ᠤᠢᠷ᠎ᠠ ᠳ᠋ᠤ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠵᠡᠷᠭᠡ ᠠᠷᠪᠠᠨ ᠵᠢᠷᠭᠤᠭᠠᠨ ᠰᠠᠯᠠᠭ᠎ᠠ ᠮᠥᠴᠢᠷ ᠬᠠᠮᠲᠤᠷᠠᠨ 《ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠳᠤ ᠬᠠᠪᠤᠷ ᠨᠠᠮᠤᠷ᠎ᠤᠨ ᠠᠮᠠᠷᠠᠯᠲᠠ᠎ᠶᠢᠨ ᠳᠦᠷᠢᠮ᠎ᠢ ᠬᠡᠷᠡᠭᠵᠢᠭᠦᠯᠬᠦ ᠲᠤᠬᠠᠢ ᠵᠢᠯᠤᠭᠣᠳᠬᠤ ᠰᠠᠨᠠᠯ》 ᠢ᠋ ᠳᠠᠷᠤᠮᠠᠯᠯᠠᠨ ᠲᠠᠷᠬᠠᠭᠠᠪᠠ᠃ ᠡᠨᠡ ᠨᠢ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ ᠨᠠᠮᠤᠷ᠎ᠤᠨ ᠠᠮᠠᠷᠠᠯᠲᠠ᠎ᠶᠢᠨ ᠳᠦᠷᠢᠮ᠎ᠢ ᠮᠠᠨ᠎ᠤ ᠣᠷᠣᠨ᠎ᠳᠤ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ ᠬᠡᠷᠡᠭᠵᠢᠬᠦᠯᠦᠭᠰᠡᠨᠢ ᠬᠠᠷᠠᠭᠤᠯᠵᠤ ᠪᠠᠢᠭ᠎ᠠ ᠶᠤᠮ᠃
ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ ᠠᠮᠠᠷᠠᠯᠳᠠ ᠳᠠᠯᠪᠢᠨ᠎ᠠ᠃ 《ᠵᠢᠯᠤᠭᠣᠳᠬᠤ ᠰᠠᠨᠠᠯ》 ᠳ᠋ᠤ᠂ ᠬᠠᠪᠤᠷ ᠨᠠᠮᠤᠷ᠎ᠤᠨ ᠠᠮᠠᠷᠠᠯᠲᠠ᠎ᠶᠢᠨ ᠳᠦᠷᠢᠮ᠎ᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ ᠤ ᠰᠤᠷᠭᠠᠭᠤᠯᠢ (ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ) ᠳ᠋ᠤ ᠭᠣᠣᠯᠳᠠᠯᠭ᠎ᠠ᠎ᠲᠠᠢ ᠬᠡᠷᠡᠭᠵᠢᠭᠦᠯᠵᠦ᠂ ᠨᠥᠬᠥᠴᠡᠯ᠎ᠲᠠᠢ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳ᠋ᠤ ᠠᠯᠬᠤᠮ ᠠᠯᠬᠤᠮ᠎ᠢᠶᠠᠷ ᠠᠬᠢᠭᠤᠯᠬᠤ᠎ᠶᠢ ᠵᠣᠷᠢᠭ᠍ᠵᠢᠭᠤᠯᠵᠤ᠂ ᠬᠡᠦᠬᠡᠳ᠎ᠦᠨ ᠴᠡᠴᠡᠷᠯᠢᠭ᠎ᠲᠦ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃ ᠪᠥᠬᠥ ᠣᠷᠣᠨ᠎ᠳᠤ ᠵᠢᠯ ᠪᠦᠷᠢ ᠬᠠᠪᠤᠷ᠎ᠤᠨ ᠠᠮᠠᠷᠠᠯᠲᠠ᠂ ᠨᠠᠮᠤᠷ᠎ᠤᠨ ᠠᠮᠠᠷᠠᠯᠲᠠ᠎ᠶᠢ ᠲᠣᠰᠪᠤᠷᠢ ᠨᠢᠭᠡ ᠤᠳᠠᠭ᠎ᠠ ᠲᠣᠬᠢᠷᠠᠭᠤᠯᠤᠨ᠎ᠠ᠂ ᠤᠳᠠᠭ᠎ᠠ ᠪᠦᠷᠢ ᠵᠢᠨ ᠠᠮᠠᠷᠠᠯᠳᠠ ᠵᠢᠨ ᠬᠤᠭᠤᠴᠠᠭ᠎ᠠ ᠨᠢ 2 ᠠ᠋ᠴᠠ 3 ᠡᠳᠦᠷ ᠪᠠᠢᠵᠤ᠂ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ᠎ᠤᠨ ᠡᠳᠦᠷ ᠪᠠ ᠭᠠᠷᠠᠭ᠎ᠤᠨ ᠰᠡᠭᠦᠯᠴᠢ᠎ᠲᠠᠢ ᠵᠠᠯᠭᠠᠵᠤ᠂ ᠪᠠᠭ᠎ᠠ ᠣᠷᠳᠣ᠌ ᠠᠮᠠᠷᠠᠯᠲᠠ ᠪᠣᠯᠭᠠᠬᠤ᠎ᠶᠢ ᠵᠣᠷᠢᠭ᠍ᠵᠢᠭᠤᠯᠤᠨ᠎ᠠ᠃ ᠡᠯ᠎ᠡ ᠠᠢᠮᠠᠭ ᠬᠣᠲᠠ᠎ᠨᠤᠭᠤᠳ 《ᠵᠢᠯᠤᠭᠣᠳᠬᠤ ᠰᠠᠨᠠᠯ》 ᠵᠢᠡᠷ ᠯᠠᠪᠯᠠᠯᠲᠠ ᠪᠣᠯᠭᠠᠵᠤ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠠᠭᠠᠨ ᠳᠤᠬᠢᠷᠠᠭᠤᠯᠤᠨ ᠪᠣᠳᠠᠲᠠᠢ ᠬᠡᠷᠡᠭᠵᠢᠭᠦᠯᠬᠦ ᠲᠥᠰᠥᠯ᠎ᠢᠶᠡᠨ ᠳᠤᠭᠳᠠᠭᠠᠨ᠎ᠠ᠃ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠣᠶᠠᠳᠤᠭᠠᠷ ᠣᠨ (ᠭᠠᠵᠠᠷ ᠵᠦᠢ᠂ ᠠᠮᠢᠳᠤ ᠪᠣᠳᠠᠰ᠎ᠤᠨ ᠰᠢᠯᠭᠠᠯᠲᠠ ᠬᠢᠬᠦ)᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ (ᠦᠨᠳᠦᠷ ᠵᠡᠷᠬᠡ ᠵᠢᠨ ᠳᠤᠮᠳᠠᠳᠤ ᠰᠤᠷᠭᠠᠭᠤᠯᠢ ᠳ᠋ᠤ ᠳᠠᠪᠰᠢᠬᠤ ᠰᠢᠯᠭᠠᠯᠳᠠ ᠬᠢᠬᠦ) ᠠᠮᠠᠷᠠᠯᠳᠠ ᠲᠠᠯᠪᠢᠬᠤ ᠡᠰᠡᠬᠦ ᠵᠢᠴᠢ ᠠᠮᠠᠷᠠᠯᠳᠠ ᠲᠠᠯᠪᠢᠬᠤ ᠴᠠᠭ᠎ᠵᠢᠡᠨ ᠡᠯ᠎ᠡ ᠠᠢᠮᠠᠭ ᠬᠣᠲᠠ ᠵᠢᠨ ᠬᠢᠨ ᠰᠤᠷᠤᠭᠴᠢᠳ᠎ᠤᠨ ᠰᠢᠯᠭᠠᠯᠲᠠ᠎ᠳᠤ ᠪᠡᠯᠡᠳᠬᠡᠬᠦ ᠪᠣᠳᠠᠲᠠᠢ ᠪᠠᠢᠳᠠᠯ ᠢ᠋ ᠦᠨᠳᠦᠰᠦᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ ᠬᠡᠵᠦ ᠳᠤᠳᠤᠷᠬᠠᠢᠯᠠᠪᠠ᠃
ᠣᠯᠠᠨ ᠨᠡᠶ᠋ᠢᠲᠡ᠎ᠶᠢᠨ ᠬᠠᠩᠭᠠᠯᠭ᠎ᠠ᠎ᠶᠢ ᠪᠠᠶᠠᠯᠢᠭ᠍ᠵᠢᠭᠤᠯᠵᠤ ᠠᠮᠠᠷᠠᠯᠲᠠ᠎ᠶᠢᠨ ᠠᠵᠢᠯᠯᠠᠭ᠎ᠠ ᠵᠢᠨ ᠴᠢᠨᠠᠷ᠎ᠢ ᠪᠠᠳᠤᠯᠠᠨ᠎ᠠ ᠃ 《 ᠵᠢᠯᠤᠭᠣᠳᠬᠤ ᠰᠠᠨᠠᠯ 》 ᠳ᠋ᠤ ᠂ ᠡᠯ᠎ᠡ ᠱᠠᠲᠤᠨ᠎ᠤ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠪᠡᠶ᠎ᠡ᠎ᠶᠢᠨ ᠲᠠᠮᠢᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠵᠡᠷᠭᠡ ᠰᠠᠯᠠᠭ᠎ᠠ ᠮᠥᠴᠢᠷ᠎ᠦᠳ ᠴᠢᠨᠠᠷ ᠰᠠᠢᠲᠠᠢ ᠡᠬᠢ ᠪᠠᠶᠠᠯᠢᠭ᠋᠎ᠤᠨ ᠬᠠᠩᠭᠠᠯᠭ᠎ᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠮᠦᠽᠧᠢ᠂ ᠨᠣᠮ᠎ᠤᠨ ᠰᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ ᠵᠡᠷᠭᠡ ᠣᠯᠠᠨ ᠨᠡᠶ᠋ᠢᠲᠡ᠎ᠶᠢᠨ ᠰᠣᠶᠣᠯ ᠪᠡᠶ᠎ᠡ᠎ᠶᠢᠨ ᠲᠠᠮᠢᠷ᠎ᠤᠨ ᠲᠠᠯᠠᠪᠤᠷᠤᠳᠤᠨ ᠬᠠᠪᠤᠷ ᠨᠠᠮᠤᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠰᠦᠢᠳᠬᠡᠯ ᠬᠤᠷᠢᠶᠠᠬᠤ ᠦᠭᠡᠢ ᠪᠡᠷ ᠨᠡᠭᠡᠭᠡᠯᠳᠡ ᠬᠢᠬᠦ ᠪᠤᠶᠤ ᠬᠠᠷᠠᠭᠠᠯᠵᠠᠯ᠎ᠲᠠᠢ᠎ᠪᠠᠷ ᠨᠡᠭᠡᠭᠡᠯᠳᠡ ᠬᠢᠬᠦ ᠵᠢᠨ ᠬᠠᠮᠲᠤ ᠦᠢᠯᠡᠴᠢᠯᠡᠬᠦ ᠴᠠᠭ ᠢ ᠵᠣᠬᠢᠰᠲᠠᠢ ᠤᠷᠲᠤᠳᠬᠠᠬᠤ ᠵᠢ ᠵᠤᠷᠢᠭᠵᠢᠭᠤᠯᠤᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠳ ᠦᠵᠡᠮᠵᠢ᠎ᠶᠢᠨ ᠣᠷᠣᠨ᠂ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ᠎ᠶᠢᠨ ᠦᠨ᠎ᠡ ᠬᠠᠩᠰᠢ᠎ᠶᠢᠨ ᠪᠠᠢᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭᠠᠳᠬᠠᠵᠤ᠂ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠬᠡᠷᠡᠭᠳᠡᠢ ᠬᠡᠵᠦ ᠳᠤᠳᠤᠷᠬᠠᠢᠯᠠᠪᠠ᠃
ᠣᠯᠠᠨ ᠰᠠᠯᠠᠭ᠎ᠠ ᠮᠥᠴᠢᠷ ᠬᠠᠮᠵᠢᠯᠴᠠᠵᠤ ᠭᠡᠷ᠎ᠦᠨ ᠠᠬᠠᠮᠠᠳ᠎ᠤᠨ ᠲᠦᠪᠡᠭᠳᠡᠯ᠎ᠢ ᠠᠷᠢᠯᠭᠠᠬᠤ ᠶᠢ ᠳᠡᠮᠵᠢᠨ᠎ᠡ᠃ ᠬᠠᠪᠤᠷ ᠨᠠᠮᠤᠷ᠎ᠤᠨ ᠠᠮᠠᠷᠠᠯᠳᠠ ᠵᠢᠨ ᠬᠤᠭᠤᠴᠠᠭᠠᠨ᠎ᠤ 《ᠬᠠᠷᠠᠵᠤ ᠬᠠᠷᠠᠭᠠᠯᠵᠠᠬᠤ ᠳ᠋ᠤ ᠬᠦᠴᠢᠷ 》 ᠠᠰᠠᠭᠤᠳᠠᠯ ᠳ᠋ᠤ ᠴᠢᠭᠯᠡᠬᠦᠯᠦᠨ ᠡᠯ᠎ᠠ ᠰᠠᠯᠠᠭ᠎ᠠ ᠮᠦᠴᠢᠷ ᠬᠠᠮᠵᠢᠯᠴᠠᠨ ᠶᠡᠷᠦᠩᠬᠡᠢᠯᠡᠭᠰᠡᠨ ᠪᠠᠳᠤᠯᠠᠭ᠎ᠠ ᠵᠢᠨ ᠰᠢᠰᠲᠧᠮ᠎ᠢ ᠪᠠᠢᠭᠤᠯᠤᠨ᠎ᠠ᠃ 《ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠵᠢᠴᠢ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠨᠢ ᠬᠥᠮᠥᠨ ᠬᠡᠷᠡᠭᠯᠡᠬᠦ ᠨᠢᠭᠡᠴᠢ᠎ᠶᠢᠨ ᠴᠠᠯᠢᠩᠲᠠᠢᠠᠮᠠᠷᠠᠯᠳᠠ ᠵᠢᠨ ᠳᠦᠷᠢᠮ᠎ᠢ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠬᠢᠭᠤᠯᠵᠤ᠂ ᠠᠵᠢᠯᠲᠠᠨ ᠠᠵᠢᠯᠴᠢᠨ᠎ᠤ ᠴᠠᠯᠢᠩᠲᠠᠢᠠᠮᠠᠷᠠᠯᠳᠠ ᠪᠤᠯᠤᠨ ᠬᠠᠪᠤᠷ ᠨᠠᠮᠤᠷ᠎ᠤᠨ ᠠᠮᠠᠷᠠᠯᠲᠠ᠂ ᠭᠠᠷᠠᠭ᠎ᠤᠨ ᠰᠡᠭᠦᠯᠴᠢ ᠵᠡᠷᠭᠡ᠎ᠶᠢ ᠤᠶᠠᠯᠳᠤᠭᠤᠯᠵᠤ᠂ 《ᠬᠠᠮ ᠠᠮᠠᠷᠠᠯᠲᠠ᠎ᠶᠢᠨ ᠬᠤᠭᠤᠴᠠᠭ᠎ᠠ 》 ᠵᠢ ᠪᠣᠶ ᠪᠣᠯᠭᠠᠵᠤ᠂ ᠭᠡᠷ᠎ᠦᠨ ᠠᠬᠠᠮᠠᠳ ᠤᠨ ᠬᠡᠦᠬᠡᠳ᠎ᠲᠡᠬᠡᠨ ᠬᠠᠨᠢ ᠪᠣᠯᠬᠤ᠎ᠳᠤ ᠲᠥᠬᠥᠮ ᠦᠵᠡᠬᠦᠯᠬᠦ ᠵᠢ ᠵᠤᠷᠢᠭᠵᠢᠭᠤᠯᠤᠨ᠎ᠠ᠃ ᠰᠤᠷᠭᠠᠨ ᠬᠥᠮᠦᠵᠢᠯ᠂ ᠠᠷᠠᠳ᠎ᠤᠨ ᠶᠠᠪᠤᠳᠠᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠤᠷᠢᠶ᠎ᠠ᠂ ᠡᠮᠡᠭᠲᠡᠢᠴᠦᠳ᠎ᠦᠨ ᠬᠣᠯᠪᠣᠭ᠎ᠠ ᠵᠡᠷᠭᠡ ᠰᠠᠯᠠᠭ᠎ᠠ ᠮᠥᠴᠢᠷ ᠦᠳ ᠬᠣᠯᠪᠤᠭᠠᠯᠠᠨ ᠬᠥᠳᠡᠯᠦᠯᠴᠡᠵᠦ᠂ ᠣᠢᠷ᠎ᠠ ᠬᠠᠪᠢᠳ᠋ᠤᠨᠢ ᠨᠡᠶ᠋ᠢᠲᠡ᠎ᠶᠢᠨ ᠠᠰᠠᠷᠠᠮᠵᠢ ᠶᠢᠨ ᠴᠢᠨᠠᠷᠲᠠᠢ ᠨᠠᠢᠳᠠᠨ ᠬᠠᠮᠢᠶᠠᠷᠤᠭᠤᠯᠬᠤ ᠪᠠ ᠬᠠᠯᠠᠮᠵᠢᠯᠠᠨ ᠬᠠᠢᠷᠠᠯᠠᠬᠤ ᠦᠢᠯᠡᠴᠢᠯᠡᠭᠡ ᠬᠠᠩᠭᠠᠨ᠎ᠠ᠃ ᠡᠷᠬᠢᠨ ᠲᠣᠭᠣᠷᠢᠨᠳ᠋ᠡᠬᠢ ᠨᠠᠢᠳᠠᠨ ᠬᠠᠮᠢᠶᠠᠷᠤᠭᠤᠯᠬᠤ ᠡᠬᠢ ᠪᠠᠶᠠᠯᠢᠭ ᠬᠦᠷᠦᠯᠴᠡᠬᠦ ᠦᠭᠡᠢ ᠰᠣᠷᠣᠭ᠍ᠴᠢ᠎ᠳᠤ ᠰᠤᠷᠭᠠᠭᠤᠯᠢ᠎ᠶᠢᠨ ᠬᠦᠷᠢᠶᠡᠨ᠎ᠦ ᠦᠨᠳᠦᠰᠦᠨ ᠠᠰᠠᠷᠠᠨ ᠰᠤᠪᠢᠯᠠᠬᠤ ᠦᠢᠯᠡᠴᠢᠯᠡᠭᠡ᠎ᠶᠢ ᠲᠣᠬᠢᠷᠠᠭᠤᠯᠵᠤ ᠪᠣᠯᠣᠨ᠎ᠠ᠂ ᠭᠡᠬᠦ ᠳᠡᠭᠡᠨ ᠬᠢᠴᠢᠶᠡᠯ ᠨᠥᠬᠥᠪᠦᠷᠢᠯᠡᠬᠦ᠎ᠶᠢ ᠵᠣᠬᠢᠶᠠᠨ ᠪᠠᠢᠭᠤᠯᠵᠤ ᠪᠣᠯᠬᠤ ᠦᠭᠡᠢ᠃
ᠲᠣᠭᠲᠠᠭᠠᠯ ᠠ᠋ᠴᠠ ᠵᠥᠷᠢᠴᠡᠨ ᠬᠢᠴᠢᠶᠡᠯ ᠨᠥᠬᠥᠬᠦ᠎ᠶᠢ ᠴᠢᠩᠭ᠎ᠠ ᠴᠠᠭᠠᠵᠠᠯᠠᠨ᠎ᠠ᠃ 《ᠵᠢᠯᠤᠭᠣᠳᠬᠤ ᠰᠠᠨᠠᠯ》 ᠳ᠋ᠤ᠂ ᠬᠠᠪᠤᠷ ᠨᠠᠮᠤᠷ᠎ᠤᠨ ᠠᠮᠠᠷᠠᠯᠲᠠ᠎ᠳᠤ ᠰᠤᠷᠭᠠᠭᠤᠯᠢ᠎ᠶᠢᠨ ᠬᠥᠳᠡᠯᠦᠩᠭᠦᠢ ᠵᠢᠭᠠᠨ ᠰᠤᠷᠭᠠᠯᠲᠠ᠎ᠶᠢᠨ ᠴᠠᠭ᠎ᠢ ᠨᠢᠭᠡᠳᠦᠯᠲᠡᠢ ᠲᠥᠯᠥᠪᠯᠡᠨ ᠠᠰᠢᠭ᠍ᠯᠠᠵᠤ᠂ ᠰᠤᠷᠤᠯᠭ᠎ᠠ᠎ᠶᠢᠨ ᠬᠤᠭᠤᠴᠠᠭ᠎ᠠ ᠪᠦᠷᠢ᠎ᠶᠢᠨ ᠵᠢᠭᠠᠨ ᠰᠤᠷᠭᠠᠯᠲᠠ᠎ᠶᠢᠨ ᠶᠡᠷᠦᠩᠬᠡᠢ ᠴᠠᠭ᠎ᠢ ᠬᠠᠰᠤᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠵᠤ᠂ ᠤᠯᠤᠰ᠎ᠤᠨ ᠵᠢᠭᠠᠨ ᠰᠤᠷᠭᠠᠯᠲᠠ᠎ᠶᠢᠨ ᠡᠭᠦᠷᠭᠡ᠎ᠶᠢ ᠪᠥᠬᠥ ᠲᠠᠯ᠎ᠠ᠎ᠪᠠᠷ ᠪᠡᠶᠡᠯᠡᠬᠦᠯᠦᠭᠰᠡᠨ ᠤᠷᠢᠲᠠᠯ ᠳᠣᠣᠷ᠎ᠠ ᠰᠤᠷᠤᠭ᠍ᠴᠢᠳ᠎ᠤᠨ ᠪᠡᠶ᠎ᠡ ᠰᠡᠳᠬᠢᠯ᠎ᠢ ᠲᠠᠢᠪᠤᠰᠢᠷᠠᠭᠤᠯᠵᠤ᠂ ᠡᠬᠡ ᠪᠠᠢᠭᠠᠯᠢ᠎ᠲᠠᠢ ᠣᠢᠷᠠᠲᠤᠭᠤᠯᠤᠨ᠎ᠠ ᠬᠡᠪᠡ᠃ ᠪᠢᠴᠢᠭ ᠮᠠᠲᠧᠷᠢᠶᠠᠯ᠎ᠳᠤ᠄ ᠰᠤᠷᠭᠠᠭᠤᠯᠢ᠎ᠶᠢᠨ ᠬᠠᠪᠤᠷ ᠨᠠᠮᠤᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠶᠠᠮᠠᠷᠪᠠ ᠬᠡᠯᠪᠡᠷᠢ᠎ᠶᠢᠨ ᠭᠡᠷ ᠦᠨ ᠳᠠᠰᠬᠠᠯ ᠦᠯᠡᠳᠡᠬᠡᠬᠦ ᠵᠢ ᠴᠢᠩᠭ᠎ᠠ ᠴᠠᠭᠠᠵᠠᠯᠠᠨ᠎ᠠ; ᠠᠮᠠᠷᠠᠯᠲᠠ᠎ᠶᠢᠨ ᠬᠤᠭᠤᠴᠠᠭ᠎ᠠ ᠳᠠᠭᠤᠰᠤᠮᠠᠭᠴᠠ ᠳᠠᠷᠤᠢᠬᠠᠨ ᠰᠢᠯᠭᠠᠯᠲᠠ ᠵᠣᠬᠢᠶᠠᠨ ᠪᠠᠶ᠋ᠢᠭᠤᠯᠬᠤ᠎ᠶᠢ ᠴᠢᠩᠭ᠎ᠠ ᠴᠠᠭᠠᠵᠠᠯᠠᠨ᠎ᠠ; ᠳᠠᠪᠲᠠᠯᠭ᠎ᠠ᠎ᠶᠢᠨ ᠲᠠᠯᠠᠪᠤᠷ ᠭᠠᠵᠠᠷ ᠨᠡᠬᠡᠬᠡᠬᠦ᠂ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠵᠡᠷᠭᠡ ᠨᠡᠷ᠎ᠡ᠎ᠪᠡᠷ ᠲᠣᠭᠲᠠᠭᠠᠯ ᠠ᠋ᠴᠠ ᠵᠥᠷᠢᠴᠡᠨ ᠬᠠᠮᠲᠤ᠎ᠪᠠᠷ ᠬᠢᠴᠢᠶᠡᠯ ᠨᠥᠬᠥᠬᠦ ᠪᠤᠶᠤ ᠰᠢᠨ᠎ᠡ ᠬᠢᠴᠢᠶᠡᠯ ᠣᠷᠣᠬᠤ᠎ᠶᠢ ᠴᠢᠩᠭ᠎ᠠ ᠴᠠᠭᠠᠵᠠᠯᠠᠨ᠎ᠠ; ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠨ ᠡᠯ᠎ᠡ ᠲᠦᠷᠦᠯ᠎ᠦᠨ ᠳᠠᠯᠳᠠ ᠣᠨᠳᠣᠣᠰᠢᠮᠠᠯ ᠬᠢᠴᠢᠶᠡᠯ ᠲᠦᠷᠦᠯ᠎ᠤᠨ ᠪᠣᠯᠪᠠᠰᠤᠷᠠᠯ ᠵᠣᠬᠢᠶᠠᠨ ᠪᠠᠶ᠋ᠢᠭᠤᠯᠬᠤ᠎ᠶᠢ ᠴᠢᠩᠭ᠎ᠠ ᠴᠠᠭᠠᠵᠠᠯᠠᠨ᠎ᠠ ᠬᠡᠵᠦ ᠳᠤᠳᠤᠷᠬᠠᠢᠯᠠᠪᠠ᠃
ᠡᠲᠡᠭᠡᠷ ᠱᠠᠭᠠᠷᠳᠠᠯᠭ᠎ᠠ᠎ᠶᠢ ᠲᠣᠭᠲᠠᠭᠤᠨ᠎ᠢᠶᠠᠷ ᠨᠠᠢᠳᠠᠪᠤᠷᠢᠵᠢᠭᠤᠯᠬᠤ᠎ᠶᠢ ᠪᠠᠲᠤᠯᠠᠬᠤ᠎ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠨᠢᠭ᠍ᠲᠠ ᠬᠠᠮᠵᠢᠯᠴᠠᠨ᠂ ᠡᠯ᠎ᠡ ᠠᠢᠮᠠᠭ ᠬᠣᠲᠠ᠎ᠶᠢᠨ ᠠᠵᠢᠯ᠎ᠤᠨ ᠵᠢᠯᠣᠭᠣᠳᠤᠯᠭ᠎ᠠ᠎ᠶᠢ ᠴᠢᠩᠭᠠᠳᠬᠠᠵᠤ᠂ ᠡᠯ᠎ᠡ ᠲᠠᠯ᠎ᠠ᠎ᠶᠢᠨ ᠰᠠᠨᠠᠯ ᠰᠠᠨᠠᠭᠤᠯᠭ᠎ᠠ᠎ᠶᠢ ᠴᠠᠭ ᠲᠤᠬᠠᠢ ᠳ᠋ᠤᠨᠢ ᠰᠣᠨᠣᠰᠴᠤ᠂ ᠠᠷᠭ᠎ᠠ ᠬᠡᠮᠵᠢᠶ᠎ᠡ᠎ᠪᠡᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠪᠤᠷ ᠨᠠᠮᠤᠷ᠎ᠤᠨ ᠠᠮᠠᠷᠠᠯᠲᠠ᠎ᠶᠢᠨ ᠳᠦᠷᠢᠮ᠎ᠦᠨ ᠡᠮᠬᠢ ᠵᠢᠷᠤᠮ᠎ᠲᠠᠢ ᠨᠠᠢᠳᠠᠪᠤᠷᠢᠵᠢᠭᠤᠯᠤᠭᠳᠠᠬᠤᠶᠢ ᠠᠬᠢᠭᠤᠯᠵᠤ᠂ ᠥᠷᠭᠡᠨ ᠣᠯᠠᠨ ᠰᠣᠷᠣᠭ᠍ᠴᠢ ᠪᠠ ᠭᠡᠷ ᠪᠦᠯᠢ᠎ᠳᠦ ᠦᠨᠡᠨᠬᠦ ᠠᠰᠢᠭ᠋ ᠬᠦᠷᠲᠡᠭᠡᠬᠦ ᠪᠤᠯᠤᠨ᠎ᠠ᠃