᠢᠳᠠᠯ᠎ᠢ ᠳ᠋ᠦᠩᠨᠡᠯᠲᠡ᠎ᠶᠢᠨ ᠴᠢᠨᠠᠷᠲᠠᠢ ᠮᠠᠲᠧᠷᠢᠶᠠᠯ ᠪᠣᠯᠭᠠᠪᠠᠯ ᠵᠤᠬᠢᠨ᠎ᠠ᠃

ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢ ᠳᠠᠮᠵᠢᠭ᠍ᠰᠠᠨ ᠦᠭᠡᠢ ᠪᠤᠶᠤ ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠳᠤ ᠬᠢᠷᠢ ᠲᠡᠩᠴᠡᠭᠰᠡᠨ ᠦᠭᠡᠢ ᠪᠠᠢᠪᠠᠯ᠂ ᠨᠠᠮ᠎ᠳᠤ ᠡᠯᠰᠡᠬᠦ ᠪᠡᠷ ᠬᠦᠮᠦᠵᠢᠭᠦᠯᠵᠦ ᠪᠣᠯᠬᠤ ᠦᠭᠡᠢ᠃

ᠠᠷᠪᠠᠨ ᠳᠣᠯᠣᠳᠤᠭᠠᠷ ᠵᠦᠢᠯ   ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠪᠤᠶᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠨᠢ ᠬᠦᠮᠦᠵᠢᠭᠦᠯᠬᠦ ᠡᠲᠡᠭᠡᠳ᠎ᠲᠦ ᠣᠬᠣᠷ ᠬᠤᠭᠤᠴᠠᠭᠠᠨ᠎ᠤ ᠲᠥᠪᠯᠡᠷᠡᠭᠰᠡᠨ ᠪᠣᠯᠪᠠᠰᠤᠷᠠᠯ ᠬᠢᠵᠦ᠂ ᠡᠩ᠎ᠦᠨ ᠪᠠᠢᠳᠠᠯ᠎ᠳᠤ ᠠᠬᠤᠢ ᠲᠠᠯᠠᠪᠠᠢ᠎ᠵᠢᠨ ᠠᠷᠭ᠎ᠠ ᠮᠠᠶᠢᠭ᠋᠎ᠢ ᠠᠪᠴᠤ᠂ ᠬᠡᠷᠡᠭᠴᠡᠭᠡ᠎ᠪᠡᠨ ᠦᠨᠳᠦᠰᠦᠯᠡᠨ ᠸᠢᠳᠢᠤ᠋᠎ᠠᠷᠭ᠎ᠠ ᠮᠠᠶᠢᠭ᠋᠎ᠢ ᠠᠪᠤᠭᠰᠠᠨ ᠴᠤ᠌ ᠪᠣᠯᠣᠨ᠎ᠠ᠃ ᠪᠣᠯᠪᠠᠰᠤᠷᠠᠯ᠎ᠤᠨ ᠴᠠᠭ ᠨᠢ ᠡᠩ᠎ᠦᠨ ᠪᠠᠢᠳᠠᠯ᠎ᠳᠤ ᠭᠤᠷᠪᠠᠨ ᠡᠳᠦᠷ᠎ᠡᠴᠡ ᠳᠤᠲᠠᠭᠤ ᠦᠭᠡᠢ ᠪᠤᠶᠤ ᠬᠣᠷᠢᠨ ᠳᠥᠷᠪᠡᠨ ᠬᠢᠴᠢᠶᠡᠯ᠎ᠦᠨ ᠴᠠᠭ᠎ᠡᠴᠡ ᠳᠤᠲᠠᠭᠤ ᠦᠭᠡᠢ ᠪᠠᠢᠬᠤ ᠬᠡᠷᠡᠭᠲᠡᠢ᠃ ᠪᠣᠯᠪᠠᠰᠤᠷᠠᠯ᠎ᠤᠨ ᠦᠶ᠎ᠡ᠎ᠳᠦ ᠭᠣᠣᠯᠳᠠᠭᠤ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠵᠤ᠂ ᠨᠠᠮ᠎ᠤᠨ ᠳᠦᠷᠢᠮ ᠪᠠ ᠨᠠᠮ᠎ᠤᠨ ᠳᠣᠲᠣᠭᠠᠳᠤ᠎ᠶᠢᠨ ᠬᠣᠯᠪᠣᠭᠳᠠᠯ ᠪᠦᠬᠦᠢ ᠬᠠᠤᠯᠢ ᠲᠣᠭᠲᠠᠭᠠᠯ᠎ᠢ ᠰᠤᠷᠤᠯᠴᠠᠵᠤ᠂ ᠨᠠᠮ᠎ᠤᠨ ᠲᠡᠦᠬᠡ᠎ᠶᠢ ᠰᠤᠷᠤᠯᠴᠠᠨ᠎ᠠ᠃ ᠲᠥᠪ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ᠎ᠡᠴᠡ ᠵᠣᠬᠢᠶᠠᠨ ᠪᠠᠢᠭᠤᠯᠵᠤ ᠨᠠᠢᠷᠠᠭᠤᠯᠤᠭᠰᠠᠨ《ᠨᠠᠮ᠎ᠳᠤ ᠣᠷᠣᠬᠤ ᠵᠢᠭᠠᠬᠤ ᠮᠠᠲᠧᠷᠢᠶᠠᠯ》 ᠢ᠋ ᠰᠤᠷᠤᠯᠴᠠᠯᠭ᠎ᠠ᠎ᠶᠢᠨ ᠬᠠᠪᠰᠤᠷᠤᠨ ᠵᠢᠯᠤᠭᠣᠳᠬᠤ ᠮᠠᠲᠧᠷᠢᠶᠠᠯ ᠪᠣᠯᠭᠠᠵᠤ ᠪᠣᠯᠣᠨ᠎ᠠ᠃

ᠣᠨᠴᠠ ᠵᠠᠷᠢᠮ ᠣᠨᠴᠠᠭᠠᠢ ᠪᠠᠢᠳᠠᠯ᠎ᠢ ᠭᠠᠷᠭᠠᠪᠠᠯ᠂ ᠪᠣᠯᠪᠠᠰᠤᠷᠠᠯ᠎ᠳᠤ ᠣᠷᠣᠭᠰᠠᠨ ᠦᠭᠡᠢ ᠪᠣᠯ ᠨᠠᠮ᠎ᠳᠤ ᠡᠯᠰᠡᠬᠦ ᠪᠡᠷ ᠬᠦᠮᠦᠵᠢᠭᠦᠯᠵᠦ ᠪᠣᠯᠬᠤ ᠦᠭᠡᠢ᠃

ᠳᠥᠷᠪᠡᠳᠦᠭᠡᠷ ᠪᠦᠯᠦᠭ   ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠬᠤ

ᠠᠷᠪᠠᠨ ᠨᠠᠢ᠍ᠮᠠᠳᠤᠭᠠᠷ ᠵᠦᠢᠯ   ᠨᠠᠮ᠎ᠤᠨ ᠡᠭᠦᠷ᠎ᠦᠨ ᠭᠡᠰᠢᠭᠦᠳ᠎ᠦᠨ ᠬᠤᠷᠠᠯ ᠨᠢ ᠬᠦᠮᠦᠵᠢᠭᠦᠯᠬᠦ ᠡᠲᠡᠭᠡᠳ᠎ᠢ ᠴᠢᠩᠭ᠎ᠠ ᠬᠢᠨᠠᠨ ᠪᠠᠢᠴᠠᠭᠠᠵᠤ᠂ ᠬᠠᠮᠲᠤ᠎ᠪᠠᠷ ᠶᠠᠷᠢᠯᠴᠠᠭᠠᠳ ᠬᠢᠷᠢ ᠲᠡᠩᠴᠡᠭᠰᠡᠨ ᠭᠡᠵᠦ ᠦᠵᠡᠪᠡᠯ᠂ ᠬᠢᠨᠠᠨ ᠵᠥᠪᠰᠢᠶᠡᠷᠡᠬᠦ ᠡᠷᠬᠡ ᠮᠡᠳᠡᠯ᠎ᠲᠠᠢ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠤᠷᠢᠳᠴᠢᠯᠠᠨ ᠬᠢᠨᠠᠭᠤᠯᠬᠤ ᠬᠡᠷᠡᠭᠲᠡᠢ᠃

ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠎ᠡᠴᠡ ᠬᠦᠮᠦᠵᠢᠭᠦᠯᠬᠦ ᠡᠲᠡᠭᠡᠳ᠎ᠦᠨ ᠨᠥᠬᠥᠴᠡᠯ᠂ ᠬᠥᠮᠥᠵᠢᠭᠦᠯᠵᠦ ᠰᠤᠷᠭᠠᠭᠰᠠᠨ ᠪᠠᠢᠳᠠᠯ ᠵᠡᠷᠭᠡ᠎ᠶᠢ ᠬᠢᠨᠠᠨ ᠪᠠᠢᠴᠠᠭᠠᠨ᠎ᠠ᠃ ᠬᠢᠨᠠᠨ ᠪᠠᠢᠴᠠᠭᠠᠭᠰᠠᠨ ᠦᠷ᠎ᠡ ᠳ᠋ᠦᠩ᠎ᠢ ᠪᠢᠴᠢᠭ᠎ᠦᠨ ᠬᠡᠯᠪᠡᠷᠢ᠎ᠪᠡᠷ ᠨᠠᠮ᠎ᠤᠨ ᠡᠭᠦᠷ᠎ᠲᠦ ᠮᠡᠳᠡᠭᠳᠡᠬᠦ᠎ᠶᠢᠨ ᠬᠠᠮᠲᠤ ᠬᠢᠨᠠᠨ ᠪᠠᠢᠴᠠᠭᠠᠭᠠᠳ ᠬᠢᠷᠢ ᠲᠡᠩᠴᠡᠭᠰᠡᠨ ᠬᠦᠮᠦᠵᠢᠭᠦᠯᠬᠦ ᠡᠲᠡᠭᠡᠳ᠎ᠲᠦ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠤᠨ ᠪᠢᠴᠢᠭ》 ᠲᠠᠷᠬᠠᠭᠠᠨ᠎ᠠ᠃

ᠬᠦᠮᠦᠵᠢᠭᠦᠯᠬᠦ ᠡᠲᠡᠭᠡᠳ ᠨᠢ ᠢᠷᠡᠬᠦ ᠭᠤᠷᠪᠠᠨ ᠰᠠᠷ᠎ᠠ᠎ᠶᠢᠨ ᠳᠣᠲᠣᠷ᠎ᠠ ᠠᠵᠢᠯᠯᠠᠵᠤ᠂ ᠰᠤᠷᠤᠯᠴᠠᠵᠤ ᠪᠠᠢᠭ᠎ᠠ ᠨᠢᠭᠡᠴᠢ᠎ᠡᠴᠡ ᠰᠠᠯᠬᠤ ᠭᠡᠵᠦ ᠪᠠᠢᠭ᠎ᠠ ᠪᠤᠯ ᠡᠩ᠎ᠦᠨ ᠪᠠᠢᠳᠠᠯ᠎ᠳᠤ ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠬᠤ ᠭᠠᠷ ᠭᠦᠢᠴᠡᠳᠬᠡᠯ ᠬᠢᠬᠦ ᠦᠭᠡᠢ᠃

ᠠᠷᠪᠠ ᠶᠢᠰᠦᠳᠦᠭᠡᠷ ᠵᠦᠢᠯ   ᠦᠨᠳᠦᠰᠦᠨ ᠱᠠᠲᠤᠨ᠎ᠤ ᠨᠠᠮ᠎ᠤᠨ ᠬᠤᠷᠢᠶ᠎ᠠ᠎ᠵᠢᠨ ᠤᠷᠢᠳᠴᠢᠯᠠᠨ ᠬᠢᠨᠠᠭᠠᠳ ᠬᠢᠷᠢ ᠲᠡᠩᠴᠡᠭᠰᠡᠨ ᠬᠦᠮᠦᠵᠢᠭᠦᠯᠬᠦ ᠡᠲᠡᠭᠡᠳ᠎ᠢ ᠨᠢᠭᠡ ᠰᠠᠷ᠎ᠠ᠎ᠶᠢᠨ ᠳᠣᠲᠣᠷ᠎ᠠ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠳᠤ ᠳᠡᠪᠰᠢᠭᠦᠯᠦᠨ ᠶᠠᠷᠢᠯᠴᠠᠭᠤᠯᠬᠤ ᠬᠡᠷᠡᠭᠲᠡᠢ᠃

ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠬᠤ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠢ ᠬᠤᠷᠠᠯᠳᠤᠭᠤᠯᠬᠤ᠎ᠳᠤ᠂ ᠬᠤᠷᠠᠯ ᠳ᠋ᠤ ᠤᠷᠤᠯᠴᠠᠭᠰᠠᠨ ᠪᠣᠳᠠᠲᠠᠢ ᠪᠠᠲᠤᠯᠠᠬᠤ ᠡᠷᠬᠡ᠎ᠲᠠᠢ ᠨᠠᠮ᠎ᠤᠨ ᠭᠡᠰᠢᠭᠦᠨ᠎ᠦ ᠬᠥᠮᠥᠨ᠎ᠦ ᠲᠣᠭ᠎ᠠ ᠨᠢ ᠡᠷᠬᠡᠪᠰᠢ ᠪᠠᠲᠤᠯᠠᠬᠤ ᠡᠷᠬᠡ᠎ᠲᠠᠢ ᠨᠠᠮ᠎ᠤᠨ ᠭᠡᠰᠢᠭᠦᠨ᠎ᠦ ᠲᠣᠭ᠎ᠠ᠎ᠶᠢᠨ ᠬᠠᠭᠠᠰ᠎ᠡᠴᠡ ᠳᠠᠪᠠᠭᠰᠠᠨ ᠪᠠᠢᠬᠤ ᠬᠡᠷᠡᠭᠲᠡᠢ᠃

ᠬᠣᠷᠢᠳᠤᠭᠠᠷ ᠵᠦᠢᠯ   ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠤᠨ ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠬᠤ᠎ᠶᠢ ᠶᠠᠷᠢᠯᠴᠠᠬᠤ ᠭᠣᠣᠯ ᠳᠡᠰ ᠳᠠᠷᠠᠭᠠᠯᠠᠯ ᠪᠣᠯ᠄

(ᠨᠢᠭᠡ) ᠬᠦᠮᠦᠵᠢᠭᠦᠯᠬᠦ ᠡᠲᠡᠭᠡᠳ ᠨᠠᠮ᠎ᠤᠨ ᠲᠤᠬᠠᠢ ᠲᠠᠨᠢᠯᠲᠠ᠂ ᠨᠠᠮ᠎ᠳᠤ ᠣᠷᠣᠬᠤ ᠤᠭ ᠰᠠᠨᠠᠭ᠎ᠠ᠂ ᠲᠤᠰ ᠬᠥᠮᠥᠨ᠎ᠦ ᠲᠣᠪᠴᠢ ᠨᠠᠮᠲᠠᠷ᠂ ᠭᠡᠷ ᠪᠦᠯᠢ᠎ᠶᠢᠨ ᠭᠣᠣᠯ ᠪᠦᠷᠢᠯᠳᠦᠭᠦᠨ ᠪᠠ ᠨᠡᠢᠭᠡᠮ᠎ᠦᠨ ᠴᠢᠬᠤᠯᠠ ᠬᠠᠷᠢᠴᠠᠭᠠᠨ᠎ᠤ ᠪᠠᠢᠳᠠᠯ ᠵᠢᠴᠢ ᠨᠠᠮ᠎ᠤᠨ ᠵᠣᠬᠢᠶᠠᠨ ᠪᠠᠢᠭᠤᠯᠤᠯᠲᠠ᠎ᠳᠤ ᠲᠣᠳᠣᠷᠬᠠᠢᠯᠠᠬᠤ ᠴᠢᠬᠤᠯᠠᠲᠠᠢ ᠠᠰᠠᠭᠤᠳᠠᠯ᠎ᠢ ᠬᠠᠷᠢᠭᠤ ᠮᠡᠳᠡᠭᠦᠯᠦᠨ᠎ᠡ᠃

(ᠬᠣᠶᠠᠷ) ᠨᠠᠮ᠎ᠳᠤ ᠣᠷᠣᠬᠤ ᠲᠠᠨᠢᠯᠴᠠᠭᠤᠯᠤᠭ᠍ᠴᠢ᠎ᠡᠴᠡ ᠬᠦᠮᠦᠵᠢᠭᠦᠯᠬᠦ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠬᠤ᠎ᠶᠢᠨ ᠬᠠᠮᠲᠤ ᠨᠠᠮ᠎ᠳᠤ ᠣᠷᠣᠵᠤ ᠳᠡᠶ᠋ᠢᠯᠬᠦ ᠡᠰᠡᠬᠦ᠎ᠳᠦ ᠰᠠᠨᠠᠯ᠎ᠢᠶᠠᠨ ᠲᠣᠳᠣᠷᠬᠠᠢᠯᠠᠨ᠎ᠠ᠃

(ᠭᠤᠷᠪᠠ) ᠨᠠᠮ᠎ᠤᠨ ᠡᠭᠦᠷ᠎ᠦᠨ ᠭᠡᠰᠢᠭᠦᠳ ᠤ᠋ᠨ ᠬᠤᠷᠠᠯ᠎ᠡᠴᠡ ᠬᠦᠮᠦᠵᠢᠭᠦᠯᠬᠦ  ᠡᠲᠡᠭᠡᠳ᠎ᠢ ᠬᠢᠨᠠᠨ ᠪᠠᠢᠴᠠᠭᠠᠭᠰᠠᠨ ᠪᠠᠢᠳᠠᠯ᠎ᠢᠶᠠᠨ ᠮᠡᠳᠡᠭᠦᠯᠦᠨ᠎ᠡ᠃

(ᠳᠥᠷᠪᠡ) ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠳ ᠬᠦᠮᠦᠵᠢᠭᠦᠯᠬᠦ ᠡᠲᠡᠭᠡᠳ᠎ᠦᠨ ᠨᠠᠮ᠎ᠳᠤ ᠣᠷᠣᠵᠤ ᠳᠡᠶ᠋ᠢᠯᠬᠦ ᠡᠰᠡᠬᠦ᠎ᠶᠢ ᠭᠦᠢᠴᠡᠳ ᠶᠠᠷᠢᠯᠴᠠᠬᠤ ᠪᠥᠭᠡᠳ ᠨᠢᠭᠤᠴᠠ ᠪᠡᠷ ᠪᠢᠯᠸᠲ ᠦᠭᠬᠦ ᠠᠷᠭ᠎ᠠ᠎ᠪᠠᠷ ᠪᠠᠲᠤᠯᠠᠯᠲᠠ ᠬᠢᠨ᠎ᠡ᠃ ᠵᠥᠪᠰᠢᠶᠡᠷᠡᠬᠦ ᠬᠥᠮᠥᠨ᠎ᠦ ᠲᠣᠭ᠎ᠠ ᠨᠢ ᠪᠠᠲᠤᠯᠠᠬᠤ ᠡᠷᠬᠡ᠎ᠲᠠᠢ ᠨᠠᠮ᠎ᠤᠨ ᠭᠡᠰᠢᠭᠦᠨ᠎ᠦ ᠲᠣᠭᠠᠨ᠎ᠤ ᠬᠠᠭᠠᠰ᠎ᠡᠴᠡ ᠬᠡᠲᠦᠷᠡᠪᠡᠯ ᠰᠠᠶᠢ ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠬᠤ ᠰᠢᠢᠳᠪᠦᠷᠢ᠎ᠶᠢ ᠪᠠᠲᠤᠯᠠᠵᠤ ᠪᠣᠯᠣᠨ᠎ᠠ᠃ ᠶᠠᠮᠠᠷ ᠨᠢᠭᠡᠨ ᠰᠢᠯᠲᠠᠭᠠᠨ᠎ᠡᠴᠡ ᠪᠣᠯᠵᠤ ᠬᠤᠷᠠᠯ᠎ᠳᠤ ᠣᠷᠣᠯᠴᠠᠵᠤ ᠳᠡᠶ᠋ᠢᠯᠬᠦ ᠦᠭᠡᠢ ᠪᠠᠲᠤᠯᠠᠬᠤ ᠡᠷᠬᠡ᠎ᠲᠠᠢ ᠨᠠᠮ᠎ᠤᠨ ᠭᠡᠰᠢᠭᠦᠨ ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠢ ᠬᠤᠷᠠᠯᠳᠤᠭᠤᠯᠬᠤ᠎ᠡᠴᠡ ᠡᠮᠦᠨ᠎ᠡ ᠨᠠᠮ᠎ᠤᠨ ᠡᠭᠦᠷ᠎ᠲᠦ ᠵᠢᠩᠬᠢᠨᠢ᠎ᠪᠡᠷ ᠪᠢᠴᠢᠭ᠎ᠦᠨ ᠬᠡᠯᠪᠡᠷᠢ᠎ᠵᠢᠨ ᠰᠠᠨᠠᠯ ᠳᠤᠷᠠᠳᠤᠭᠰᠠᠨ ᠪᠠᠢᠪᠠᠯ᠂ ᠪᠢᠯᠸᠲ᠎ᠤᠨ ᠲᠣᠭ᠎ᠠ ᠳᠣᠲᠣᠷ᠎ᠠ ᠪᠦᠷᠢᠳᠬᠡᠵᠦ ᠤᠷᠤᠭᠤᠯᠬᠤ ᠬᠡᠷᠡᠭᠲᠡᠢ᠃

ᠨᠠᠮ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ ᠬᠣᠶᠠᠷ᠎ᠡᠴᠡ ᠳᠡᠭᠡᠭᠰᠢᠬᠢ ᠨᠠᠮ᠎ᠳᠤ ᠬᠦᠮᠦᠵᠢᠭᠦᠯᠬᠦ ᠡᠲᠡᠭᠡᠳ᠎ᠢ ᠶᠠᠷᠢᠯᠴᠠᠬᠤ ᠦᠶ᠎ᠡ᠎ᠳᠦ ᠡᠷᠬᠡᠪᠰᠢ ᠨᠢᠭᠡᠳ ᠨᠢᠭᠡ᠎ᠪᠡᠷ ᠶᠠᠷᠢᠯᠴᠠᠵᠤ ᠪᠠᠲᠤᠯᠠᠬᠤ ᠬᠡᠷᠡᠭᠲᠡᠢ᠃

ᠬᠣᠷᠢᠨ ᠨᠢᠭᠡᠳᠦᠭᠡᠷ ᠵᠦᠢᠯ   ᠨᠠᠮ᠎ᠤᠨ ᠡᠭᠦᠷ ᠴᠠᠭ ᠲᠤᠬᠠᠢ ᠳ᠋ᠤᠨᠢ ᠨᠠᠮ᠎ᠤᠨ ᠭᠡᠰᠢᠭᠦᠳ᠎ᠦᠨ ᠶᠡᠬᠡ ᠬᠤᠷᠠᠯ᠎ᠤᠨ ᠰᠢᠢᠳᠪᠦᠷᠢ᠎ᠶᠢ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ》 ᠲᠤ᠌ ᠪᠢᠴᠢᠨ ᠣᠷᠣᠭᠤᠯᠵᠤ᠂ ᠲᠤᠰ ᠬᠥᠮᠥᠨ᠎ᠦ ᠨᠠᠮ᠎ᠳᠤ ᠣᠷᠣᠬᠤ ᠭᠤᠶᠤᠴᠢᠯᠠᠯ᠎ᠤᠨ ᠪᠢᠴᠢᠭ᠂ 《ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠭᠦᠯᠬᠦ ᠰᠢᠯᠭᠠᠨ ᠪᠠᠢᠴᠠᠭᠠᠬᠤ ᠳᠠᠩᠰᠠᠯᠠᠯᠲᠠ᠎ᠶ᠋ᠢᠨ ᠬᠦᠰᠦᠨᠦᠭ᠌》᠂ ᠤᠯᠤᠰ ᠲᠦᠷᠦ᠎ᠶᠢᠨ ᠬᠢᠨᠠᠨ ᠪᠠᠢᠴᠠᠭᠠᠯᠲᠠ᠎ᠶᠢᠨ ᠮᠠᠲᠧᠷᠢᠶᠠᠯ ᠵᠡᠷᠭᠡ᠎ᠲᠠᠢ ᠬᠠᠮᠲᠤ ᠳ᠋ᠤᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ (ᠠᠵᠢᠯ᠎ᠤᠨ ᠬᠣᠷᠢᠶ᠎ᠠ᠂ ᠳᠣᠷᠣᠭ᠍ᠰᠢ ᠠᠳᠠᠯᠢ) ᠳ᠋ᠤ᠌ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃

ᠨᠠᠮ ᠎ᠤᠨ ᠡᠭᠦᠷ᠎ᠦᠨ ᠨᠠᠮ᠎ᠤᠨ ᠭᠡᠰᠢᠭᠦᠳ᠎ᠦᠨ ᠶᠡᠬᠡ ᠬᠤᠷᠠᠯ᠎ᠤᠨ ᠰᠢᠢᠳᠪᠦᠷᠢ᠎ᠳᠦ ᠭᠣᠣᠯᠳᠠᠭᠤ᠄ ᠬᠦᠮᠦᠵᠢᠭᠦᠯᠬᠦ ᠡᠲᠡᠭᠡᠳ᠎ᠦᠨ ᠭᠣᠣᠯ ᠢᠯᠡᠷᠡᠯ; ᠬᠤᠷᠠᠯ᠎ᠳᠤ ᠣᠷᠣᠯᠴᠠᠬᠤ ᠶᠣᠰᠣᠲᠠᠢ ᠪᠠ ᠬᠤᠷᠠᠯ ᠳ᠋ᠤ ᠤᠷᠤᠯᠴᠠᠭᠰᠠᠨ ᠪᠤᠲᠠᠲᠠᠢ ᠪᠠᠲᠤᠯᠠᠬᠤ ᠡᠷᠬᠡ᠎ᠲᠠᠢ ᠨᠠᠮ᠎ᠤᠨ ᠭᠡᠰᠢᠭᠦᠨ᠎ᠦ ᠲᠣᠭ᠎ᠠ; ᠪᠠᠲᠤᠯᠠᠭᠰᠠᠨ ᠦᠷ᠎ᠡ ᠳ᠋ᠦᠩ; ᠰᠢᠢᠳᠪᠦᠷᠢ ᠪᠠᠲᠤᠯᠠᠭᠰᠠᠨ ᠡᠳᠦᠷ ᠬᠤᠭᠤᠴᠠᠭ᠎ᠠ; ᠨᠠᠮ᠎ᠤᠨ ᠡᠭᠦᠷ᠎ᠦᠨ ᠱᠦᠵᠢ᠎ᠶᠢᠨ ᠭᠠᠷ᠎ᠤᠨ ᠦᠰᠦᠭ᠎ᠢ ᠪᠠᠭᠲᠠᠨ᠎ᠠ᠃

ᠬᠣᠷᠢᠨ ᠬᠣᠶᠠᠳᠤᠭᠠᠷ ᠵᠦᠢᠯ   ᠪᠡᠯᠡᠳᠬᠡᠯ ᠨᠠᠮ᠎ᠤᠨ ᠭᠡᠰᠢᠭᠦᠨ᠎ᠢ ᠡᠷᠬᠡᠪᠰᠢ ᠨᠠᠮ᠎ᠤᠨ ᠬᠣᠷᠢᠶ᠎ᠠ ᠬᠢᠨᠠᠨ ᠵᠥᠪᠰᠢᠶᠡᠷᠡᠬᠦ ᠬᠡᠷᠡᠭᠲᠡᠢ᠃

ᠰᠢᠶᠠᠩ ᠪᠠᠯᠭᠠᠰᠤᠨ᠎ᠤ (ᠵᠡᠭᠡᠯᠢ ᠭᠤᠳᠤᠮᠵᠢ)ᠨᠠᠮ᠎ᠤᠨ ᠬᠣᠷᠢᠶ᠎ᠠ᠎ᠳᠤ ᠬᠠᠷᠢᠶᠠᠯᠠᠭᠳᠠᠬᠤ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠨᠢ ᠪᠡᠯᠡᠳᠬᠡᠯ ᠨᠠᠮ ᠎ᠤᠨ ᠭᠡᠰᠢᠭᠦᠨ᠎ᠢ ᠬᠢᠨᠠᠨ ᠵᠥᠪᠰᠢᠶᠡᠷᠡᠵᠦ ᠪᠣᠯᠬᠤ ᠦᠭᠡᠢ᠂ ᠭᠡᠪᠡᠴᠦ ᠨᠠᠮ᠎ᠤᠨ ᠡᠭᠦᠷ᠎ᠦᠨ ᠨᠠᠮ ᠎ᠤᠨ ᠭᠡᠰᠢᠭᠦᠳ ᠤ᠋ᠨ ᠶᠡᠬᠡ ᠬᠤᠷᠠᠯ᠎ᠡᠴᠡ ᠪᠠᠲᠤᠯᠠᠵᠤ ᠬᠦᠯᠢᠶᠡᠨ ᠠᠪᠤᠭᠰᠠᠨ ᠪᠡᠯᠡᠳᠬᠡᠯ ᠨᠠᠮ᠎ᠤᠨ ᠭᠡᠰᠢᠭᠦᠨ᠎ᠢ ᠬᠢᠨᠠᠨ ᠵᠥᠪᠯᠡᠬᠦ ᠬᠡᠷᠡᠭᠲᠡᠢ᠃

ᠨᠠᠮ᠎ᠤᠨ ᠶᠡᠷᠦᠩᠬᠡᠢ ᠡᠭᠦᠷ  ᠪᠡᠯᠡᠳᠬᠡᠯ ᠨᠠᠮ᠎ᠤᠨ ᠭᠡᠰᠢᠭᠦᠨ᠎ᠢ ᠬᠢᠨᠠᠨ ᠵᠥᠪᠰᠢᠶᠡᠷᠡᠵᠦ ᠪᠣᠯᠬᠤ ᠦᠭᠡᠢ᠂ ᠭᠡᠪᠡᠴᠦ ᠨᠠᠮ᠎ᠤᠨ ᠡᠭᠦᠷ᠎ᠦᠨ ᠨᠠᠮ᠎ᠤᠨ ᠭᠡᠰᠢᠭᠦᠳ ᠤ᠋ᠨ ᠶᠡᠬᠡ ᠬᠤᠷᠠᠯ᠎ᠡᠴᠡ ᠪᠠᠲᠤᠯᠠᠵᠤ ᠬᠦᠯᠢᠶᠡᠨ ᠠᠪᠤᠭᠰᠠᠨ ᠪᠡᠯᠡᠳᠬᠡᠯ ᠨᠠᠮ᠎ᠤᠨ ᠭᠡᠰᠢᠭᠦᠨ᠎ᠢ ᠬᠢᠨᠠᠨ ᠵᠥᠪᠯᠡᠬᠦ ᠬᠡᠷᠡᠭᠲᠡᠢ᠃

ᠠᠰᠲᠠᠭᠠᠨ ᠲᠣᠭᠲᠠᠭᠠᠯ᠎ᠲᠠᠢ᠎ᠶᠢ ᠭᠠᠷᠭᠠᠪᠠᠯ᠂ ᠨᠠᠮ᠎ᠤᠨ ᠲᠦᠷ ᠴᠠᠭ᠎ᠤᠨ ᠵᠣᠬᠢᠶᠠᠨ ᠪᠠᠢᠭᠤᠯᠤᠯᠲᠠ ᠨᠢ ᠪᠡᠯᠡᠳᠬᠡᠯ ᠨᠠᠮ᠎ᠤᠨ ᠭᠡᠰᠢᠭᠦᠨ᠎ᠢ ᠬᠦᠯᠢᠶᠡᠨ ᠠᠪᠴᠤ᠂ ᠬᠢᠨᠠᠨ ᠵᠥᠪᠰᠢᠶᠡᠷᠡᠵᠦ ᠪᠣᠯᠬᠤ ᠦᠭᠡᠢ᠃

ᠨᠠᠮ ᠎ᠤᠨ ᠤᠳᠤᠷᠢᠳᠬᠤ ᠳᠤᠭᠤᠢᠯᠠᠩ ᠪᠡᠯᠡᠳᠬᠡᠯ ᠨᠠᠮ᠎ᠤᠨ ᠭᠡᠰᠢᠭᠦᠨ᠎ᠢ ᠬᠢᠨᠠᠨ ᠵᠥᠪᠰᠢᠶᠡᠷᠡᠵᠦ ᠪᠣᠯᠬᠤ ᠦᠭᠡᠢ᠂ ᠭᠡᠪᠡᠴᠦ ᠨᠠᠮ᠎ᠤᠨ ᠳᠦᠷᠢᠮ ᠪᠠ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ᠎ᠤᠨ ᠭᠡᠰᠢᠭᠦᠨ ᠬᠦᠮᠦᠵᠢᠭᠦᠯᠬᠦ ᠴᠢᠬᠤᠯᠠ ᠤᠴᠢᠷ ᠶᠠᠪᠤᠳᠠᠯ᠎ᠢ ᠶᠠᠷᠢᠯᠴᠠᠨ ᠲᠣᠭᠲᠠᠭᠠᠬᠤ ᠬᠡᠷᠡᠭᠲᠡᠢ᠃

ᠬᠣᠷᠢᠨ ᠭᠤᠷᠪᠠᠳᠤᠭᠠᠷ ᠵᠦᠢᠯ   ᠨᠠᠮ᠎ᠤᠨ ᠬᠣᠷᠢᠶ᠎ᠠ ᠬᠢᠨᠠᠨ ᠵᠥᠪᠱᠢᠶᠡᠷᠡᠬᠦ᠌᠎ᠡᠴᠡ ᠡᠮᠦᠨ᠎ᠡ᠂ ᠨᠠᠮ᠎ᠤᠨ ᠬᠣᠷᠢᠶ᠎ᠠ ᠵᠢᠨ ᠭᠡᠱᠢᠭᠦᠨ ᠪᠤᠶᠤ ᠵᠣᠬᠢᠶᠠᠨ ᠪᠠᠢᠭᠤᠯᠤᠭ᠍ᠴᠢ᠎ᠶ᠋ᠢ ᠲᠣᠮᠢᠯᠠᠵᠤ ᠬᠦᠮᠦᠵᠢᠭᠦᠯᠬᠦ ᠡᠲᠡᠭᠡᠳ᠎ᠲᠡᠶ ᠶᠠᠷᠢᠯᠴᠠᠭᠤᠯᠵᠤ᠂ ᠤᠯᠠᠮ ᠨᠢᠭᠡ ᠠᠯᠬᠤᠮ ᠣᠢᠯᠠᠭᠠᠬᠤ᠎ᠶ᠋ᠢᠨ ᠬᠠᠮᠲᠤ ᠬᠦᠮᠦᠵᠢᠭᠦᠯᠬᠦ ᠡᠲᠡᠭᠡᠳ᠎ᠢ ᠬᠠᠪᠰᠤᠷᠤᠨ ᠨᠠᠮ᠎ᠤᠨ ᠲᠤᠬᠠᠢ ᠲᠠᠨᠢᠯᠲᠠ᠎ᠶ᠋ᠢ ᠨᠢ ᠳᠡᠭᠡᠭ᠌ᠰᠢᠯᠡᠭᠦᠯᠬᠦ᠌ ᠬᠡᠷᠡᠭ᠌ᠲᠡᠢ᠃ ᠶᠠᠷᠢᠯᠴᠠᠭ᠍ᠴᠢ ᠨᠢ ᠶᠠᠷᠢᠯᠴᠠᠭ᠍ᠰᠠᠨ ᠪᠠᠢᠳᠠᠯ ᠪᠣᠯᠤᠨ ᠬᠦᠮᠦᠵᠢᠭᠦᠯᠬᠦ ᠡᠲᠡᠭᠡᠳ ᠤ᠋ᠨ ᠨᠠᠮ᠎ᠳᠤ ᠣᠷᠣᠵᠤ ᠪᠣᠯᠬᠤ ᠡᠰᠡᠬᠦ᠌ ᠲᠤᠬᠠᠢ ᠦᠪᠡᠷ ᠤ᠋ᠨ ᠵᠢᠡᠨ ᠰᠠᠨᠠᠯ᠎ᠢᠶᠠᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ》 ᠳᠡᠭᠡᠷ᠎ᠡ ᠦᠨᠡᠨ ᠮᠥᠨ᠎ᠢᠶᠡᠷ ᠨᠢ ᠲᠠᠭ᠍ᠯᠠᠨ ᠪᠢᠴᠢᠬᠦ᠌᠎ᠶ᠋ᠢᠨ ᠬᠠᠮᠲᠤ ᠨᠠᠮ᠎ᠤᠨ ᠬᠣᠷᠢᠶ᠎ᠠ᠎ᠳᠤ ᠮᠡᠳᠡᠭᠦᠯᠬᠦ᠌ ᠬᠡᠷᠡᠭ᠌ᠲᠡᠢ᠃

ᠬᠣᠷᠢᠨ ᠳᠥᠷᠪᠡᠳᠦᠭᠡᠷ ᠵᠦᠢᠯ   ᠨᠠᠮ᠎ᠤᠨ ᠬᠣᠷᠢᠶ᠎ᠠ ᠨᠢ ᠪᠡᠯᠡᠳᠭᠡᠯ ᠨᠠᠮ᠎ᠤᠨ ᠭᠡᠱᠢᠭᠦᠨ᠎ᠢ ᠬᠢᠨᠠᠨ ᠵᠥᠪᠱᠢᠶᠡᠷᠡᠬᠦ᠌᠎ᠳᠡᠭᠡᠨ ᠡᠷᠬᠡᠪᠰᠢ ᠬᠠᠮᠲᠤ᠎ᠪᠠᠷ ᠶᠠᠷᠢᠯᠴᠠᠵᠤ ᠪᠠᠲᠤᠯᠠᠬᠤ ᠬᠡᠷᠡᠭ᠌ᠲᠡᠢ᠃

ᠨᠠᠮ᠎ᠤᠨ ᠬᠣᠷᠢᠶ᠎ᠠ ᠭᠣᠣᠯᠳᠠᠭᠤ ᠬᠦᠮᠦᠵᠢᠭᠦᠯᠬᠦ ᠡᠲᠡᠭᠡᠳ ᠨᠢ ᠨᠠᠮ᠎ᠤᠨ ᠭᠡᠱᠢᠭᠦᠨ᠎ᠦ ᠨᠥᠬᠥᠴᠡᠯ᠎ᠢ ᠪᠦᠷᠢᠯᠳᠦᠭᠦᠯᠦᠭ᠌ᠰᠡᠨ ᠡᠰᠡᠬᠦ᠌᠂ ᠨᠠᠮ᠎ᠳᠤ ᠣᠷᠣᠬᠤ ᠭᠠᠷ ᠭᠦᠢᠴᠡᠳᠭᠡᠯ ᠨᠢ ᠪᠦᠷᠢᠨ ᠲᠡᠭᠦᠯᠳᠡᠷ ᠪᠠᠢᠬᠤ ᠡᠰᠡᠬᠦ᠌᠎ᠶ᠋ᠢ ᠬᠢᠨᠠᠨ ᠵᠦᠪᠯᠡᠨ᠎ᠡ᠃ ᠬᠦᠮᠦᠵᠢᠭᠦᠯᠬᠦ ᠡᠲᠡᠭᠡᠳ ᠨᠢ ᠨᠠᠮ᠎ᠤᠨ ᠭᠡᠱᠢᠭᠦᠨ᠎ᠦ ᠨᠥᠬᠥᠴᠡᠯ᠎ᠳᠦ ᠨᠡᠢᠴᠡᠵᠦ᠍᠂ ᠨᠠᠮ᠎ᠳᠤ ᠣᠷᠣᠬᠤ ᠭᠠᠷ ᠭᠦᠢᠴᠡᠳᠭᠡᠯ ᠨᠢ ᠪᠦᠷᠢᠨ ᠭᠦᠢᠴᠡᠳ ᠪᠠᠢᠪᠠᠯ᠂ ᠲᠡᠭᠦᠨ᠎ᠢ ᠪᠡᠯᠡᠳᠭᠡᠯ ᠨᠠᠮ᠎ᠤᠨ ᠭᠡᠱᠢᠭᠦᠨ᠎ᠢᠶᠡᠷ ᠵᠥᠪᠱᠢᠶᠡᠷᠡᠨ᠎ᠡ᠃ ᠨᠠᠮ᠎ᠤᠨ ᠬᠣᠷᠢᠶ᠎ᠠ ᠵᠢᠨ ᠬᠢᠨᠠᠨ ᠵᠥᠪᠱᠢᠶᠡᠷᠡᠭ᠌ᠰᠡᠨ ᠰᠠᠨᠠᠯ᠎ᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ》 ᠲᠤ᠌ ᠪᠢᠴᠢᠨ ᠣᠷᠣᠭᠤᠯᠵᠤ᠂ ᠪᠡᠯᠡᠳᠭᠡᠯ ᠬᠤᠭᠤᠴᠠᠭᠠᠨ ᠎ᠤ ᠡᠬᠢᠯᠡᠬᠦ᠌ ᠲᠡᠭᠦᠰᠬᠦ  ᠴᠠᠭ ᠎ᠢ ᠲᠣᠳᠣᠷᠬᠠᠢᠯᠠᠬᠤ ᠪᠥᠭᠡᠳ ᠮᠡᠳᠡᠭᠦᠯᠦᠨ ᠵᠥᠪᠱᠢᠶᠡᠷᠡᠭᠦᠯᠬᠦ᠌ ᠨᠠᠮ᠎ᠤᠨ ᠡᠭᠦᠷ᠎ᠲᠦ ᠮᠡᠳᠡᠭ᠌ᠳᠡᠨ᠎ᠡ᠃ ᠨᠠᠮ᠎ᠤᠨ ᠡᠭᠦᠷ ᠴᠠᠭ ᠲᠤᠬᠠᠢ᠎ᠳᠤᠨᠢ ᠲᠤᠰ ᠬᠥᠮᠦᠨ᠎ᠳᠦᠨᠢ ᠮᠡᠳᠡᠭ᠌ᠳᠡᠬᠦ᠌᠎ᠶ᠋ᠢᠨ ᠬᠠᠮᠲᠤ ᠨᠠᠮ᠎ᠤᠨ ᠭᠡᠱᠢᠭᠦᠳ᠎ᠦᠨ ᠶᠡᠬᠡ ᠬᠤᠷᠠᠯ ᠳᠡᠭᠡᠷ᠎ᠡ ᠨᠡᠢᠲᠡᠯᠡᠬᠦ᠌ ᠬᠡᠷᠡᠭ᠌ᠲᠡᠢ᠃ ᠨᠠᠮ᠎ᠳᠤ ᠣᠷᠣᠬᠤ ᠵᠥᠪᠱᠢᠶᠡᠷᠡᠯ ᠣᠯᠤᠭ᠍ᠰᠠᠨ ᠦᠭᠡᠢ ᠪᠠᠢᠪᠠᠯ᠂ ᠨᠠᠮ᠎ᠤᠨ ᠡᠭᠦᠷ ᠪᠠ ᠲᠤᠰ ᠬᠥᠮᠦᠨ᠎ᠳᠦᠨᠢ ᠮᠡᠳᠡᠭ᠌ᠳᠡᠵᠦ᠍᠂ ᠦᠵᠡᠯ ᠰᠠᠨᠠᠭᠠᠨ᠎ᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

ᠨᠠᠮ᠎ᠤᠨ ᠬᠣᠷᠢᠶ᠎ᠠ ᠬᠣᠶᠠᠷ᠎ᠡᠴᠡ ᠳᠡᠭᠡᠭ᠌ᠰᠢᠬᠢ ᠬᠦᠮᠦᠵᠢᠭᠦᠯᠬᠦ ᠡᠲᠡᠭᠡᠳ ᠤ᠋ᠨ ᠨᠠᠮ ᠳ᠋ᠤ ᠤᠷᠤᠬᠤ᠎ᠶ᠋ᠢ ᠬᠢᠨᠠᠨ ᠵᠥᠪᠱᠢᠶᠡᠷᠡᠬᠦ᠌᠎ᠳᠡᠭᠡᠨ ᠨᠢᠭᠡᠳ ᠨᠢᠭᠡ᠎ᠪᠡᠷ ᠬᠢᠨᠠᠨ ᠵᠦᠪᠯᠡᠵᠦ ᠪᠠᠲᠤᠯᠠᠬᠤ ᠬᠡᠷᠡᠭ᠌ᠲᠡᠶ᠃

ᠬᠣᠷᠢᠨ ᠲᠠᠪᠤᠳᠤᠭᠠᠷ ᠵᠦᠢᠯ   ᠨᠠᠮ᠎ᠤᠨ ᠬᠣᠷᠢᠶ᠎ᠠ ᠨᠢ ᠨᠠᠮ᠎ᠤᠨ ᠡᠭᠦᠷ᠎ᠦᠨ ᠳᠡᠭᠡᠭ᠌ᠰᠢ ᠮᠡᠳᠡᠭᠦᠯᠦᠭ᠌ᠰᠡᠨ ᠪᠡᠯᠡᠳᠭᠡᠯ ᠨᠠᠮ᠎ᠤᠨ ᠭᠡᠱᠢᠭᠦᠨ᠎ᠢ ᠡᠯᠰᠡᠬᠰᠡᠨ ᠱᠢᠢᠳᠪᠦᠷᠢ᠎ᠶ᠋ᠢ ᠭᠤᠷᠪᠠᠨ ᠰᠠᠷ᠎ᠠ᠎ᠶ᠋ᠢᠨ ᠳᠣᠲᠣᠷ᠎ᠠ ᠬᠢᠨᠠᠨ ᠵᠥᠪᠱᠢᠶᠡᠷᠡᠬᠦ᠌ ᠬᠡᠷᠡᠭ᠌ᠲᠡᠢ ᠪᠥᠭᠡᠳ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ ᠮᠡᠳᠡᠭᠦᠯᠵᠦ᠍ ᠳᠠᠩᠰᠠᠯᠠᠭᠤᠯᠬᠤ ᠬᠡᠷᠡᠭ᠌ᠲᠡᠢ᠃ ᠬᠡᠷᠪᠡ ᠣᠨᠴᠠᠭᠠᠢ ᠪᠠᠢᠳᠠᠯ ᠲᠣᠬᠢᠶᠠᠯᠳᠤᠪᠠᠯ ᠬᠢᠨᠠᠨ ᠵᠥᠪᠱᠢᠶᠡᠷᠡᠬᠦ᠌ ᠴᠠᠭ᠎ᠢ ᠵᠣᠬᠢᠰᠲᠠᠢ᠎ᠪᠠᠷ ᠤᠷᠲᠤᠳᠭᠠᠵᠤ ᠪᠣᠯᠤᠨ᠎ᠠ᠂ ᠭᠡᠪᠡᠴᠦ᠍ ᠵᠢᠷᠭᠤᠭᠠᠨ ᠰᠠᠷ᠎ᠠ᠎ᠡᠴᠡ ᠬᠡᠲᠦᠷᠡᠭᠦᠯᠵᠦ᠍ ᠪᠣᠯᠬᠤ ᠦᠭᠡᠢ᠃

ᠬᠣᠷᠢᠨ ᠵᠢᠷᠭᠤᠳᠤᠭᠠᠷ ᠵᠦᠢᠯ   ᠣᠨᠴᠠᠭᠠᠢ ᠪᠠᠢᠳᠠᠯ ᠳᠣᠣᠷ᠎ᠠ᠂ ᠨᠠᠮ᠎ᠤᠨ ᠲᠥᠪ ᠬᠣᠷᠢᠶ᠎ᠠ ᠪᠠ ᠮᠤᠵᠢ(ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠶ᠋ᠢᠨ ᠬᠣᠷᠢᠶ᠎ᠠ ᠨᠠᠮ᠎ᠤᠨ ᠭᠡᠱᠢᠭᠦᠨ᠎ᠢ ᠱᠢᠭᠤᠳ ᠡᠯᠰᠡᠵᠦ᠍ ᠪᠣᠯᠤᠨ᠎ᠠ᠃

ᠬᠣᠷᠢᠨ ᠳᠣᠯᠣᠳᠤᠭᠠᠷ ᠵᠦᠢᠯ   ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠳᠤᠮᠳᠠ ᠨᠠᠮ ᠪᠠ ᠠᠷᠠᠳ ᠲᠦᠮᠡᠨ᠎ᠦ ᠠᠱᠢᠭ ᠲᠤᠰᠠ᠎ᠶ᠋ᠢᠨ ᠲᠥᠯᠥᠭᠡ ᠡᠷᠡᠯᠬᠡᠭ ᠪᠠᠭᠠᠲᠤᠷᠯᠢᠭ᠎ᠢᠶᠠᠷ ᠠᠮᠢ ᠪᠡᠶ᠎ᠡ᠎ᠪᠡᠨ ᠵᠣᠷᠢᠭᠤᠯᠵᠤ᠂ ᠲᠤᠪᠦ᠋ᠢᠮ᠎ᠠ ᠤᠢ᠍ᠢᠯᠠ ᠠᠵᠢᠯᠯᠠᠭ᠎ᠠ᠎ᠲᠠᠶ᠂ ᠵᠣᠬᠢᠬᠤ ᠬᠡᠪᠴᠢᠶᠡᠨ᠎ᠳᠦ ᠨᠡᠯᠢᠶᠡᠳ ᠶᠡᠬᠡ ᠨᠥᠯᠥᠭᠡ᠎ᠲᠡᠶ᠂ ᠠᠮᠢᠳᠤ ᠰᠡᠷᠡᠭᠦᠨ ᠪᠠᠢᠬᠤ᠎ᠳᠠᠭᠠᠨ ᠢᠮᠠᠭ᠍ᠲᠠ ᠰᠡᠢ᠌ᠠ ᠢᠯᠡᠷᠡᠯ᠎ᠲᠡᠶ ᠪᠠᠢᠭ᠍ᠰᠠᠨ ᠪᠥᠭᠡᠳ ᠨᠠᠮ᠎ᠤᠨ ᠵᠣᠬᠢᠶᠠᠨ ᠪᠠᠢᠭᠤᠯᠤᠯᠲᠠ᠎ᠳᠤ ᠨᠠᠮ᠎ᠳᠤ ᠣᠷᠣᠬᠤ ᠱᠠᠭᠠᠷᠳᠠᠯᠭ᠎ᠠ ᠳᠤᠷᠠᠳᠴᠤ᠌ ᠥᠩᠭᠡᠷᠡᠭ᠌ᠰᠡᠨ ᠬᠥᠮᠦᠰ᠎ᠢ ᠨᠠᠮ᠎ᠤᠨ ᠭᠡᠱᠢᠭᠦᠨ᠎ᠢᠶᠡᠷ ᠨᠡᠬᠡᠮᠵᠢᠯᠡᠨ ᠵᠦᠪᠰᠢᠶᠡᠷᠡᠵᠦ ᠪᠣᠯᠤᠨ᠎ᠠ᠃

ᠨᠠᠮ᠎ᠤᠨ ᠭᠡᠱᠢᠭᠦᠨ᠎ᠢ ᠨᠡᠬᠡᠮᠵᠢᠯᠡᠨ ᠵᠥᠪᠱᠢᠶᠡᠷᠡᠬᠦ᠌᠎ᠳᠡᠭᠡᠨ ᠡᠷᠬᠡᠪᠰᠢ ᠴᠢᠩᠭ᠎ᠠ ᠡᠵᠡᠮᠱᠢᠵᠦ᠍᠂ ᠪᠠᠢᠭ᠎ᠠ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠡᠴᠡ ᠶᠠᠷᠢᠯᠴᠠᠨ ᠲᠣᠭ᠍ᠲᠠᠭᠠᠭ᠍ᠰᠠᠨ᠎ᠤ ᠲᠠᠷᠠᠭ᠎ᠠ᠂ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠪᠠᠷ ᠬᠢᠨᠠᠨ ᠪᠠᠢᠴᠠᠭᠠᠯᠭᠠᠵᠤ᠂ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠬᠦ᠌ ᠬᠡᠷᠡᠭ᠌ᠲᠡᠢ᠃

ᠲᠠᠪᠤᠳᠤᠭᠠᠷ ᠪᠦᠯᠦᠭ   ᠪᠡᠯᠡᠳᠭᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠌᠂ ᠱᠢᠯᠭᠠᠨ ᠪᠠᠢᠴᠠᠭᠠᠬᠤ ᠪᠠ ᠵᠢᠩᠬᠢᠨᠢᠴᠢᠯᠡᠬᠦ᠌

ᠬᠣᠷᠢᠨ ᠨᠠᠢ᠍ᠮᠠᠳᠤᠭᠠᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ᠎ᠡᠴᠡ ᠵᠥᠪᠱᠢᠶᠡᠷᠡᠭ᠌ᠰᠡᠨ ᠪᠡᠯᠡᠳᠭᠡᠯ ᠨᠠᠮ᠎ᠤᠨ ᠭᠡᠱᠢᠭᠦᠨ᠎ᠢ ᠨᠠᠮ᠎ᠤᠨ ᠡᠭᠦᠷ ᠪᠠ ᠨᠠᠮ᠎ᠤᠨ ᠳᠤᠭᠤᠢᠯᠠᠩ᠎ᠳᠤ ᠴᠠᠭ ᠲᠤᠬᠠᠢ᠎ᠳᠤᠨᠢ ᠣᠷᠣᠭᠤᠯᠵᠤ᠂ ᠪᠡᠯᠡᠳᠭᠡᠯ ᠨᠠᠮ᠎ᠤᠨ ᠭᠡᠱᠢᠭᠦᠨ᠎ᠢ ᠦᠷᠭᠦᠯᠵᠢᠯᠡᠨ ᠬᠥᠮᠦᠵᠢᠭᠦᠯᠵᠦ᠍ ᠱᠢᠯᠭᠠᠨ ᠪᠠᠢᠴᠠᠭᠠᠬᠤ ᠬᠡᠷᠡᠭ᠌ᠲᠡᠢ᠃

ᠬᠣᠷᠢ ᠶᠢᠰᠦᠳᠦᠭᠡᠷ ᠵᠦᠢᠯ   ᠪᠡᠯᠡᠳᠭᠡᠯ ᠨᠠᠮ᠎ᠤᠨ ᠭᠡᠱᠢᠭᠦᠨ ᠡᠷᠬᠡᠪᠰᠢ ᠨᠠᠮ᠎ᠤᠨ ᠲᠤᠬ᠎ᠤᠨ ᠡᠮᠦᠨ᠎ᠡ ᠨᠠᠮ᠎ᠳᠤ ᠣᠷᠣᠬᠤ ᠲᠠᠩᠭᠠᠷᠢᠭ ᠬᠢᠬᠦ᠌ ᠬᠡᠷᠡᠭ᠌ᠲᠡᠢ᠃ ᠨᠠᠮ᠎ᠳᠤ ᠣᠷᠣᠬᠤ ᠲᠠᠩᠭᠠᠷᠢᠭ᠎ᠤᠨ ᠶᠣᠰᠣᠯᠠᠯ᠎ᠢ ᠡᠩ᠎ᠦᠨ ᠪᠠᠢᠳᠠᠯ᠎ᠳᠤ ᠴᠣᠬᠣᠯᠠᠪᠤᠷᠢ ᠬᠢᠵᠦ᠍ ᠪᠡᠯᠡᠳᠭᠡᠯ ᠨᠠᠮ᠎ᠤᠨ ᠭᠡᠱᠢᠭᠦᠨ ᠵᠢᠡᠷ ᠡᠯᠰᠡᠬᠦ᠌᠎ᠶ᠋ᠢ ᠵᠥᠪᠱᠢᠶᠡᠷᠡᠭ᠌ᠰᠡᠨ᠎ᠦ ᠳᠠᠷᠠᠭᠠᠬᠢ ᠨᠢᠭᠡ ᠰᠠᠷ᠎ᠠ᠎ᠶ᠋ᠢᠨ ᠳᠣᠲᠣᠷ᠎ᠠ᠂ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠪᠤᠶᠤ ᠨᠠᠮ᠎ᠤᠨ ᠡᠭᠦᠷ(ᠨᠠᠮ᠎ᠤᠨ ᠶᠡᠷᠦᠩᠬᠡᠶ ᠡᠭᠦᠷ)ᠤ᠋ᠨ ᠵᠣᠬᠢᠶᠠᠨ ᠪᠠᠢᠭᠤᠯᠤᠯᠲᠠ᠎ᠡᠴᠡ ᠶᠠᠪᠤᠭ᠍ᠳᠠᠭᠤᠯᠤᠨ᠎ᠠ᠃

ᠱᠢᠶᠠᠨ᠎ᠤ ᠱᠠᠲᠤᠨ᠎ᠡᠴᠡ ᠳᠡᠭᠡᠭ᠌ᠰᠢᠬᠢ ᠨᠠᠮ᠎ᠤᠨ ᠬᠣᠷᠢᠶ᠎ᠠ 《 7·1 》᠂ ᠤᠯᠤᠰ᠎ᠤᠨ ᠪᠠᠶᠠᠷ ᠵᠡᠷᠭᠡ ᠴᠢᠬᠤᠯᠠ ᠶᠡᠬᠡ ᠳᠤᠷᠠᠰᠭᠠᠯ᠎ᠤᠨ ᠡᠳᠦᠷ᠎ᠲᠦ ᠲᠥᠪᠯᠡᠷᠡᠭᠦᠯᠦᠨ ᠲᠠᠩᠭᠠᠷᠢᠭ᠍ᠯᠠᠬᠤ᠎ᠶ᠋ᠢ ᠵᠣᠬᠢᠶᠠᠨ ᠪᠠᠢᠭᠤᠯᠵᠤ ᠪᠣᠯᠤᠨ᠎ᠠ᠃

ᠭᠤᠴᠢᠳᠤᠭᠠᠷ ᠵᠦᠢᠯ   ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠂ ᠲᠤᠰ ᠬᠥᠮᠦᠨ᠎ᠦ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠂ ᠲᠤᠰ ᠳᠠᠭᠠᠨ ᠰᠡᠳᠭᠢᠯ᠎ᠦᠨ ᠦᠭᠡ᠎ᠪᠡᠨ ᠶᠠᠷᠢᠯᠴᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠦᠢᠯᠡᠳᠦᠯᠭᠡ᠎ᠪᠡᠷ ᠳᠠᠪᠲᠠᠨ ᠪᠣᠯᠪᠠᠰᠤᠷᠠᠭᠤᠯᠬᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠡᠯᠡᠳᠭᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠌ ᠪᠠ ᠱᠢᠯᠭᠠᠨ ᠪᠠᠢᠴᠠᠭᠠᠵᠤ᠂ ᠲᠡᠳᠡᠨ᠎ᠢ ᠬᠦᠳᠦᠯᠦᠨ ᠵᠢᠯᠣᠭᠣᠳᠴᠤ᠌ ᠪᠠᠢᠭᠠᠳ ᠤᠯᠤᠰ ᠲᠦᠷᠦ᠍᠎ᠶ᠋ᠢᠨ ᠤᠬᠠᠮᠰᠠᠷ᠎ᠢ ᠨᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠤᠬᠠᠮᠰᠠᠷ᠎ᠡᠴᠡ᠎ᠪᠠᠨ ᠨᠠᠮ᠎ᠤᠨ ᠭᠡᠱᠢᠭᠦᠨ᠎ᠦ ᠪᠠᠷᠢᠮᠵᠢᠶ᠎ᠠ᠎ᠪᠠᠷ ᠥᠪᠡᠷ᠎ᠢ᠎ᠪᠡᠨ ᠴᠢᠩᠭ᠎ᠠ ᠱᠠᠭᠠᠷᠳᠠᠵᠤ᠂ ᠦᠢᠯᠡᠳᠪᠦᠷᠢᠯᠡᠯ᠂ ᠠᠵᠢᠯ᠂ ᠰᠤᠷᠤᠯᠴᠠᠯᠭ᠎ᠠ ᠪᠠ ᠨᠡᠢᠭᠡᠮ᠎ᠦᠨ ᠠᠮᠢᠳᠤᠷᠠᠯ᠎ᠤᠨ ᠳᠤᠮᠳᠠ ᠬᠣᠱᠢᠭᠤᠴᠢ ᠵᠢᠱ᠌ᠢᠶᠡᠴᠢ ᠦᠢᠯᠡᠳᠦᠯ ᠦᠵᠡᠭᠦᠯᠬᠦ᠌ ᠬᠡᠷᠡᠭ᠌ᠲᠡᠢ᠃

ᠭᠤᠴᠢᠨ ᠨᠢᠭᠡᠳᠦᠭᠡᠷ ᠵᠦᠢᠯ   ᠪᠡᠯᠡᠳᠭᠡᠯ ᠨᠠᠮ᠎ᠤᠨ ᠭᠡᠱᠢᠭᠦᠨ᠎ᠦ ᠪᠡᠯᠡᠳᠭᠡᠯ ᠬᠤᠭᠤᠴᠠᠭ᠎ᠠ ᠨᠢ ᠨᠢᠭᠡ ᠵᠢᠯ ᠪᠣᠯᠤᠨ᠎ᠠ᠃ ᠪᠡᠯᠡᠳᠭᠡᠯ ᠬᠤᠭᠤᠴᠠᠭ᠎ᠠ᠎ᠶ᠋ᠢ ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ᠎ᠡᠴᠡ ᠲᠡᠭᠦᠨ᠎ᠢ ᠪᠡᠯᠡᠳᠭᠡᠯ ᠨᠠᠮ᠎ᠤᠨ ᠭᠡᠱᠢᠭᠦᠨ᠎ᠢᠶᠡᠷ ᠪᠠᠲᠤᠯᠠᠭ᠍ᠰᠠᠨ ᠡᠳᠦᠷ᠎ᠡᠴᠡ ᠡᠬᠢᠯᠡᠵᠦ᠍ ᠪᠣᠳᠣᠨ᠎ᠠ᠃

ᠪᠡᠯᠡᠳᠭᠡᠯ ᠨᠠᠮ᠎ᠤᠨ ᠭᠡᠱᠢᠭᠦᠨ᠎ᠦ ᠪᠡᠯᠡᠳᠭᠡᠯ ᠬᠤᠭᠤᠴᠠᠭ᠎ᠠ ᠨᠢ ᠲᠤᠯᠪᠠᠯ ᠨᠠᠮ᠎ᠤᠨ ᠡᠭᠦᠷ᠎ᠡᠴᠡ ᠲᠡᠭᠦᠨ᠎ᠦ ᠵᠢᠩᠬᠢᠨᠢ ᠨᠠᠮ᠎ᠤᠨ ᠭᠡᠱᠢᠭᠦᠨ᠎ᠢᠶᠡᠷ ᠵᠢᠩᠬᠢᠨᠢᠴᠢᠯᠡᠬᠦ ᠡᠰᠡᠬᠦ᠌᠎ᠶ᠋ᠢ ᠴᠠᠭ ᠲᠤᠬᠠᠢ᠎ᠳᠤᠨᠢ ᠶᠠᠷᠢᠯᠴᠠᠬᠤ ᠬᠡᠷᠡᠭ᠌ᠲᠡᠢ᠃ ᠨᠠᠮ᠎ᠤᠨ ᠭᠡᠱᠢᠭᠦᠨ᠎ᠦ ᠡᠭᠦᠷᠭᠡ᠎ᠶ᠋ᠢ ᠬᠢᠨᠠᠮᠠᠭᠠᠢ ᠭᠦᠢᠴᠡᠳᠭᠡᠵᠦ᠍᠂ ᠨᠠᠮ᠎ᠤᠨ ᠭᠡᠱᠢᠭᠦᠨ᠎ᠦ ᠨᠥᠬᠥᠴᠡᠯ᠎ᠢ ᠪᠦᠷᠢᠯᠳᠦᠭᠦᠯᠦᠭ᠌ᠰᠡᠨ ᠪᠠᠢᠪᠠᠯ ᠲᠣᠭ᠍ᠲᠠᠭ᠍ᠰᠠᠨ ᠬᠤᠭᠤᠴᠠᠭᠠᠨ᠎ᠳᠤᠨᠢ ᠵᠢᠩᠬᠢᠨᠢ ᠨᠠᠮ᠎ᠤᠨ ᠭᠡᠱᠢᠭᠦᠨ ᠪᠣᠯᠭᠠᠬᠤ ᠬᠡᠷᠡᠭ᠌ᠲᠡᠢ; ᠦᠷᠭᠦᠯᠵᠢᠯᠡᠨ ᠰᠢᠯᠭᠠᠨ ᠪᠠᠢᠴᠠᠭᠠᠵᠤ ᠬᠥᠮᠦᠵᠢᠭᠦᠯᠬᠦ᠌ ᠴᠢᠬᠤᠯᠠ᠎ᠲᠠᠶ ᠪᠣᠯ ᠪᠡᠯᠡᠳᠭᠡᠯ ᠬᠤᠭᠤᠴᠠᠭ᠎ᠠ᠎ᠶ᠋ᠢ ᠨᠢ ᠨᠢᠭᠡ ᠤᠳᠠᠭ᠎ᠠ ᠤᠷᠲᠤᠳᠭᠠᠵᠤ ᠪᠣᠯᠤᠨ᠎ᠠ᠂ ᠤᠷᠲᠤᠳᠭᠠᠬᠤ ᠬᠤᠭᠤᠴᠠᠭ᠎ᠠ᠎ᠶ᠋ᠢ ᠨᠢ ᠬᠠᠭᠠᠰ ᠵᠢᠯ᠎ᠡᠴᠡ ᠳᠤᠲᠠᠭᠤ ᠪᠠᠢᠯᠭᠠᠵᠤ ᠪᠣᠯᠬᠤ ᠤᠢ᠍ᠭᠡᠢ᠂ ᠬᠠᠮᠤᠭ᠎ᠤᠨ ᠤᠷᠳᠦ᠍᠎ᠳᠠᠭᠠᠨ ᠨᠢᠭᠡ ᠵᠢᠯ᠎ᠡᠴᠡ ᠬᠡᠲᠦᠷᠡᠭᠦᠯᠵᠦ᠍ ᠪᠣᠯᠬᠤ ᠤᠢ᠍ᠭᠡᠢ; ᠨᠠᠮ᠎ᠤᠨ ᠭᠡᠱᠢᠭᠦᠨ᠎ᠦ ᠡᠭᠦᠷᠭᠡ᠎ᠶ᠋ᠢ ᠭᠦᠢᠴᠡᠳᠭᠡᠬᠦ᠌ ᠦᠭᠡᠢ᠂ ᠨᠠᠮ᠎ᠤᠨ ᠭᠡᠱᠢᠭᠦᠨ᠎ᠦ ᠨᠥᠬᠥᠴᠡᠯ᠎ᠢ ᠪᠦᠷᠢᠯᠳᠦᠭᠦᠯᠦᠭ᠌ᠰᠡᠨ ᠦᠭᠡᠢ ᠪᠠᠢᠪᠠᠯ᠂ ᠪᠡᠯᠡᠳᠭᠡᠯ ᠨᠠᠮ᠎ᠤᠨ ᠭᠡᠱᠢᠭᠦᠨ᠎ᠦ ᠬᠢᠷᠢ ᠬᠡᠮ᠎ᠢ ᠨᠢ ᠬᠠᠰᠤᠬᠤ ᠬᠡᠷᠡᠭ᠌ᠲᠡᠢ᠃

ᠪᠡᠯᠡᠳᠭᠡᠯ ᠨᠠᠮ᠎ᠤᠨ ᠭᠡᠱᠢᠭᠦᠨ ᠨᠠᠮ᠎ᠤᠨ ᠰᠠᠬᠢᠯᠭ᠎ᠠ ᠪᠠᠲᠤ᠎ᠶ᠋ᠢ ᠵᠥᠷᠢᠴᠡᠵᠦ᠍᠂ ᠤᠢ᠍ᠢᠯᠠ ᠪᠠᠢᠳᠠᠯ ᠨᠢ ᠬᠦᠩᠭᠡᠠ ᠱᠢᠭ᠂ ᠪᠡᠯᠡᠳᠭᠡᠯ ᠨᠠᠮ᠎ᠤᠨ ᠭᠡᠱᠢᠭᠦᠨ᠎ᠦ ᠬᠢᠷᠢ ᠬᠡᠮ᠎ᠢ ᠨᠢ ᠦᠯᠡᠳᠡᠭᠡᠵᠦ᠍ ᠪᠣᠯᠬᠤ᠎ᠳᠤ ᠬᠦᠷᠪᠡᠯ᠂ ᠲᠡᠭᠦᠨ᠎ᠢ ᠱᠢᠭᠦᠮᠵᠢᠯᠡᠨ ᠰᠤᠷᠭᠠᠬᠤ ᠪᠤᠶᠤ ᠪᠡᠯᠡᠳᠭᠡᠯ ᠬᠤᠭᠤᠴᠠᠭ᠎ᠠ᠎ᠶ᠋ᠢ ᠨᠢ ᠤᠷᠲᠤᠳᠭᠠᠬᠤ ᠬᠡᠷᠡᠭ᠌ᠲᠡᠢ; ᠤᠢ᠍ᠢᠯᠠ ᠪᠠᠢᠳᠠᠯ ᠨᠢ ᠨᠡᠯᠢᠶᠡᠳ ᠬᠦᠨᠳᠦ ᠪᠠᠢᠪᠠᠯ᠂ ᠲᠡᠭᠦᠨ᠎ᠦ ᠪᠡᠯᠡᠳᠭᠡᠯ ᠨᠠᠮ᠎ᠤᠨ ᠭᠡᠱᠢᠭᠦᠨ᠎ᠦ ᠬᠢᠷᠢ ᠬᠡᠮ᠎ᠢ ᠨᠢ ᠬᠠᠰᠤᠬᠤ ᠬᠡᠷᠡᠭ᠌ᠲᠡᠢ᠃ 

ᠪᠡᠯᠡᠳᠭᠡᠯ ᠨᠠᠮ᠎ᠤᠨ ᠭᠡᠱᠢᠭᠦᠨ᠎ᠢ ᠵᠢᠩᠬᠢᠨᠢ ᠨᠠᠮ᠎ᠤᠨ ᠭᠡᠱᠢᠭᠦᠨ ᠪᠣᠯᠭᠠᠬᠤ᠂ ᠪᠡᠯᠡᠳᠭᠡᠯ ᠬᠤᠭᠤᠴᠠᠭ᠎ᠠ᠎ᠶ᠋ᠢ ᠨᠢ ᠤᠷᠲᠤᠳᠭᠠᠬᠤ ᠪᠤᠶᠤ ᠪᠡᠯᠡᠳᠭᠡᠯ ᠨᠠᠮ᠎ᠤᠨ ᠭᠡᠱᠢᠭᠦᠨ᠎ᠦ ᠬᠢᠷᠢ ᠬᠡᠮ᠎ᠢ ᠨᠢ ᠬᠠᠰᠤᠬᠤ᠎ᠳᠤ ᠨᠠᠮ ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ᠎ᠢᠶᠠᠷ ᠶᠠᠷᠢᠯᠴᠠᠨ ᠪᠠᠲᠤᠯᠠᠵᠤ᠂ ᠨᠠᠮ ᠎ᠤᠨ ᠳᠡᠭᠡᠳᠦ ᠱᠠᠲᠤᠨ᠎ᠤ ᠵᠣᠬᠢᠶᠠᠨ ᠪᠠᠢᠭᠤᠯᠤᠯᠲᠠ᠎ᠪᠠᠷ ᠵᠥᠪᠱᠢᠶᠡᠷᠡᠭᠦᠯᠬᠦ᠌ ᠬᠡᠷᠡᠭ᠌ᠲᠡᠢ᠃

ᠭᠤᠴᠢᠨ ᠬᠣᠶᠠᠳᠤᠭᠠᠷ ᠵᠦᠢᠯ   ᠪᠡᠯᠡᠳᠭᠡᠯ ᠨᠠᠮ᠎ᠤᠨ ᠭᠡᠱᠢᠭᠦᠨ᠎ᠢ ᠵᠢᠩᠬᠢᠨᠢᠴᠢᠯᠡᠬᠦ᠌ ᠭᠠᠷ ᠭᠦᠢᠴᠡᠳᠭᠡᠯ ᠪᠣᠯ᠄ ᠲᠤᠰ ᠬᠥᠮᠦᠨ ᠨᠢ ᠨᠠᠮ᠎ᠤᠨ ᠡᠭᠦᠷ᠎ᠲᠦ ᠵᠢᠩᠬᠢᠨᠢᠴᠢᠯᠡᠬᠦ᠌ ᠪᠢᠴᠢᠭ᠎ᠦᠨ ᠭᠤᠶᠤᠴᠢᠯᠠᠯ ᠭᠠᠷᠭᠠᠨ᠎ᠠ; ᠨᠠᠮ᠎ᠤᠨ ᠡᠭᠦᠷ ᠡᠴᠡ ᠨᠠᠮ᠎ᠤᠨ ᠳᠤᠭᠤᠢᠯᠠᠩ᠂ ᠨᠠᠮ᠎ᠤᠨ ᠭᠡᠱᠢᠭᠦᠨ ᠪᠠ ᠣᠯᠠᠨ ᠲᠦᠮᠡᠨ᠎ᠦ ᠰᠠᠨᠠᠯ᠎ᠢ ᠬᠤᠷᠢᠶᠠᠨ᠎ᠠ; ᠨᠠᠮ᠎ᠤᠨ ᠡᠭᠦᠷ᠎ᠦᠨ ᠭᠡᠰᠢᠭᠦᠳ ᠤ᠋ᠨ ᠬᠤᠷᠠᠯ ᠡᠴᠡ ᠬᠢᠨᠠᠨ ᠪᠠᠢᠴᠠᠭᠠᠯᠲᠠ ᠬᠢᠨ᠎ᠡ; ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ᠎ᠢᠶᠠᠷ ᠶᠠᠷᠢᠯᠴᠠᠵᠤ ᠪᠠᠲᠤᠯᠠᠨ᠎ᠠ; ᠳᠡᠭᠡᠳᠦ ᠱᠠᠲᠤᠨ᠎ᠤ ᠨᠠᠮ᠎ᠤᠨ ᠬᠣᠷᠢᠶ᠎ᠠ ᠳ᠋ᠤ ᠮᠡᠳᠡᠭᠦᠯᠵᠦ᠍ ᠬᠢᠨᠠᠨ ᠵᠥᠪᠱᠢᠶᠡᠷᠡᠭᠦᠯᠦᠨ᠎ᠡ᠃

ᠪᠡᠯᠡᠳᠭᠡᠯ ᠨᠠᠮ᠎ᠤᠨ ᠭᠡᠱᠢᠭᠦᠨ᠎ᠢ ᠵᠢᠩᠬᠢᠨᠢᠴᠢᠯᠡᠬᠦ ᠵᠢ ᠶᠠᠷᠢᠯᠴᠠᠬᠤ ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ ᠨᠢ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ᠂ ᠵᠥᠪᠱᠢᠶᠡᠷᠡᠭ᠌ᠰᠡᠨ ᠬᠥᠮᠦᠨ᠎ᠦ ᠲᠣᠭ᠎ᠠ ᠵᠡᠷᠭᠡ ᠱᠠᠭᠠᠷᠳᠠᠯᠭ᠎ᠠ᠎ᠶ᠋ᠢ ᠪᠡᠯᠡᠳᠭᠡᠯ ᠨᠠᠮ᠎ᠤᠨ ᠭᠡᠱᠢᠭᠦᠨ᠎ᠢ ᠡᠯᠰᠡᠬᠦ ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ᠎ᠲᠠᠶ ᠠᠳᠠᠯᠢ ᠪᠠᠢᠯᠭᠠᠨ᠎ᠠ᠃

ᠭᠤᠴᠢᠨ ᠭᠤᠷᠪᠠᠳᠤᠭᠠᠷ ᠵᠦᠢᠯ   ᠨᠠᠮ᠎ᠤᠨ ᠬᠣᠷᠢᠶ᠎ᠠ ᠨᠢ ᠨᠠᠮ᠎ᠤᠨ ᠡᠭᠦᠷ᠎ᠦᠨ ᠳᠡᠭᠡᠭ᠌ᠰᠢ ᠮᠡᠳᠡᠭᠦᠯᠦᠭ᠌ᠰᠡᠨ ᠪᠡᠯᠡᠳᠭᠡᠯ ᠨᠠᠮ᠎ᠤᠨ ᠭᠡᠱᠢᠭᠦᠨ᠎ᠢ ᠵᠢᠩᠬᠢᠨᠢᠴᠢᠯᠡᠬᠦ᠌ ᠱᠢᠢᠳᠪᠦᠷᠢ᠎ᠶ᠋ᠢ ᠭᠤᠷᠪᠠᠨ ᠰᠠᠷ᠎ᠠ᠎ᠶ᠋ᠢᠨ ᠳᠣᠲᠣᠷ᠎ᠠ ᠬᠢᠨᠠᠨ ᠵᠥᠪᠱᠢᠶᠡᠷᠡᠬᠦ᠌ ᠬᠡᠷᠡᠭ᠌ᠲᠡᠢ᠃ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠢᠶᠡᠨ ᠨᠠᠮ᠎ᠤᠨ ᠡᠭᠦᠷ᠎ᠲᠦ ᠴᠠᠭ ᠲᠤᠬᠠᠢ᠎ᠳᠤᠨᠢ ᠮᠡᠳᠡᠭ᠌ᠳᠡᠬᠦ᠌ ᠬᠡᠷᠡᠭ᠌ᠲᠡᠢ᠃ ᠨᠠᠮ᠎ᠤᠨ ᠡᠭᠦᠷ᠎ᠦᠨ ᠱᠦᠵᠢ ᠨᠢ ᠲᠤᠰ ᠬᠥᠮᠦᠨ᠎ᠲᠡᠶ ᠨᠢ ᠶᠠᠷᠢᠯᠴᠠᠬᠤ ᠪᠥᠭᠡᠳ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠢ ᠨᠠᠮ᠎ᠤᠨ ᠭᠡᠱᠢᠭᠦᠳ᠎ᠦᠨ ᠶᠡᠬᠡ ᠬᠤᠷᠠᠯ ᠳᠡᠭᠡᠷ᠎ᠡ ᠨᠡᠢᠲᠡᠯᠡᠬᠦ᠌ ᠬᠡᠷᠡᠭ᠌ᠲᠡᠢ᠃

ᠨᠠᠮ᠎ᠤᠨ ᠭᠡᠱᠢᠭᠦᠨ᠎ᠦ ᠨᠠᠮ᠎ᠳᠤ ᠡᠯᠰᠡᠭ᠌ᠳᠡᠭ᠌ᠰᠡᠨ ᠣᠨ ᠵᠢᠯ᠎ᠢ ᠪᠡᠯᠡᠳᠭᠡᠯ ᠬᠤᠭᠤᠴᠠᠭ᠎ᠠ ᠨᠢ ᠭᠦᠢᠴᠡᠭᠡᠳ  ᠵᠢᠩᠬᠢᠨᠢ ᠨᠠᠮ᠎ᠤᠨ ᠭᠡᠱᠢᠭᠦᠨ ᠪᠣᠯᠤᠭ᠍ᠰᠠᠨ ᠡᠳᠦᠷ᠎ᠡᠴᠡ ᠡᠬᠢᠯᠡᠵᠦ᠍ ᠪᠤᠳᠦᠨ᠎ᠡ᠃

ᠭᠤᠴᠢᠨ ᠳᠥᠷᠪᠡᠳᠦᠭᠡᠷ ᠵᠦᠢᠯ   ᠪᠡᠯᠡᠳᠭᠡᠯ ᠬᠤᠭᠤᠴᠠᠭ᠎ᠠ ᠨᠢ ᠳᠠᠭᠤᠰᠤᠭᠠᠳᠤᠢ ᠪᠡᠯᠡᠳᠭᠡᠯ ᠨᠠᠮ᠎ᠤᠨ ᠭᠡᠱᠢᠭᠦᠨ ᠤ᠋ ᠠᠵᠢᠯᠯᠠᠵᠤ᠂ ᠰᠤᠷᠦᠯᠴᠡᠵᠦ᠍ ᠪᠠᠢᠭ᠎ᠠ ᠨᠢᠭᠡᠴᠢ ᠪᠤᠶᠤ ᠰᠠᠭᠤᠭ᠎ᠠ ᠭᠠᠵᠠᠷ᠎ᠨᠢ ᠬᠤᠪᠢᠷᠠᠯᠲᠠ ᠭᠠᠷᠪᠠᠯ᠂ ᠤᠤᠯ᠎ᠤᠨ ᠪᠠᠢᠭ᠍ᠰᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠴᠠᠭ ᠲᠤᠬᠠᠢ᠎ᠳᠤᠨᠢ ᠮᠡᠳᠡᠭᠦᠯᠬᠦ᠌ ᠬᠡᠷᠡᠭ᠌ᠲᠡᠢ᠃ ᠤᠤᠯ᠎ᠤᠨ ᠪᠠᠢᠭ᠍ᠰᠠᠨ ᠨᠠᠮ᠎ᠤᠨ ᠵᠣᠬᠢᠶᠠᠨ ᠪᠠᠢᠭᠤᠯᠤᠯᠲᠠ ᠨᠢ ᠲᠡᠭᠦᠨ᠎ᠢ ᠬᠥᠮᠦᠵᠢᠭᠦᠯᠵᠦ᠍ ᠰᠤᠷᠭᠠᠭ᠍ᠰᠠᠨ ᠪᠠ ᠱᠢᠯᠭᠠᠨ ᠪᠠᠢᠴᠠᠭᠠᠭ᠍ᠰᠠᠨ ᠪᠠᠢᠳᠠᠯ᠎ᠢᠶᠠᠨ ᠪᠡᠯᠡᠳᠭᠡᠯ ᠨᠠᠮ᠎ᠤᠨ ᠭᠡᠱᠢᠭᠦᠨ᠎ᠢ ᠡᠯᠰᠡᠭᠰᠡᠨ ᠨᠠᠮ᠎ᠤᠨ ᠵᠣᠬᠢᠶᠠᠨ ᠪᠠᠢᠭᠤᠯᠤᠯᠲᠠ᠎ᠳᠤ ᠴᠠᠭ ᠲᠤᠬᠠᠢ᠎ᠳᠤᠨᠢ ᠬᠠᠷᠢᠭᠤᠴᠠᠯᠭ᠎ᠠ᠎ᠲᠠᠶ᠎ᠪᠠᠷ ᠲᠠᠨᠢᠯᠴᠠᠭᠤᠯᠬᠤ ᠬᠡᠷᠡᠭ᠌ᠲᠡᠢ᠃

ᠨᠠᠮ᠎ᠤᠨ ᠵᠣᠬᠢᠶᠠᠨ ᠪᠠᠢᠭᠤᠯᠤᠯᠲᠠ ᠱᠢᠯᠵᠢᠵᠦ᠍ ᠢᠷᠡᠭ᠌ᠰᠡᠨ ᠪᠡᠯᠡᠳᠭᠡᠯ ᠨᠠᠮ᠎ᠤᠨ ᠭᠡᠱᠢᠭᠦᠨ᠎ᠦ ᠨᠠᠮ᠎ᠳᠤ ᠣᠷᠣᠬᠤ ᠮᠠᠲ᠋ᠧᠷᠢᠶᠠᠯ᠎ᠢ ᠴᠢᠩᠭ᠎ᠠ ᠬᠢᠨᠠᠨ ᠪᠠᠢᠴᠠᠭᠠᠵᠤ᠂ ᠬᠢᠨᠠᠨ ᠲᠣᠭ᠍ᠲᠠᠭᠠᠵᠤ ᠳᠡᠢᠯᠬᠦ ᠦᠭᠡᠢ ᠪᠡᠯᠡᠳᠭᠡᠯ ᠨᠠᠮ᠎ᠤᠨ ᠭᠡᠱᠢᠭᠦᠨ᠎ᠢ ᠱᠢᠶᠠᠨ᠎ᠤ ᠱᠠᠲᠤᠨ᠎ᠡᠴᠡ ᠳᠡᠭᠡᠭ᠌ᠰᠢᠬᠢ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ ᠮᠡᠳᠡᠭᠦᠯᠦᠨ ᠵᠥᠪᠱᠢᠶᠡᠷᠡᠵᠦ᠍ ᠪᠣᠯᠬᠤ ᠦᠭᠡᠢ ᠭᠡᠵᠦ ᠵᠥᠪᠱᠢᠶᠡᠷᠡᠭᠦᠯᠬᠦ᠌ ᠬᠡᠷᠡᠭ᠌ᠲᠡᠢ᠃

ᠭᠤᠴᠢᠨ ᠲᠠᠪᠤᠳᠤᠭᠠᠷ ᠵᠦᠢᠯ  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠱᠢᠯᠵᠢᠵᠦ᠍ ᠢᠷᠡᠭ᠌ᠰᠡᠨ ᠪᠡᠯᠡᠳᠭᠡᠯ ᠨᠠᠮ᠎ᠤᠨ ᠭᠡᠱᠢᠭᠦᠨ᠎ᠦ ᠪᠡᠯᠡᠳᠭᠡᠯ ᠬᠤᠭᠤᠴᠠᠭ᠎ᠠ ᠨᠢ ᠳᠦᠭᠦᠷᠬᠦ᠌ ᠦᠶ᠎ᠡ᠎ᠳᠦ ᠴᠢᠬᠤᠯᠠ᠎ᠲᠠᠶ  ᠪᠤᠯ ᠲᠡᠭᠦᠨ᠎ᠦ ᠵᠢᠩᠬᠢᠨᠢᠴᠢᠯᠡᠬᠦ᠌ ᠠᠰᠠᠭᠤᠳᠠᠯ᠎ᠢ ᠬᠣᠢᠱᠢᠯᠠᠭᠤᠯᠤᠨ ᠶᠠᠷᠢᠯᠴᠠᠵᠤ ᠪᠣᠯᠤᠨ᠎ᠠ᠂ ᠬᠣᠢᠱᠢᠯᠠᠭᠤᠯᠬᠤ ᠬᠤᠭᠤᠴᠠᠭ᠎ᠠ᠎ᠶ᠋ᠢ ᠵᠢᠷᠭᠤᠭᠠᠨ ᠰᠠᠷ᠎ᠠ᠎ᠡᠴᠡ ᠬᠡᠲᠦᠷᠡᠭᠦᠯᠵᠦ᠍ ᠪᠣᠯᠬᠤ ᠤᠢ᠍ᠭᠡᠢ᠃ ᠵᠢᠩᠬᠢᠨᠢ ᠨᠠᠮ᠎ᠤᠨ ᠭᠡᠱᠢᠭᠦᠨ ᠪᠣᠯᠤᠭ᠍ᠰᠠᠨ ᠪᠠᠢᠪᠠᠯ᠂ ᠲᠡᠭᠦᠨ᠎ᠦ ᠵᠢᠩᠬᠢᠨᠢᠴᠢᠯᠡᠭᠰᠡᠨ ᠴᠠᠭ᠎ᠢ ᠪᠡᠯᠡᠳᠭᠡᠯ ᠬᠤᠭᠤᠴᠠᠭ᠎ᠠ ᠳᠦᠭᠦᠷᠦᠭ᠌ᠰᠡᠨ ᠡᠳᠦᠷ᠎ᠡᠴᠡ ᠡᠬᠢᠯᠡᠵᠦ᠍ ᠪᠤᠳᠤᠨ᠎ᠠ᠃

ᠭᠤᠴᠢᠨ ᠵᠢᠷᠭᠤᠳᠤᠭᠠᠷ ᠵᠦᠢᠯ   ᠪᠡᠯᠡᠳᠭᠡᠯ ᠨᠠᠮ ᠎ᠤᠨ ᠭᠡᠱᠢᠭᠦᠨ ᠎ᠢ ᠵᠢᠩᠬᠢᠨᠢᠴᠢᠯᠡᠭ᠌ᠰᠡᠨ᠎ᠦ ᠲᠠᠷᠠᠭ᠎ᠠ᠂ ᠨᠠᠮ᠎ᠤᠨ ᠡᠭᠦᠷ᠎ᠡᠴᠡ ᠴᠠᠭ ᠲᠤᠬᠠᠢ᠎ᠳᠤᠨᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ 》᠂ ᠨᠠᠮ᠎ᠳᠤ ᠣᠷᠣᠬᠤ ᠭᠤᠶᠤᠴᠢᠯᠠᠯ᠎ᠤᠨ ᠪᠢᠴᠢᠭ᠂ 《ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠥᠮᠦᠵᠢᠭᠦᠯᠬᠦ᠌ ᠰᠢᠯᠭᠠᠨ ᠪᠠᠢᠴᠠᠭᠠᠬᠤ ᠳᠠᠩᠰᠠᠯᠠᠯᠲᠠ᠎ᠶ᠋ᠢᠨ ᠬᠦᠰᠦᠨᠦᠭ᠌》᠂ ᠤᠯᠤᠰ ᠲᠦᠷᠦ᠍᠎ᠶ᠋ᠢᠨ ᠬᠢᠨᠠᠨ ᠪᠠᠢᠴᠠᠭᠠᠯᠲᠠ᠎ᠶ᠋ᠢᠨ ᠮᠠᠲ᠋ᠧᠷᠢᠶᠠᠯ᠂ 《ᠪᠡᠯᠡᠳᠭᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠌ ᠰᠢᠯᠭᠠᠨ ᠪᠠᠢᠴᠠᠭᠠᠬᠤ ᠳᠠᠩᠰᠠᠯᠠᠯᠲᠠ᠎ᠶ᠋ᠢᠨ ᠬᠦᠰᠦᠨᠦᠭ᠌》᠂ ᠵᠢᠩᠬᠢᠨᠢᠴᠢᠯᠡᠬᠦ᠌ ᠭᠤᠶᠤᠴᠢᠯᠠᠯ᠎ᠤᠨ ᠪᠢᠴᠢᠭ ᠵᠡᠷᠭᠡ᠎ᠶ᠋ᠢ ᠨᠠᠮ᠎ᠤᠨ ᠬᠣᠷᠢᠢ᠎ᠠ᠎ᠳᠤ ᠲᠤᠱᠢᠶᠠᠨ ᠬᠤᠪᠢ ᠬᠥᠮᠦᠨ᠎ᠦ ᠠᠵᠢᠯᠳᠠᠨ᠎ᠤ ᠶᠠᠪᠤᠳᠠᠯ᠎ᠤᠨ ᠲᠠᠨᠭᠰᠠ ᠡᠪᠬᠡᠮᠡᠯ᠎ᠳᠦ ᠣᠷᠣᠭᠤᠯᠬᠤ ᠬᠡᠷᠡᠭ᠌ᠲᠡᠢ᠃ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ ᠦᠭᠡᠢ ᠪᠣᠯ ᠨᠠᠮ᠎ᠤᠨ ᠭᠡᠱᠢᠭᠦᠨ᠎ᠦ ᠳᠠᠩᠰᠠ ᠡᠪᠬᠡᠮᠡᠯ ᠪᠠᠢᠭᠤᠯᠵᠤ᠂ ᠪᠠᠢᠭ᠎ᠠ ᠨᠠᠮ᠎ᠤᠨ ᠬᠣᠷᠢᠶ᠎ᠠ ᠪᠤᠶᠤ ᠱᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠡᠴᠡ ᠬᠠᠳᠠᠭᠠᠯᠠᠨ᠎ᠠ᠃

ᠨᠥᠬᠥᠴᠡᠯ᠎ᠲᠡᠶ ᠭᠠᠵᠠᠷ ᠣᠷᠣᠨ ᠪᠠ ᠨᠢᠭᠡᠴᠢ ᠨᠢ ᠨᠠᠮ᠎ᠤᠨ ᠭᠡᠱᠢᠭᠦᠨ᠎ᠦ ᠳᠠᠩᠰᠠ ᠡᠪᠬᠡᠮᠡᠯ᠎ᠢ ᠡᠯᠸᠺᠲ᠋ᠷᠤᠨᠴᠢᠯᠠᠨ ᠬᠠᠮᠢᠶᠠᠷᠤᠨ᠎ᠠ᠃

ᠵᠢᠷᠭᠤᠳᠤᠭᠠᠷ ᠪᠦᠯᠦᠭ   ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠤᠳᠤᠷᠢᠳᠤᠯᠭ᠎ᠠ ᠪᠠ ᠰᠠᠬᠢᠯᠭ᠎ᠠ ᠪᠠᠲᠤ

ᠭᠤᠴᠢᠨ ᠳᠣᠯᠣᠳᠤᠭᠠᠷ ᠵᠦᠢᠯ   ᠡᠯ᠎ᠡ ᠱᠠᠲᠤᠨ᠎ᠤ ᠨᠠᠮ᠎ᠤᠨ ᠬᠣᠷᠢᠢ᠎ᠠ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ᠌ ᠵᠦᠢᠯ᠎ᠳᠡᠭᠡᠨ ᠣᠷᠣᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠳᠦ ᠣᠷᠣᠭᠤᠯᠵᠤ᠂ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠱᠢᠯᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠪᠠ ᠨᠠᠮ᠎ᠤᠨ ᠠᠵᠢᠯ᠎ᠢ ᠢᠯᠡ ᠪᠣᠯᠭᠠᠬᠤ᠎ᠶ᠋ᠢᠨ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠢ᠃ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠪᠠᠢᠳᠠᠯ᠎ᠳᠤ ᠡᠯ᠎ᠡ ᠱᠠᠲᠤᠨ᠎ᠤ ᠣᠷᠣᠨ ᠨᠤᠲᠤᠭ᠎ᠤᠨ ᠨᠠᠮ᠎ᠤᠨ ᠬᠤᠷᠢᠶ᠎ᠠ ᠡᠳᠦᠷ ᠲᠤᠳᠤᠮ᠎ᠤᠨ ᠱᠠᠯᠠᠪᠳᠠᠭᠤᠯᠤᠨ ᠪᠠᠢᠴᠠᠭᠠᠯᠲᠠ᠎ᠪᠠᠨ ᠴᠢᠩᠭᠠᠳᠭᠠᠵᠤ᠂ ᠣᠷᠣᠱᠢᠵᠤ ᠪᠠᠢᠭ᠎ᠠ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠦᠨ ᠱᠢᠢᠳᠪᠦᠷᠢᠯᠡᠬᠦ᠌ ᠬᠡᠷᠡᠭ᠌ᠲᠡᠢ᠃

ᠵᠠᠯᠠᠭᠤᠴᠤᠳ ᠪᠠ ᠠᠵᠤ ᠦᠢᠯᠡᠰ᠎ᠦᠨ ᠠᠵᠢᠯᠴᠢᠨ᠂ ᠲᠠᠷᠢᠶᠠᠴᠢᠨ᠂ ᠰᠡᠬᠡᠭᠡᠲᠡᠨ᠎ᠦ ᠳᠣᠲᠣᠷ᠎ᠠ᠎ᠡᠴᠡ ᠨᠠᠮ᠎ᠤᠨ ᠭᠡᠱᠢᠭᠦᠨ ᠬᠦᠮᠦᠵᠢᠭᠦᠯᠬᠦ᠎ᠶ᠋ᠢ ᠴᠢᠬᠤᠯᠠᠴᠢᠯᠠᠵᠤ᠂ ᠦᠢᠯᠡᠳᠪᠦᠷᠢᠯᠡᠯ᠂ ᠠᠵᠢᠯ᠎ᠤᠨ ᠨᠢᠭᠡᠳᠦᠭᠡᠷ ᠹᠷᠣᠨᠲ᠎ᠲᠤ ᠨᠠᠮ᠎ᠤᠨ ᠭᠡᠱᠢᠭᠦᠨ ᠬᠦᠮᠦᠵᠢᠭᠦᠯᠬᠦ  ᠶ᠋ᠢ ᠴᠢᠬᠤᠯᠠᠴᠢᠯᠠᠵᠤ᠂ ᠱᠢᠨ᠎ᠡ᠎ᠪᠡᠷ ᠮᠠᠨᠳᠤᠭᠰᠠᠨ ᠬᠦᠷᠢᠶᠡᠨ᠎ᠳᠦ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠢ ᠰᠠᠢᠲᠤᠷ ᠬᠢᠵᠦ᠍᠂ ᠨᠠᠮ᠎ᠤᠨ ᠭᠡᠱᠢᠭᠦᠨ᠎ᠦ ᠡᠩᠨᠡᠭᠡᠨ᠎ᠦ ᠪᠦᠲᠦᠴᠡ᠎ᠶ᠋ᠢ ᠱᠢᠯᠢᠳᠡᠭ᠌ᠵᠢᠭᠦᠯᠦᠨ᠎ᠡ᠃ ᠨᠠᠮ᠎ᠤᠨ ᠭᠡᠱᠢᠭᠦᠨ ᠬᠦᠮᠦᠵᠢᠭᠦᠯᠬᠦ ᠨᠥᠬᠥᠴᠡᠯ ᠎ᠢ ᠪᠦᠷᠢᠯᠳᠦᠭᠦᠯᠦᠭ᠌ᠰᠡᠨ ᠪᠣᠯᠪᠠᠴᠤ᠌ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠢ ᠤᠷᠳᠤ ᠬᠤᠭᠤᠴᠠᠭ᠎ᠠ᠎ᠪᠠᠷ ᠬᠢᠭᠰᠡᠨ ᠦᠭᠡᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠳᠡᠭᠡᠳᠦ ᠱᠠᠲᠤᠨ᠎ᠤ ᠨᠠᠮ᠎ᠤᠨ ᠬᠤᠷᠢᠶ᠎ᠠ ᠨᠢ ᠵᠢᠯᠣᠭᠣᠳᠭᠤ ᠪᠠ ᠱᠠᠯᠠᠪᠳᠠᠭᠤᠯᠤᠨ ᠪᠠᠢᠴᠠᠭᠠᠬᠤ᠎ᠪᠠᠨ ᠴᠢᠩᠭᠠᠳᠭᠠᠵᠤ᠂ ᠴᠢᠬᠤᠯᠠᠲᠠᠢ ᠦᠶ᠎ᠡ᠎ᠳᠦ ᠲᠡᠭᠦᠨ᠎ᠢ ᠵᠣᠬᠢᠶᠠᠨ ᠪᠠᠢᠭᠤᠯᠵᠤ ᠴᠡᠭ᠌ᠴᠡᠯᠡᠬᠦ᠌ ᠬᠡᠷᠡᠭ᠌ᠲᠡᠢ᠃

ᠭᠤᠴᠢᠨ ᠨᠠᠢ᠍ᠮᠠᠳᠤᠭᠠᠷ ᠵᠦᠢᠯ   ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠵᠢᠯ ᠪᠦᠷᠢ ᠠᠳᠠᠯᠢ ᠱᠠᠲᠤᠨ᠎ᠤ ᠨᠠᠮ᠎ᠤᠨ ᠬᠤᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠲᠦ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠪᠠᠢᠳᠠᠯ ᠪᠠ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠲᠥᠯᠥᠪᠯᠡᠭᠡ᠎ᠪᠡᠨ ᠮᠡᠳᠡᠭᠦᠯᠵᠦ᠍᠂ ᠬᠡᠯᠪᠡᠷᠢᠯ᠎ᠦᠨ ᠴᠢᠨᠠᠷᠲᠠᠢ ᠠᠰᠠᠭᠤᠳᠠᠯ ᠪᠠ ᠲᠣᠭ᠍ᠲᠠᠭᠠᠯ᠎ᠢ ᠵᠥᠷᠢᠴᠡᠨ ᠨᠠᠮ᠎ᠤᠨ ᠭᠡᠱᠢᠭᠦᠨ ᠬᠦᠮᠦᠵᠢᠭᠦᠯᠦᠭᠰᠡᠨ᠎ᠢ ᠪᠠᠢᠴᠠᠭᠠᠨ ᠱᠢᠢᠳᠪᠦᠷᠢᠯᠡᠭ᠌ᠰᠡᠨ ᠪᠠᠢᠳᠠᠯ᠎ᠢᠶᠠᠨ ᠦᠨᠡᠨ ᠮᠥᠨ᠎ᠢᠶᠡᠷ ᠨᠢ ᠲᠤᠰᠭᠠᠬᠤ ᠬᠡᠷᠡᠭ᠌ᠲᠡᠢ᠃

ᠭᠤᠴᠢ ᠶᠢᠰᠦᠳᠦᠭᠡᠷ ᠵᠦᠢᠯ  ᠱᠢᠶᠠᠩ ᠪᠠᠯᠭᠠᠰᠤ᠂ ᠵᠡᠭᠡᠯᠢ ᠭᠤᠳᠤᠮᠵᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠵᠡᠷᠭᠡ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ᠎ᠳᠤ ᠲᠣᠭ᠍ᠲᠠᠭᠠᠯ ᠶᠣᠰᠣᠭᠠᠷ ᠵᠣᠬᠢᠬᠤ ᠲᠣᠭᠠᠨ᠎ᠤ ᠲᠤᠰᠭᠠᠢ ᠲᠤᠱᠢᠶᠠᠯ᠎ᠤᠨ ᠪᠠ ᠲᠤᠱᠢᠶᠠᠯ ᠬᠠᠪᠰᠤᠷᠭᠠᠭ᠍ᠰᠠᠨ ᠵᠣᠬᠢᠶᠠᠨ ᠪᠠᠢᠭᠤᠯᠤᠭ᠍ᠴᠢ᠎ᠶ᠋ᠢ ᠲᠤᠬᠢᠷᠠᠭᠤᠯᠤᠨ᠎ᠠ᠃ ᠱᠢᠶᠠᠨ᠎ᠤ ᠱᠠᠲᠤᠨ᠎ᠡᠴᠡ ᠳᠡᠭᠡᠭ᠌ᠰᠢᠬᠢ ᠨᠠᠮ᠎ᠤᠨ ᠬᠤᠷᠢᠶ᠎ᠠ ᠵᠢᠴᠢ ᠲᠡᠭᠦᠨ᠎ᠦ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠳ ᠵᠣᠬᠢᠶᠠᠨ ᠪᠠᠢᠭᠤᠯᠤᠭ᠍ᠴᠢ᠎ᠶ᠋ᠢ ᠱᠢᠯᠢᠨ ᠳᠡᠪᠱᠢᠭᠦᠯᠬᠦ᠌᠂ ᠲᠤᠬᠢᠷᠠᠭᠤᠯᠬᠤ ᠪᠠ ᠪᠣᠯᠪᠠᠰᠤᠷᠠᠭᠤᠯᠬᠤ ᠠᠵᠢᠯ᠎ᠢ ᠴᠢᠬᠤᠯᠠᠴᠢᠯᠠᠨ᠂ ᠲᠤᠬᠠᠢᠯᠠᠭ᠍ᠰᠠᠨ ᠠᠵᠢᠯ᠎ᠤᠨ ᠵᠢᠯᠤᠭᠤᠳᠤᠯᠭ᠎ᠠ ᠪᠠ ᠬᠠᠮᠢᠶᠠᠷᠤᠯᠲᠠ᠎ᠪᠠᠨ ᠴᠢᠩᠭᠠᠳᠭᠠᠵᠤ᠂ ᠲᠡᠳᠡᠨ᠎ᠦ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠳᠤᠮᠳᠠᠬᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃

ᠳᠥᠴᠢᠳᠦᠭᠡᠷ ᠵᠦᠢᠯ   ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠴᠢ ᠲᠡᠭᠦᠨ᠎ᠦ ᠵᠣᠬᠢᠶᠠᠨ ᠪᠠᠢᠭᠤᠯᠬᠤ ᠰᠠᠯᠠᠭ᠎ᠠ ᠮᠥᠴᠢᠷ ᠨᠢ ᠨᠡᠭᠦᠳᠡᠯ ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠳᠠᠬᠢ ᠤᠳᠤᠷᠢᠳᠤᠯᠭ᠎ᠠ ᠪᠠ ᠵᠢᠯᠤᠭᠤᠳᠤᠯᠭ᠎ᠠ᠎ᠪᠠᠨ ᠴᠢᠩᠭᠠᠳᠭᠠᠬᠤ ᠬᠡᠷᠡᠭ᠌ᠲᠡᠢ᠃ ᠨᠠᠮ᠎ᠤᠨ ᠭᠡᠱᠢᠭᠦᠨ ᠬᠦᠮᠦᠵᠢᠭᠦᠯᠬᠦ ᠨᠥᠬᠥᠴᠡᠯ᠎ᠢ ᠪᠦᠷᠢᠳᠦᠭᠦᠯᠦᠭ᠌ᠰᠡᠨ ᠨᠡᠭᠦᠳᠡᠯ ᠨᠠᠮ᠎ᠤᠨ ᠭᠡᠱᠢᠭᠦᠨ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠲᠣᠭ᠍ᠲᠠᠭᠠᠬᠤ ᠪᠠ ᠬᠥᠮᠦᠵᠢᠭᠦᠯᠬᠦ᠌᠂ ᠬᠦᠮᠦᠵᠢᠭᠦᠯᠬᠦ ᠡᠲᠡᠭᠡᠳ᠎ᠢ ᠲᠣᠭ᠍ᠲᠠᠭᠠᠬᠤ ᠪᠠ ᠬᠢᠨᠠᠨ ᠪᠠᠢᠴᠠᠭᠠᠬᠤ ᠵᠢᠴᠢ ᠪᠡᠯᠡᠳᠭᠡᠯ ᠨᠠᠮ᠎ᠤᠨ ᠭᠡᠱᠢᠭᠦᠨ᠎ᠢ ᠬᠦᠯᠢᠶᠡᠨ ᠠᠪᠬᠤ ᠪᠠ ᠵᠢᠩᠬᠢᠨᠢᠴᠢᠯᠡᠬᠦ᠌ ᠵᠡᠷᠭᠡ ᠠᠵᠢᠯ᠎ᠢ ᠲᠣᠭ᠍ᠲᠠᠭᠠᠯ ᠶᠣᠰᠣᠭᠠᠷ ᠰᠠᠢᠲᠤᠷ ᠬᠢᠬᠦ᠌ ᠬᠡᠷᠡᠭ᠌ᠲᠡᠶ; ᠨᠠᠮ᠎ᠤᠨ ᠭᠡᠱᠢᠭᠦᠨ ᠬᠦᠮᠦᠵᠢᠭᠦᠯᠬᠦ ᠨᠥᠬᠥᠴᠡᠯ᠎ᠢ ᠬᠠᠷᠠᠬᠠᠨ ᠪᠦᠷᠢᠯᠳᠦᠭᠦᠯᠦᠭᠡᠳᠦᠶ ᠪᠠᠢᠪᠠᠯ᠂ ᠨᠠᠮ᠎ᠳᠤ ᠣᠷᠣᠬᠤ᠎ᠪᠠᠷ ᠭᠤᠶᠤᠴᠢᠯᠠᠭ᠍ᠴᠢ᠎ᠶ᠋ᠢ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠣᠳᠭᠤ᠂ ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠥᠮᠦᠵᠢᠭᠦᠯᠦᠨ ᠰᠤᠷᠭᠠᠬᠤ ᠵᠡᠷᠭᠡ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠬᠣᠯᠪᠣᠭ᠍ᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠎ᠳᠤ ᠪᠠᠢᠳᠠᠯ᠎ᠢ ᠴᠠᠭ ᠲᠤᠬᠠᠶ᠎ᠳᠤᠨᠢ ᠲᠠᠨᠢᠯᠴᠠᠭᠤᠯᠵᠤ᠂ ᠬᠣᠯᠪᠣᠭ᠍ᠳᠠᠯ ᠪᠦᠬᠦᠢ ᠮᠠᠲ᠋ᠧᠷᠢᠶᠠᠯ᠎ᠢ ᠱᠢᠯᠵᠢᠭᠦᠯᠦᠨ ᠲᠤᠱᠢᠶᠠᠨ᠎ᠠ᠃

ᠳᠥᠴᠢᠨ ᠨᠢᠭᠡᠳᠦᠭᠡᠷ ᠵᠦᠢᠯ  ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠳᠤᠮᠳᠠ ᠭᠠᠷᠤᠭ᠍ᠰᠠᠨ ᠳᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠠᠰᠠᠭᠤᠳᠠᠯ ᠪᠠ ᠲᠥᠪ ᠪᠤᠰᠤ ᠰᠤᠷᠲᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠢ᠃

ᠪᠠᠷᠢᠮᠵᠢᠶ᠎ᠠ᠎ᠶ᠋ᠢ ᠪᠠᠷᠢᠮᠲᠠᠯᠠᠬᠤ ᠦᠭᠡᠢ᠂ ᠲᠣᠭ᠍ᠲᠠᠭᠠᠭ᠍ᠰᠠᠨ ᠵᠢᠷᠤᠮ᠎ᠢ ᠭᠦᠢᠴᠡᠳᠭᠡᠬᠦ᠌ ᠦᠭᠡᠢ ᠪᠤᠶᠤ ᠵᠦᠷᠢᠴᠡᠬᠦ᠂ ᠬᠦᠮᠦᠵᠢᠭᠦᠯᠬᠦ ᠬᠢᠨᠠᠨ ᠪᠠᠢᠴᠠᠭᠠᠬᠤ ᠬᠠᠷᠢᠭᠤᠴᠠᠯᠭ᠎ᠠ᠎ᠪᠠᠨ ᠠᠯᠳᠠᠭ᠍ᠰᠠᠨ᠂ ᠬᠢᠨᠠᠨ ᠪᠠᠢᠴᠠᠭᠠᠵᠦ ᠪᠣᠭᠣᠮᠲᠠ ᠰᠠᠬᠢᠭᠰᠠᠨ ᠨᠢ ᠴᠢᠩᠭ᠎ᠠ ᠪᠢᠰᠢ᠂ ᠬᠤᠳᠠᠯ᠎ᠢᠶᠠᠷ ᠵᠣᠬᠢᠶᠠᠨ ᠬᠠᠭᠤᠷᠮᠠᠭ᠎ᠢᠶᠠᠷ ᠦᠢᠯᠡᠳᠦᠭ᠌ᠰᠡᠨ ᠪᠤᠶᠤ ᠪᠤᠰᠤᠳ ᠠᠷᠭ᠎ᠠ ᠪᠠᠷᠢᠯ᠎ᠢᠶᠠᠷ ᠨᠠᠮ᠎ᠤᠨ ᠭᠡᠱᠢᠭᠦᠨ᠎ᠦ ᠨᠥᠬᠥᠴᠡᠯ᠎ᠳᠦ ᠨᠡᠢᠴᠡᠬᠦ᠌ ᠦᠭᠡᠢ ᠬᠥᠮᠦᠨ᠎ᠢ ᠨᠠᠮ᠎ᠤᠨ ᠭᠡᠱᠢᠭᠦᠨ ᠪᠣᠯᠭᠠᠭ᠍ᠰᠠᠨ᠂ ᠨᠠᠮ᠎ᠤᠨ ᠭᠡᠱᠢᠭᠦᠨ ᠪᠤᠰᠤ ᠬᠥᠮᠦᠨ᠎ᠳᠦ ᠨᠠᠮ᠎ᠤᠨ ᠭᠡᠱᠢᠭᠦᠨ᠎ᠦ ᠪᠡᠶ᠎ᠡ᠎ᠶ᠋ᠢᠨ ᠬᠢᠷᠢ ᠬᠡᠮ᠎ᠦᠨ ᠭᠡᠷᠡᠴᠢ ᠭᠠᠷᠭᠠᠵᠤ ᠥᠭ᠌ᠭᠦᠭ᠌ᠰᠡᠨ ᠵᠡᠷᠭᠡ ᠠᠰᠠᠭᠤᠳᠠᠯ ᠣᠷᠣᠱᠢᠵᠤ ᠪᠠᠢᠭ᠎ᠠ ᠨᠠᠮ᠎ᠤᠨ ᠵᠣᠬᠢᠶᠠᠨ ᠪᠠᠢᠭᠤᠯᠤᠯᠲᠠ ᠵᠢᠴᠢ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠪᠠ ᠨᠠᠮ᠎ᠤᠨ ᠵᠣᠬᠢᠶᠠᠨ ᠪᠠᠢᠭᠤᠯᠤᠯᠲᠠ᠎ᠳᠤ ᠬᠣᠯᠪᠣᠭ᠍ᠳᠠᠯ ᠪᠦᠬᠦᠢ ᠪᠠᠢᠳᠠᠯ ᠎ᠢ ᠦᠨᠡᠨ ᠮᠥᠨ᠎ᠢᠶᠡᠷ ᠨᠢ ᠮᠡᠳᠡᠭᠦᠯᠦᠭ᠌ᠰᠡᠨ ᠦᠭᠡᠢ᠂ ᠬᠤᠪᠢ ᠬᠥᠮᠦᠨ ᠎ᠦ ᠲᠠᠨᠭᠰᠠ ᠡᠪᠬᠡᠮᠡᠯ ᠎ᠦᠨ ᠮᠠᠲ᠋ᠧᠷᠢᠶᠠᠯ ᠎ᠢ ᠥᠭᠡᠷᠡᠲᠦᠭᠦᠯᠦᠭ᠌ᠰᠡᠨ᠂ ᠬᠠᠭᠤᠷᠮᠠᠭ᠍ᠯᠠᠨ ᠵᠣᠬᠢᠶᠠᠭ᠍ᠰᠠᠨ᠂ ᠨᠠᠮ ᠎ᠳᠤ ᠣᠷᠣᠬᠤ᠎ᠡᠴᠡ ᠡᠮᠦᠨᠡᠬᠢ ᠬᠦᠨᠳᠦ ᠨᠣᠴᠢᠲᠠᠢ ᠠᠯᠳᠠᠭ᠎ᠠ᠎ᠪᠠᠨ ᠨᠢᠭᠤᠭ᠍ᠰᠠᠨ ᠬᠥᠮᠦᠰ ᠎ᠢ 《 ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠪᠠ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ ᠱᠢᠢᠳᠪᠦᠷᠢᠯᠡᠬᠦ᠌ ᠬᠡᠷᠡᠭ᠌ᠲᠡᠢ᠃

ᠨᠠᠮ᠎ᠤᠨ ᠭᠡᠱᠢᠭᠦᠨ ᠬᠦᠮᠦᠵᠢᠭᠦᠯᠬᠦ ᠠᠵᠢᠯ᠎ᠤᠨ ᠳᠤᠮᠳᠠᠬᠢ ᠳᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠴᠠᠭ ᠲᠤᠬᠠᠢ᠎ᠳᠤᠨᠢ ᠵᠠᠷᠯᠠᠨ ᠮᠡᠳᠡᠭ᠌ᠳᠡᠬᠦ᠌ ᠬᠡᠷᠡᠭ᠌ᠲᠡᠢ᠃ ᠲᠣᠭ᠍ᠲᠠᠭᠠᠯ᠎ᠢ ᠵᠥᠷᠢᠴᠡᠨ ᠨᠠᠮ ᠎ᠳᠤ ᠡᠯᠰᠡᠭᠰᠡᠨ ᠪᠠᠢᠪᠠᠯ᠂ ᠶᠡᠷᠦᠩᠬᠡᠢᠯᠡᠨ ᠵᠠᠳᠠᠯᠵᠤ ᠰᠤᠳᠤᠯᠤᠨ ᠮᠠᠭᠠᠳᠯᠠᠬᠤ ᠬᠡᠷᠡᠭ᠌ᠲᠡᠢ᠂ ᠨᠠᠮ᠎ᠤᠨ ᠭᠡᠱᠢᠭᠦᠨ᠎ᠦ ᠨᠥᠬᠥᠴᠡᠯ᠎ᠳᠦ ᠨᠡᠢᠴᠡᠬᠦ᠌ ᠦᠭᠡᠢ ᠪᠠᠢᠪᠠᠯ᠂ ᠴᠥᠮ ᠨᠠᠮ ᠎ᠤᠨ ᠭᠡᠱᠢᠭᠦᠨ᠎ᠦ ᠪᠡᠶ᠎ᠡ ᠬᠡᠮ᠎ᠢ ᠨᠢ ᠮᠡᠳᠡᠷᠡᠬᠦ᠌ ᠦᠭᠡᠢ ᠪᠥᠭᠡᠳ ᠨᠠᠮ᠎ᠤᠨ ᠡᠭᠦᠷ᠎ᠦᠨ ᠨᠠᠮ᠎ᠤᠨ ᠭᠡᠱᠢᠭᠦᠳ᠎ᠦᠨ ᠶᠡᠬᠡ ᠬᠤᠷᠠᠯ ᠳᠡᠭᠡᠷ᠎ᠡ ᠨᠡᠢᠲᠡᠯᠡᠬᠦ᠌ ᠬᠡᠷᠡᠭ᠌ᠲᠡᠢ᠃

ᠳᠥᠴᠢᠨ ᠬᠣᠶᠠᠳᠤᠭᠠᠷ ᠵᠦᠢᠯ   《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ 》 ᠤ᠋ᠨ ᠬᠡᠯᠪᠡᠷᠢ ᠶᠠᠩᠵᠤ᠎ᠵᠢ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠡᠴᠡ ᠬᠠᠷᠢᠭᠤᠴᠠᠨ ᠲᠣᠭ᠍ᠲᠠᠭᠠᠵᠤ᠂ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ ᠬᠡᠯᠪᠡᠷᠢ ᠶᠠᠩᠵᠤ᠎ᠵᠢ ᠨᠢ ᠦᠨᠳᠦᠰᠦᠯᠡᠨ ᠨᠢᠭᠡᠳᠦᠯᠲᠡᠢ ᠳᠠᠷᠤᠮᠠᠯᠯᠠᠬᠤ ᠪᠥᠭᠡᠳ ᠴᠢᠩᠭ᠎ᠠ ᠬᠠᠮᠢᠶᠠᠷᠤᠨ᠎ᠠ᠃

《ᠨᠠᠮ᠎ᠳᠤ ᠣᠷᠣᠬᠤ ᠪᠡᠷ ᠭᠤᠶᠤᠴᠢᠯᠠᠭᠰᠠᠨ ᠢᠳᠡᠪᠬᠢᠲᠡᠨ᠎ᠢ ᠬᠦᠮᠦᠵᠢᠭᠦᠯᠬᠦ ᠰᠢᠯᠭᠠᠨ ᠪᠠᠢᠴᠠᠭᠠᠬᠤ ᠳᠠᠩᠰᠠᠯᠠᠯᠲᠠ᠎ᠶ᠋ᠢᠨ ᠬᠦᠰᠦᠨᠦᠭ᠌》᠂ 《ᠪᠡᠯᠡᠳᠭᠡᠯ ᠨᠠᠮ᠎ᠤᠨ ᠭᠡᠱᠢᠭᠦᠨ᠎ᠢ ᠬᠥᠮᠦᠵᠢᠭᠦᠯᠬᠦ᠌ ᠰᠢᠯᠭᠠᠨ ᠪᠠᠢᠴᠠᠭᠠᠬᠤ ᠳᠠᠩᠰᠠᠯᠠᠯᠲᠠ᠎ᠶ᠋ᠢᠨ ᠬᠦᠰᠦᠨᠦᠭ᠌》 ᠤ᠋ᠨ ᠬᠡᠯᠪᠡᠷᠢ ᠶᠠᠩᠵᠤ᠎ᠵᠢ ᠲᠥᠪ ᠬᠣᠷᠢᠶ᠎ᠡ ᠵᠢᠨ ᠵᠣᠬᠢᠶᠠᠨ ᠪᠠᠢᠭᠤᠯᠬᠤ ᠬᠡᠯᠲᠡᠰ᠎ᠡᠴᠡ ᠬᠠᠷᠢᠭᠤᠴᠠᠨ ᠲᠣᠭ᠍ᠲᠠᠭᠠᠵᠤ᠂ ᠳᠠᠷᠤᠮᠠᠯᠯᠠᠨ ᠵᠣᠬᠢᠶᠠᠬᠤ᠂ ᠬᠠᠮᠢᠶᠠᠷᠬᠤ ᠵᠡᠷᠭᠡ᠎ᠶ᠋ᠢ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠡᠴᠡ ᠲᠣᠬᠢᠷᠠᠭᠤᠯᠤᠨ᠎ᠠ᠃

ᠳᠣᠯᠣᠳᠤᠭᠠᠷ ᠪᠦᠯᠦᠭ    ᠳᠠᠭᠠᠯᠳᠤᠭᠤᠯᠤᠭ᠍ᠰᠠᠨ ᠲᠦᠷᠢᠮ

ᠳᠥᠴᠢᠨ ᠭᠤᠷᠪᠠᠳᠤᠭᠠᠷ ᠵᠦᠢᠯ  ᠲᠤᠰ ᠨᠠᠷᠢᠨ ᠳᠦᠷᠢᠮ ᠎ᠢ ᠲᠥᠪ᠎ᠦᠨ ᠵᠣᠬᠢᠶᠠᠨ ᠪᠠᠢᠭᠤᠯᠬᠤ ᠬᠡᠯᠲᠡᠰ᠎ᠡᠴᠡ ᠬᠠᠷᠢᠭᠤᠴᠠᠨ ᠲᠠᠢᠯᠪᠤᠷᠢᠯᠠᠨ᠎ᠠ᠃

ᠳᠥᠴᠢᠨ ᠳᠥᠷᠪᠡᠳᠦᠭᠡᠷ ᠵᠦᠢᠯ  ᠲᠤᠰ ᠨᠠᠷᠢᠨ ᠳᠦᠷᠢᠮ ᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 18᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号