ᠴᠠᠬᠳᠠᠭ᠎ᠠ ᠨᠠᠷ ᠰᠤᠷᠭᠠᠭᠤᠯᠢ ᠵᠢᠨ ᠬᠦᠷᠢᠶᠡᠨ ᠳ᠋ᠸ᠋ ᠬᠦᠨᠵᠡᠬᠡᠢᠷᠡᠨ ᠮᠡᠬᠡᠯᠡᠯ᠎ᠢ ᠰᠡᠷᠭᠡᠢᠯᠡᠬᠦ ᠮᠡᠳᠡᠯᠬᠡ ᠵᠢ ᠲᠦᠬᠡᠮᠡᠯᠵᠢᠬᠦᠯᠵᠡᠢ
2026-05-22 16:02:59
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠤᠯᠠᠮ ᠴᠢᠨᠠᠭ᠍ᠰᠢᠳᠠ ᠪᠡᠬᠢᠵᠢᠭᠦᠯᠵᠦ᠍᠂ ᠪᠠᠭ᠍ᠰᠢ ᠰᠤᠷᠤᠭ᠍ᠴᠢᠳ᠎ᠤᠨ ᠮᠡᠬᠡᠯᠡᠯ᠎ᠢ ᠡᠰᠡᠷᠭᠦᠴᠡᠬᠦ᠌ ᠪᠠ ᠰᠡᠷᠭᠡᠢᠯᠡᠬᠦ᠌᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠤᠬᠠᠮᠰᠠᠷ ᠪᠠ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ ᠠᠮᠤᠷ ᠠᠮᠤᠭᠤᠯᠠᠩ ᠡᠶ᠎ᠡ ᠵᠣᠬᠢᠴᠠᠩᠭᠤᠶ ᠰᠤᠷᠭᠠᠭᠤᠯᠢ᠎ᠶ᠋ᠢᠨ ᠬᠦᠷᠢᠶᠡᠨ᠎ᠦ ᠣᠷᠴᠢᠨ ᠲᠣᠭᠣᠷᠢᠨ᠎ᠢ ᠪᠣᠶ ᠪᠣᠯᠭᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠮ ᠬᠠᠷᠢᠯᠴᠠᠭᠠᠨ᠎ᠤ ᠳᠡᠭᠡᠳᠦ ᠰᠤᠷᠭᠠᠭᠤᠯᠢ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠡᠷᠡᠭᠦᠦ᠍᠎ᠶ᠋ᠢᠨ ᠬᠡᠷᠡᠭ᠎ᠢ ᠲᠠᠩᠨᠠᠨ ᠪᠠᠢᠴᠠᠭᠠᠬᠤ ᠰᠠᠯᠪᠤᠷᠢ ᠠᠩᠭᠢ ᠲᠠᠢ ᠬᠠᠮᠵᠢᠯᠴᠠᠨ᠂ ᠮᠡᠬᠡᠯᠡᠯ᠎ᠢ ᠡᠰᠡᠷᠭᠦᠴᠡᠬᠦ᠌ ᠪᠠ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠎ᠦ ᠬᠠᠮᠲᠤᠷᠠᠭ᠍ᠰᠠᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠰᠣᠨᠢᠷᠬᠠᠯᠲᠠᠶ᠎ᠪᠠᠷ ᠬᠠᠷᠢᠯᠴᠠᠨ ᠬᠥᠳᠡᠯᠦᠯᠴᠡᠬᠦ᠌᠂ ᠮᠡᠬᠡᠯᠡᠯ ᠎ᠢ ᠰᠡᠷᠭᠡᠢᠯᠡᠬᠦ ᠮᠡᠳᠡᠯᠭᠡ ᠵᠢ ᠲᠦᠭᠡᠮᠡᠯᠵᠢᠭᠦᠯᠬᠦ᠌᠂ ᠱᠠᠩᠨᠠᠯ᠎ᠲᠠᠶ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ᠎ᠪᠡᠷ ᠲᠠᠮᠵᠢᠨ᠂ ᠠᠮᠤᠷ ᠲᠦᠪᠱᠢᠨ᠎ᠦ ᠮᠡᠳᠡᠯᠭᠡ᠎ᠶ᠋ᠢ ᠪᠠᠭ᠍ᠰᠢ ᠰᠤᠷᠤᠭ᠍ᠴᠢᠳ᠎ᠤᠨ ᠳᠡᠷᠭᠡᠳᠡ ᠬᠦᠷᠭᠡᠪᠡ᠃ 

ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠴᠠᠭ᠍ᠳᠠᠭ᠎ᠠ ᠪᠠ ᠦᠪᠦᠷ ᠮᠤᠩᠭᠤᠯ ᠤ᠋ᠨ ᠶᠡᠬᠡ ᠰᠤᠷᠭᠠᠭᠤᠯᠢ ᠵᠢᠨ ᠡᠮᠦᠨ᠎ᠡ ᠰᠤᠷᠭᠠᠭᠤᠯᠢ ᠵᠢᠨ ᠲᠤᠭᠤᠷᠢᠬ ᠤ᠋ᠨ ᠴᠠᠬᠳᠠᠭᠠᠨ ᠤ᠋ ᠶᠠᠪᠤᠳᠠᠯ ᠤ᠋ᠨ ᠲᠠᠰᠤᠬ ᠨᠢᠭ᠍ᠲᠠ ᠬᠠᠮᠵᠢᠯᠴᠠᠵᠤ᠂ ᠮᠡᠬᠡᠯᠡᠯ᠎ᠢ ᠰᠡᠷᠭᠡᠢᠯᠡᠬᠦ᠂ ᠭᠠᠯ ᠤᠨᠲᠠᠷᠠᠭᠠᠬᠤ ᠬᠣᠶᠠᠷ ᠶᠡᠬᠡ ᠭᠤᠤᠯ ᠰᠡᠳᠦᠪᠲᠦ ᠤᠬᠠᠭᠤᠯᠭ᠎ᠠ᠎ᠶ᠋ᠢ ᠵᠡᠷᠭᠡ ᠪᠡᠷ ᠥᠷᠨᠢᠭᠦᠯᠪᠡ᠃ ᠮᠡᠬᠡᠯᠡᠯ᠎ᠢ ᠰᠡᠷᠭᠡᠢᠯᠡᠬᠦ ᠤᠬᠠᠭᠤᠯᠭ᠎ᠠ᠎ᠶ᠋ᠢᠨ ᠭᠣᠭ᠍ᠴᠣᠭ᠎ᠠ᠎ᠳᠤ᠂ ᠴᠠᠭ᠍ᠳᠠᠭ᠎ᠠ ᠨᠠᠷ ᠶᠡᠬᠡ ᠳᠡᠭᠡᠳᠦ ᠰᠤᠷᠭᠠᠭᠤᠯᠢ ᠳ᠋ᠸ᠋ ᠤᠯᠠᠨᠳᠠ ᠡᠬᠦᠰᠳᠡᠭ ᠬᠤᠭᠤᠰᠤᠨ ᠵᠠᠬᠢᠶᠠᠯᠠᠭ᠎ᠠ ᠨᠡᠮᠡᠭᠳᠡᠬᠦᠯᠬᠦ᠂ ᠵᠣᠴᠢᠳ᠎ᠤᠨ ᠦᠶ᠋ᠯᠡᠴᠢᠯᠡᠭᠡ᠎ᠪᠡᠷ ᠣᠪᠯᠠᠬᠤ᠂ ᠰᠤᠷᠭᠠᠭᠤᠯᠢ᠎ᠶ᠋ᠢᠨ ᠬᠦᠷᠢᠶᠡᠨ᠎ᠦ ᠵᠢᠭᠡᠯᠡᠯᠭᠡ᠂ ᠬᠤᠳᠠᠯ ᠬᠠᠭᠤᠷᠮᠠᠭ᠎ᠢᠶᠠᠷ ᠱᠠᠩᠨᠠᠯ ᠣᠯᠤᠭ᠍ᠰᠠᠨ ᠵᠡᠷᠭᠡ ᠨᠡᠢᠲᠡᠯᠢᠭ ᠮᠡᠬᠡᠯᠡᠯ᠎ᠦᠨ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠲᠥᠬᠥᠮ ᠣᠢᠯᠠᠭᠠᠮᠵᠢᠲᠠᠶ ᠬᠡᠯᠡ ᠬᠡᠯᠡᠯᠬᠡ ᠎ᠪᠡᠷ ᠮᠡᠬᠡᠯᠡᠭ᠌ᠴᠢ᠎ᠶ᠋ᠢᠨ ᠬᠡᠷᠡᠭ ᠦᠶ᠋ᠯᠡᠳᠬᠦ᠌ ᠠᠷᠭ᠎ᠠ ᠵᠠᠮ᠎ᠢ ᠵᠠᠳᠠᠯᠵᠤ᠂ ᠰᠡᠷᠭᠡᠢᠯᠡᠬᠦ᠌ ᠤᠷ᠎ᠠ ᠮᠡᠷᠭᠡᠵᠢᠯ᠎ᠢ ᠨᠠᠷᠢᠨ ᠨᠢᠮᠪᠠᠶ ᠲᠠᠢᠯᠪᠤᠷᠢᠯᠠᠵᠤ᠂ ᠪᠠᠭ᠍ᠰᠢ ᠰᠤᠷᠤᠭ᠍ᠴᠢᠳ᠎ᠲᠤ 《ᠠᠮᠠᠷᠬᠠᠨ ᠢᠲᠡᠭᠡᠬᠦ᠌ ᠥᠬᠡᠶ᠂ ᠵᠠᠳᠠᠷᠠᠭᠤᠯᠬᠤ ᠥᠬᠡᠶ᠂ ᠲᠠᠩᠰᠠ ᠱᠢᠯᠵᠢᠭᠦᠯᠬᠦ᠌ ᠥᠬᠡᠶ》 ᠪᠠᠢᠬᠤ ᠭᠤᠤᠯ ᠵᠠᠷᠴᠢᠮ᠎ᠢ ᠪᠠᠲᠤ ᠴᠡᠬᠡᠵᠢᠯᠡᠬᠦᠯᠦᠨ᠂ ᠬᠤᠪᠢ ᠬᠥᠮᠦᠨ᠎ᠦ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠰᠠᠢᠲᠤᠷ ᠬᠠᠮᠠᠭᠠᠯᠠᠬᠤ ᠬᠡᠷᠡᠭ᠌ᠲᠡᠶ ᠭᠡᠵᠦ᠍ ᠰᠠᠨᠠᠭᠤᠯᠪᠠ᠃ 

ᠠᠵᠢᠯᠯᠠᠭ᠎ᠠ᠎ᠳᠦ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠠᠬᠤᠢ ᠲᠠᠯᠠᠪᠠᠶ᠎ᠳᠤ ᠮᠡᠬᠡᠯᠡᠯ᠎ᠢ ᠰᠡᠷᠭᠡᠢᠯᠡᠬᠦ ᠭᠠᠯ ᠤᠨᠲᠠᠷᠠᠭᠠᠬᠤ ᠮᠡᠳᠡᠯᠭᠡ᠎ᠶ᠋ᠢᠨ ᠱᠠᠩᠨᠠᠯ᠎ᠲᠠᠶ ᠠᠰᠠᠭᠤᠯᠲᠠ ᠬᠠᠷᠢᠭᠤᠯᠲᠠ᠎ᠶ᠋ᠢᠨ ᠭᠣᠭ᠍ᠴᠣᠭ᠎ᠠ ᠲᠣᠬᠢᠷᠠᠭᠤᠯᠵᠦ᠂ ᠴᠠᠭ᠍ᠳᠠᠭ᠎ᠠ ᠨᠠᠷ ᠮᠡᠬᠡᠯᠡᠯ᠎ᠢ ᠰᠡᠷᠭᠡᠢᠯᠡᠬᠦ ᠭᠤᠤᠯ ᠵᠦᠶ᠋ᠯ᠂ ᠶᠡᠷᠦ᠍᠎ᠶ᠋ᠢᠨ ᠮᠡᠳᠡᠯᠭᠡ᠎ᠶ᠋ᠢᠨ ᠲᠣᠭᠣᠷᠢᠨ᠎ᠳᠤ ᠠᠰᠠᠭᠤᠯᠳᠠ ᠳᠤᠷᠠᠳᠴᠤ᠌᠂ ᠪᠠᠭ᠍ᠰᠢ ᠰᠤᠷᠤᠭ᠍ᠴᠢᠳ ᠢᠳᠡᠪᠬᠢᠲᠡᠶ᠎ᠪᠡᠷ ᠬᠠᠷᠢᠭᠤᠯᠲᠠ ᠥᠭ᠌ᠴᠦ᠂ ᠬᠠᠷᠢᠯᠴᠠᠨ ᠦᠶ᠋ᠯᠡᠳᠦᠯᠴᠡᠬᠦ᠌ ᠳᠤᠮᠳᠠ ᠮᠡᠬᠡᠯᠡᠯ᠎ᠢ ᠰᠡᠷᠭᠡᠢᠯᠡᠬᠦ ᠮᠡᠳᠡᠯᠭᠡ᠎ᠶ᠋ᠢᠨ ᠲᠤᠬᠠᠶ ᠣᠢᠯᠠᠭᠠᠯᠲᠠ᠎ᠵᠢ ᠭᠦᠨᠵᠡᠭᠡᠢᠷᠡᠭᠦᠯᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号