ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠠᠯᠠᠭᠤᠨ ᠥᠷᠥᠴᠡᠨ᠎ᠳᠤ᠂ ᠬᠤᠭᠤᠷ ᠬᠦᠭᠵᠢᠮ ᠤᠨ ᠡᠭᠡᠰᠢᠭ ᠬᠦᠩᠭᠢᠨᠡᠵᠦ᠂ ᠦᠯᠢᠬᠡᠷ ᠬᠣᠯᠪᠣᠭ᠎ᠠ ᠵᠢᠨ ᠰᠤᠶᠤᠯ ᠦᠨᠢᠳᠡ ᠤᠯᠠᠮᠵᠢᠯᠠᠭᠳᠠᠨ᠎ᠠ᠃ 2011 ᠣᠨ᠎ᠠᠴᠠ ᠨᠠᠭᠠᠰᠢ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠠᠷᠪᠠᠨ ᠲᠠᠪᠤᠨ ᠵᠢᠯ᠎ᠦᠨ ᠬᠤᠭᠤᠴᠠᠭ᠎ᠠ᠎ᠲᠠᠢ 《ᠰᠣᠶᠣᠯ ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ》ᠵᠢ ᠬᠡᠷᠡᠭᠵᠢᠭᠦᠯᠵᠦ᠂ ᠰᠢᠰᠲᠸᠮᠲᠣ᠌ ᠬᠠᠮᠠᠭᠠᠯᠠᠯᠲᠠ ᠪᠠ ᠰᠢᠨ᠎ᠡ᠎ᠶᠢ ᠡᠭᠦᠳᠬᠦ ᠪᠡᠷ ᠳᠠᠮᠵᠢᠭᠤᠯᠤᠨ ᠰᠣᠶᠣᠯ᠎ᠤᠨ ᠠᠮᠢ ᠠᠬᠤᠢ᠎ᠶᠢᠨ ᠦᠢᠯᠡᠰ᠎ᠦᠨ ᠬᠥᠭᠵᠢᠯ ᠪᠠᠳᠠᠷᠠᠯ ᠪᠠ ᠠᠵᠤ ᠠᠬᠤᠢ ᠨᠡᠢᠭᠡᠮ᠎ᠦᠨ ᠬᠠᠮᠵᠢᠯᠴᠠᠨ ᠤᠷᠤᠭᠰᠢᠯᠠᠭᠰᠠᠨ ᠰᠢᠨ᠎ᠡ ᠪᠠᠢᠷᠢᠰᠢᠯ᠎ᠢ ᠠᠯᠬᠤᠮ ᠠᠯᠬᠤᠮ᠎ᠢᠶᠠᠷ ᠪᠣᠶ ᠪᠣᠯᠭᠠᠪᠠ᠃
ᠣᠢᠷ᠎ᠠ ᠳ᠋ᠥ᠂ ᠰᠣᠷᠪᠣᠯᠵᠢᠯᠠᠭ᠍ᠴᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠥᠯᠢᠭᠡᠷ᠎ᠦᠨ ᠲᠢᠩᠬᠢᠮ᠎ᠳᠦ ᠬᠦᠷᠬᠦ ᠳ᠋ᠥ᠂ ᠬᠤᠭᠤᠷᠴᠢ ᠯᠢ ᠵᠣᠷᠢᠭ᠍ᠲᠤ ᠵᠢᠨ ᠳᠥᠷᠪᠡᠨ ᠤᠲᠠᠰᠤᠲᠤ ᠬᠤᠭᠤᠷ᠎ᠤᠨ ᠬᠦᠩᠭᠢᠨᠡᠮ᠎ᠡ ᠠᠶ᠎ᠠ ᠴᠤᠤᠷᠢᠶᠠᠲᠤᠵᠤ᠂ ᠮᠣᠩᠭᠣᠯ ᠦᠨᠳᠦᠰᠦᠲᠡᠨ᠎ᠦ ᠳᠠᠭᠤᠷᠢᠯᠢᠭ᠋᠎ᠤᠨ ᠷᠢᠳᠢ ᠰᠢᠳᠢ ᠵᠢ ᠭᠠᠢᠬᠠᠭᠤᠯᠵᠦ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠯᠢᠭᠡᠷ ᠤᠷᠠᠯᠢᠭ᠋᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠯᠢᠭᠡᠷ ᠤᠷᠠᠯᠢᠭ᠋᠎ᠤᠨ ᠨᠡᠢᠭᠡᠮᠯᠢᠭ᠎ᠤᠨ ᠲᠡᠷᠢᠭᠦᠯᠡᠭᠴᠢ ᠯᠢ ᠵᠣᠷᠢᠭ᠍ᠲᠤ᠄ 《ᠦᠯᠢᠭᠡᠷ ᠤᠷᠠᠯᠢᠭ᠋ ᠪᠣᠯ ᠬᠣᠷᠴᠢᠨ ᠪᠠᠷᠠᠭᠤᠨ ᠭᠠᠷᠤᠨ ᠲᠣᠮᠲᠠᠲᠣ᠌ ᠬᠣᠰᠢᠭᠤᠨ᠎ᠤ ᠰᠣᠶᠣᠯ᠎ᠤᠨ ᠲᠦᠷᠦᠯ ᠳᠡᠮᠳᠡᠭ ᠮᠥᠨ᠂ ᠪᠢᠳᠡ ᠦᠯᠢᠭᠡᠷ ᠤᠷᠠᠯᠢᠭ᠋᠎ᠢ ᠦᠷᠭᠦᠯᠵᠢᠯᠡᠨ ᠤᠯᠠᠮᠵᠢᠯᠠᠨ ᠬᠥᠭᠵᠢᠭᠦᠯᠵᠦ᠂ ᠦᠯᠢᠭᠡᠷ ᠤᠷᠠᠯᠢᠭ᠋᠎ᠢᠶᠠᠨ ᠨᠡᠩ ᠣᠯᠠᠨ ᠬᠥᠮᠥᠨ᠎ᠳᠤ ᠳᠠᠮᠵᠢᠭᠤᠯᠤᠨ᠎ᠠ》 ᠭᠡᠵᠡᠢ᠃ 2011 ᠣᠨ᠎ᠠᠴᠠ ᠨᠠᠭᠠᠰᠢ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠯᠢᠬᠡᠷ᠎ᠦᠨ ᠲᠢᠩᠬᠢᠮ᠎ᠳᠤ ᠬᠦᠷᠴᠦ ᠦᠯᠢᠬᠡᠷ ᠰᠣᠨᠣᠰᠤᠭ᠍ᠴᠢᠳ ᠵᠢᠯ ᠳᠤᠮᠳᠠᠴᠢ᠎ᠪᠠᠷ 2 ᠲᠦᠮᠡᠨ ᠬᠥᠮᠥᠨ ᠤᠳᠠᠭ᠎ᠠ᠎ᠳᠤ ᠬᠦᠷᠴᠦ᠂ ᠦᠯᠢᠭᠡᠷ ᠤᠷᠠᠯᠢᠭ᠋᠎ᠢ ᠨᠡᠢ᠍ᠢᠲᠡ 7000 ᠭᠠᠷᠤᠢ ᠴᠠᠭ ᠶᠠᠷᠢᠵᠤ ᠲᠣᠭᠯᠠᠵᠤ᠂ ᠤᠷᠢᠳ ᠬᠣᠵᠢᠳ 《ᠲᠠᠯ᠎ᠠ ᠨᠤᠲᠤᠭ᠎ᠤᠨ ᠫᠤᠤ᠎ᠶᠢᠨ ᠳᠠᠭᠤᠨ》 ᠵᠡᠷᠭᠡ 90 ᠭᠠᠷᠤᠢ ᠦᠯᠢᠬᠡᠷ᠎ᠢ ᠰᠢᠩᠭᠡᠬᠡᠨ ᠬᠠᠳᠠᠭᠠᠯᠠᠵᠤ᠂ 2022 ᠣᠨ᠎ᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠯᠢᠭᠡᠷ᠎ᠦᠨ ᠲᠢᠩᠬᠢᠮ ᠨᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠭᠤᠷᠢᠯᠢᠭ᠋᠎ᠤᠨ ᠲᠤᠰᠬᠠᠢ ᠲᠠᠯᠠᠪᠠᠢ》 ᠪᠡᠷ ᠦᠨᠡᠯᠡᠭᠳᠡᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠠᠶᠠᠨᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ᠎ᠶᠢᠨ ᠨᠡᠢᠭᠡᠮ᠎ᠦᠨ ᠪᠦᠯᠬᠦᠮ᠎ᠦᠨ ᠬᠢᠴᠢᠶᠡᠯ᠎ᠦᠨ ᠲᠢᠩᠬᠢᠮ ᠳ᠋ᠥ᠂ ᠦᠯᠢᠬᠡᠷ ᠬᠣᠯᠪᠣᠭ᠎ᠠ᠎ᠶᠢᠨ ᠲᠦᠷᠦᠯ ᠵᠦᠢᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢᠳ ᠰᠤᠷᠤᠭ᠍ᠴᠢᠳ᠎ᠲᠤ ᠲᠦᠷᠪᠡᠨ ᠤᠲᠠᠰᠤᠲᠤ ᠬᠤᠭᠤᠷ᠎ᠤᠨ ᠬᠥᠭᠵᠢᠮ ᠢ ᠵᠢᠭᠠᠵᠤ ᠰᠤᠷᠭᠠᠵᠤ᠂ ᠪᠠᠭ᠍ᠰᠢ᠎ᠶᠢᠨ ᠨᠢᠮᠪᠡᠢ ᠵᠢᠯᠣᠭᠣᠳᠤᠯᠭ᠎ᠠ ᠳᠣᠣᠷ᠎ᠠ ᠰᠣᠷᠣᠭ᠍ᠴᠢᠳ ᠰᠡᠳᠬᠢᠯ ᠲᠠᠯᠪᠢᠨ ᠬᠤᠭᠤᠷᠳᠠᠵᠤ ᠪᠠᠢᠯ᠎ᠠ᠃ ᠬᠣᠰᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠣᠯᠪᠣᠭ᠎ᠠ᠎ᠶᠢᠨ ᠤᠯᠠᠮᠵᠢᠯᠠᠭ᠍ᠴᠢ ᠦ᠋ ᠯᠢᠨ ᠯᠢ᠄ 《ᠪᠢᠳᠡᠨ᠎ᠦ ᠵᠢᠭᠠᠨ ᠰᠤᠷᠭᠠᠯᠳᠠ᠎ᠪᠠᠷ ᠳᠠᠮᠵᠢᠨ ᠬᠡᠦᠬᠡᠳ᠎ᠦᠳ᠎ᠦᠨ ᠤᠯᠠᠮᠵᠢᠯᠠᠯᠲᠤ ᠰᠣᠶᠣᠯ᠎ᠢᠶᠠᠨ ᠬᠠᠢᠷᠠᠯᠠᠬᠤ ᠰᠡᠳᠬᠢᠯᠭᠡ᠎ᠶᠢ ᠵᠤᠵᠠᠭᠠᠳᠬᠠᠵᠤ᠂ ᠦᠯᠢᠭᠡᠷ ᠬᠣᠯᠪᠣᠭ᠎ᠠ᠎ᠶᠢᠨ ᠤᠷᠠᠯᠢᠭ᠋ ᠢ ᠨᠠᠩ ᠣᠯᠠᠨ ᠬᠥᠮᠥᠨ᠎ᠳᠦ ᠣᠢᠯᠠᠭᠠᠭᠤᠯᠵᠤ᠂ ᠤᠯᠠᠮᠵᠢᠯᠠᠨ ᠵᠠᠯᠭᠠᠮᠵᠢᠯᠠᠬᠤ᠎ᠶᠢ ᠬᠦᠰᠡᠵᠦ ᠪᠠᠢᠨ᠎ᠠ》 ᠭᠡᠵᠡᠢ ᠁

ᠤᠯᠠᠮᠵᠢᠯᠠᠯᠪᠡ ᠦᠢᠯᠡᠳᠦᠯᠭᠡ ᠵᠢᠨ ᠳᠤᠮᠳᠠ ᠳᠤᠰ ᠬᠣᠰᠢᠭᠤᠨ᠎ᠤ ᠬᠢᠨ 《ᠪᠣᠳᠠᠰ᠎ᠤᠨ ᠪᠤᠰᠤ ᠰᠣᠶᠣᠯ᠎ᠤᠨ ᠥᠪ + ᠰᠠᠭᠤᠷᠢᠨ + ᠤᠯᠠᠮᠵᠢᠯᠠᠭ᠍ᠴᠢ + ᠪᠣᠯᠪᠠᠰᠤᠷᠠᠯ》᠎ᠤᠨ ᠵᠠᠭᠪᠤᠷ᠎ᠤᠨ ᠰᠢᠨ᠎ᠡ᠎ᠶᠢ ᠡᠭᠦᠳᠴᠦ᠂ 《ᠲᠣᠭᠠᠴᠢᠯᠠᠭᠰᠠᠨ ᠬᠠᠮᠠᠭᠠᠯᠠᠯᠲᠠ》 ᠰᠢᠨ᠎ᠡ ᠰᠢᠪᠲᠤᠯᠤᠯᠲᠠ᠎ᠲᠠᠢ ᠪᠣᠯᠵᠤ᠂ 2024 ᠣᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠨᠴᠠᠯᠢᠭ᠍ᠲᠤ ᠬᠥᠮᠥᠷᠭᠡ ᠪᠣᠯᠣᠨ ᠮᠣᠩᠭᠣᠯ ᠦᠨᠳᠦᠰᠦᠲᠡᠨ᠎ᠦ ᠲᠦᠷᠪᠡᠨ ᠤᠲᠠᠰᠤᠲᠤ ᠬᠤᠭᠤᠷ᠎ᠤᠨ ᠳᠠᠭᠤᠤ ᠬᠥᠭᠵᠢᠮ᠎ᠦᠨ ᠲᠤᠰᠬᠠᠢ ᠰᠡᠳᠦᠪᠲᠦ ᠳ᠋ᠠᠢᠲ᠋ᠠ ᠬᠥᠮᠥᠷᠭᠡ᠎ᠶᠢ ᠪᠠᠢᠭᠤᠯᠵᠤ᠂ 12 ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠴᠣᠩᠬᠣ᠌ ᠭᠠᠷᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ《ᠰᠦᠯᠵᠢᠶᠡᠨ ᠳᠡᠬᠡᠷᠡᠬᠢ ᠰᠤᠷᠭᠠᠯᠳᠠ》 ᠶ᠋ᠢ ᠪᠤᠢ ᠪᠣᠯᠭᠠᠪᠠ᠃ ᠡᠭᠦᠨ᠎ᠦ ᠬᠠᠮᠲᠤ᠂ 《ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠣᠳᠠᠰ᠎ᠤᠨ ᠪᠤᠰᠤ ᠰᠣᠶᠣᠯ ᠤᠨ ᠥᠪ》 ᠵᠡᠷᠭᠡ ᠰᠢᠷᠢᠰ ᠦᠷ᠎ᠡ ᠪᠦᠲᠦᠭᠡᠯ᠎ᠦᠨ ᠨᠣᠮ ᠪᠢᠴᠢᠭ᠎ᠢ ᠨᠠᠢᠷᠠᠭᠤᠯᠤᠨ ᠬᠡᠪᠯᠡᠭᠦᠯᠵᠦ᠂ ᠰᠣᠶᠣᠯ᠎ᠤᠨ ᠤᠯᠠᠮᠵᠢᠯᠠᠯᠳᠤ ᠣᠨᠣᠯ᠎ᠤᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠣᠳᠣᠬᠠᠨ ᠳ᠋ᠥ᠂ ᠳᠤᠰ ᠬᠣᠰᠢᠭᠤ 《ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠋᠎ᠤᠨ ᠨᠤᠲᠤᠭ》᠂ 《ᠪᠥᠬᠥ ᠤᠯᠤᠰ᠎ᠤᠨ ᠰᠣᠶᠣᠯ᠎ᠤᠨ ᠲᠡᠷᠢᠭᠦᠨ᠎ᠦ ᠬᠣᠰᠢᠭᠤ》 ᠬᠡᠮᠡᠨ ᠨᠡᠷᠡᠢᠳᠦᠭᠳᠡᠵᠦ᠂ ᠬᠣᠰᠢᠭᠤᠨ᠎ᠤ ᠪᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠨᠴᠠᠯᠢᠭ᠍ᠲᠤ ᠬᠥᠮᠥᠷᠭᠡ᠎ᠶᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭᠠᠴᠢᠯᠠᠭᠰᠠᠨ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠠᠭᠠᠯᠠᠯᠲᠠ᠎ᠶᠢ ᠪᠡᠶᠡᠯᠡᠭᠦᠯᠪᠡ᠃ ᠪᠦᠭᠦ ᠬᠣᠰᠢᠭᠤᠨ ᠳ᠋ᠥ ᠦᠯᠢᠭᠡᠷ ᠬᠣᠯᠪᠣᠭ᠎ᠠ᠎ᠶᠢᠨ ᠤᠷᠠᠯᠢᠭ᠍ᠴᠢᠨ 140 ᠪᠠᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠤᠰᠬᠠᠢ ᠰᠡᠳᠦᠪᠲᠦ ᠦᠵᠡᠭᠦᠯᠭᠡ᠎ᠶᠢᠨ ᠲᠠᠯᠠᠪᠠᠶ ᠣᠷᠳᠣᠨ᠎ᠢ 7 ᠪᠠᠢᠭᠤᠯᠵᠤ᠂ ᠬᠣᠰᠢᠭᠤᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠤᠯᠠᠮᠵᠢᠯᠠᠯ᠎ᠤᠨ ᠰᠠᠭᠤᠷᠢᠨ 36 ᠪᠠᠢᠵᠤ᠂ ᠬᠣᠷᠴᠢᠨ ᠠᠷᠠᠳ᠎ᠤᠨ ᠳᠠᠭᠤᠤ᠎ᠶᠢᠨ ᠤᠷᠤᠯᠳᠤᠭᠠᠨ᠂ ᠦᠯᠢᠬᠡᠷ ᠬᠣᠯᠪᠣᠭ᠎ᠠ᠎ᠶᠢᠨ ᠤᠷᠤᠯᠳᠤᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨ᠎ᠡ ᠵᠢᠯ᠎ᠦᠨ ᠦᠳᠡᠰᠢᠯᠡᠭᠡ ᠵᠡᠷᠭᠡ 8 ᠳᠦᠷᠦᠯ᠎ᠦᠨ ᠰᠣᠶᠣᠯ᠎ᠤᠨ ᠳᠦᠷᠦᠯ ᠲᠡᠮᠳᠡᠭ᠎ᠢ ᠠᠮᠵᠢᠯᠲᠠ᠎ᠲᠠᠢ ᠡᠭᠦᠳᠴᠦ᠂ ᠣᠯᠠᠨ ᠲᠠᠰ ᠳᠠᠪᠬᠤᠷᠭ᠎ᠠ᠂ ᠣᠯᠠᠨ ᠲᠥᠷᠥᠯ ᠬᠡᠯᠪᠡᠷᠢ᠎ᠶᠢᠨ᠂ ᠣᠯᠠᠨ ᠶᠠᠩᠵᠤ᠎ᠶᠢᠨ ᠠᠴᠢᠶᠠᠯᠠᠪᠤᠷᠢ ᠪᠠ ᠪᠠᠢᠷᠢᠰᠢᠭᠤᠯᠤᠯᠲᠠ᠎ᠪᠠᠷ ᠳᠠᠮᠵᠢᠭᠤᠯᠤᠨ᠂ 《ᠲᠥᠷᠥᠯ ᠵᠦᠢᠯ᠎ᠳᠦ ᠨᠡᠷᠡᠰ᠎ᠦᠨ ᠵᠢᠭ᠍ᠰᠠᠭᠠᠯᠲᠠ᠎ᠲᠠᠢ᠂ ᠤᠯᠠᠮᠵᠢᠯᠠᠬᠤ ᠳᠤ ᠲᠤᠰᠬᠠᠢ ᠬᠥᠮᠥᠨ᠎ᠲᠠᠢ᠂ ᠠᠵᠢᠯᠯᠠᠭ᠎ᠠ᠎ᠳᠤ ᠰᠠᠭᠤᠷᠢᠨ᠎ᠲᠠᠢ》 ᠤᠯᠠᠮᠵᠢᠯᠠᠯ᠎ᠤᠨ ᠬᠡᠯᠬᠢᠶᠡᠰᠦ᠎ᠶᠢ ᠪᠦᠷᠢᠯᠳᠤᠬᠦᠯᠵᠡᠢ᠃

ᠡᠨᠡ ᠮᠡᠳᠦᠴᠢᠯᠡᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ 《1 ᠬᠣᠰᠢᠭᠤ 9 ᠦᠯᠦᠬᠡᠢ 5 ᠪᠤᠳᠠᠰ᠎ᠤᠨ ᠪᠤᠰᠤ ᠰᠤᠶᠤᠯ᠎ᠤᠨ ᠦᠪ》᠎ᠤᠨ ᠰᠣᠶᠣᠯ᠎ᠤᠨ ᠳᠦᠷᠦᠯ ᠲᠡᠮᠳᠡᠭ ᠢ ᠡᠭᠦᠳᠴᠦ᠂ ᠡᠯ᠎ᠡ ᠲᠦᠷᠦᠯ᠎ᠦᠨ ᠪᠣᠳᠠᠰ᠎ᠤᠨ ᠪᠤᠰᠤ ᠰᠣᠶᠣᠯ᠎ᠤᠨ ᠥᠪ ᠤᠨ ᠲᠥᠷᠥᠯ ᠵᠦᠢᠯ ᠢ 160 ᠬᠤᠪᠢ᠂ 548 ᠤᠯᠠᠮᠵᠢᠯᠠᠭ᠍ᠴᠢ᠎ᠵᠢ ᠬᠦᠮᠦᠵᠢᠬᠦᠯᠬᠦ ᠰᠢᠰᠲᠧᠮ᠎ᠢ ᠪᠠᠢᠭᠤᠯᠵᠤ᠂ ᠲᠥᠷᠥᠯ ᠬᠤᠪᠢᠶᠠᠨ ᠲᠥᠷᠥ᠎ᠶᠢᠨ ᠪᠣᠳᠣᠯᠭ᠎ᠠ ᠬᠡᠷᠡᠭᠵᠢᠭᠦᠯᠵᠦ ᠬᠠᠮᠠᠭᠠᠯᠠᠬᠤ᠂ ᠦᠢᠯᠡᠳᠪᠦᠷᠢᠯᠡᠯ᠎ᠦᠨ ᠴᠢᠨᠠᠷᠲᠠᠢ ᠬᠠᠮᠠᠭᠠᠯᠠᠬᠤ᠂ ᠲᠣᠭᠠᠴᠢᠯᠠᠭᠰᠠᠨ ᠴᠢᠨᠠᠷᠲᠠᠢ ᠬᠠᠮᠠᠭᠠᠯᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠰᠣᠶᠣᠯ᠎ᠤᠨ ᠠᠮᠢ ᠠᠬᠤᠢ᠎ᠶᠢᠨ ᠰᠢᠰᠲᠧᠮᠲᠦ ᠴᠢᠨᠠᠷᠲᠠᠢ ᠬᠠᠮᠠᠭᠠᠯᠠᠯᠲᠠ᠂ ᠠᠮᠢᠳᠤᠯᠢᠭ᠋ ᠤᠯᠠᠮᠵᠢᠯᠠᠯ ᠵᠢᠴᠢ 《ᠨᠤᠲᠤᠭ᠎ᠤᠨ ᠰᠣᠶᠣᠯ ᠠᠷᠠᠨᠰᠢᠨ ᠡᠴᠡ ᠠᠮᠢᠳᠤᠷᠠᠯ᠎ᠢ ᠣᠢᠯᠠᠭᠠᠬᠤ》 ᠰᠠᠢᠨ ᠰᠠᠢᠬᠠᠨ ᠪᠠᠢᠳᠠᠯ᠎ᠢ ᠠᠩᠬ᠎ᠠ ᠠᠯᠬᠤᠮ ᠪᠣᠶ ᠪᠣᠯᠭᠠᠵᠠᠢ᠃ ᠤᠨᠴᠠᠭᠠᠢᠯᠠᠨ᠂ ᠪᠡᠯᠡ ᠮᠥᠩᠭᠥ᠎ᠶᠢᠨ ᠪᠠᠲᠤᠯᠠᠭ᠎ᠠ᠎ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠵᠢᠯ ᠪᠦᠷᠢ 500 ᠲᠦᠮᠡᠨ ᠲᠥᠭᠥᠷᠢᠭ᠎ᠦᠨ ᠰᠣᠶᠣᠯ ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ ᠭᠠᠷᠭᠠᠵᠤ᠂ ᠪᠣᠳᠠᠰ᠎ᠤᠨ ᠪᠤᠰᠤ ᠰᠣᠶᠣᠯ᠎ᠤᠨ ᠥᠪ ᠦᠨ ᠬᠠᠮᠠᠭᠠᠯᠠᠯᠲᠠ ᠪᠡ ᠤᠯᠠᠮᠵᠢᠯᠠᠯ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ ᠪᠠ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠥᠷᠥᠯ ᠵᠦᠢᠯ᠎ᠳᠦ ᠭᠣᠣᠯᠳᠠᠯᠭ᠎ᠠ᠎ᠲᠠᠢ ᠬᠡᠷᠡᠭᠯᠡᠪᠡ᠃ ᠡᠭᠦᠨ᠎ᠦ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢᠯ᠎ᠦᠨ ᠪᠡᠯᠡ ᠮᠥᠩᠭᠥ᠎ᠶᠢᠨ ᠳᠡᠮᠵᠢᠯᠭᠡ᠎ᠶᠢ ᠣᠯᠬᠤ᠎ᠪᠠᠷ ᠢᠳᠡᠪᠬᠢᠲᠡᠢ ᠴᠢᠷᠮᠠᠢᠵᠤ᠂ ᠨᠡᠶ᠋ᠢᠲᠡ 2 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠣᠷᠣᠭᠤᠯᠵᠤ᠂ ᠬᠣᠰᠢᠭᠤᠨ᠎ᠤ ᠰᠣᠶᠣᠯ᠎ᠤᠨ ᠣᠷᠳᠣᠨ ᠵᠡᠷᠬᠡ᠎ᠵᠢ ᠪᠦᠳᠦᠬᠡᠨ ᠪᠠᠢᠭᠤᠯᠵᠦ ᠪᠠᠢᠨ᠎ᠠ᠃
ᠳᠤᠰ ᠬᠣᠰᠢᠭᠤ ᠪᠠᠰᠠ ᠰᠣᠶᠣᠯ ᠪᠠ ᠵᠢᠭᠤᠯᠴᠢᠯᠡᠯ᠎ᠤᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠪᠠᠲᠤᠴᠠᠭᠠᠨ᠎ᠤ ᠠᠮᠢ ᠠᠬᠤᠢ᠎ᠶᠢᠨ ᠵᠢᠭᠤᠯᠴᠢᠯᠡᠯ᠎ᠤᠨ ᠦᠵᠡᠮᠵᠢ᠎ᠶᠢᠨ ᠣᠷᠣᠨ ᠵᠡᠷᠭᠡ 4A ᠲᠠᠰ᠎ᠤᠨ ᠦᠵᠡᠮᠵᠢ᠎ᠶᠢᠨ ᠣᠷᠣᠨ᠎ᠳᠤ ᠲᠦᠰᠢᠭᠯᠡᠨ᠂ ᠦᠯᠢᠭᠡᠷ ᠤᠷᠠᠯᠢᠭ᠋ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠮᠵᠢ᠎ᠶᠢᠨ ᠣᠷᠣᠨ᠎ᠳᠡᠬᠢ ᠦᠵᠡᠭᠦᠯᠭᠡ ᠲᠣᠭᠯᠠᠯᠲᠠ᠂ 《ᠪᠠᠲᠤᠴᠠᠭᠠᠨ᠎ᠤ ᠳᠠᠭᠤᠤ ᠬᠥᠭᠵᠢᠮ᠎ᠦᠨ ᠨᠠᠢᠷ》 《ᠲᠠᠯ᠎ᠠ ᠨᠤᠲᠤᠭ᠎ᠤᠨ ᠳᠠᠭᠤᠤ ᠬᠥᠭᠵᠢᠮ᠎ᠦᠨ ᠭᠠᠷᠠᠭ᠎ᠤᠨ ᠠᠵᠢᠯᠯᠠᠭ᠎ᠠ》 《ᠲᠦᠰᠢᠶᠡᠲᠦ ᠣᠷᠣᠭ ᠬᠤᠷᠢᠮ᠎ᠤᠨ ᠶᠣᠰᠣᠯᠠᠯ》 ᠵᠡᠷᠭᠡ ᠠᠵᠢᠯᠯᠠᠭ᠎ᠠ᠎ᠶᠢ ᠥᠷᠨᠢᠭᠦᠯᠵᠦ᠂ ᠪᠡᠶᠡᠴᠢᠯᠡᠨ ᠣᠢᠯᠠᠭᠠᠯᠳᠠ᠎ᠳᠤ ᠠᠭᠤᠰᠬᠠᠨ ᠣᠷᠣᠭᠤᠯᠵᠤ᠂ ᠬᠣᠯᠠ ᠣᠢᠷ᠎ᠠ᠎ᠶᠢᠨ ᠵᠢᠭᠤᠯᠴᠢᠯᠠᠭᠰᠠᠳ᠎ᠤᠨ ᠪᠠᠬᠠᠷᠬᠠᠯ᠎ᠢ ᠲᠠᠲᠠᠵᠠᠢ᠃ 2025 ᠣᠨ᠎ᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠦᠯᠢᠶᠡᠨ ᠠᠪᠤᠭᠰᠠᠨ ᠵᠢᠭᠤᠯᠴᠢᠯᠠᠭᠰᠠᠳ᠎ᠤᠨ ᠲᠣᠭ᠎ᠠ 298 ᠲᠦᠮᠡᠨ ᠬᠥᠮᠥᠨ ᠤᠳᠠᠭ᠎ᠠ᠎ᠶᠢ ᠳᠠᠪᠠᠵᠤ᠂ ᠵᠢᠭᠤᠯᠴᠢᠯᠡᠯ᠎ᠤᠨ ᠶᠡᠷᠦᠩᠬᠡᠢ ᠣᠷᠣᠯᠭ᠎ᠠ 15.9 ᠳ᠋ᠦᠩᠰᠢᠭᠤᠷ ᠲᠥᠭᠥᠷᠢᠭ᠎ᠲᠦ ᠬᠦᠷᠴᠡᠢ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠠᠷᠤᠭ᠎ᠠ ᠪᠠᠳᠠᠷᠠᠬᠤ᠄ 《ᠪᠢᠳᠡ ᠦᠷᠭᠦᠯᠵᠢᠯᠡᠨ 〈 ᠥᠪ ᠪᠠᠶᠠᠯᠢᠭ᠋᠂ ᠣᠨᠴᠠᠯᠢᠭ᠋ ᠲᠣᠳᠣ᠌ ᠂ ᠠᠷᠠᠳ ᠲᠤ᠌ ᠠᠰᠢᠭᠳᠠᠢ〉 ᠬᠠᠷᠠᠯᠲᠠ᠎ᠳᠤ ᠰᠠᠭᠤᠷᠢᠯᠠᠨ᠂ ᠮᠣᠩᠭᠣᠯ ᠦᠨᠳᠦᠰᠦᠲᠡᠨ᠎ᠦ ᠳᠠᠭᠤᠷᠢᠯᠢᠭ᠋ ᠵᠡᠷᠭᠡ ᠰᠣᠶᠣᠯ᠎ᠤᠨ ᠥᠪ᠎ᠦᠨ ᠰᠢᠨ᠎ᠡ᠎ᠶᠢ ᠡᠭᠦᠳᠬᠦ ᠳᠤᠮᠳᠠ ᠰᠢᠨ᠎ᠡ ᠠᠮᠢᠵᠢᠷᠠᠯ ᠤᠨ ᠬᠦᠴᠦᠨ᠎ᠢ ᠪᠠᠳᠠᠷᠠᠭᠤᠯᠵᠤ᠂ ᠠᠷᠠᠳ ᠣᠯᠠᠨ᠎ᠤ ᠠᠮᠢᠳᠤᠷᠠᠯ᠎ᠳᠤ ᠠᠭᠤᠰᠤᠯᠴᠠᠭᠤᠯᠤᠨ᠂ ᠣᠯᠠᠨ ᠲᠦᠮᠡᠨ᠎ᠳᠦ ᠦᠢᠯᠡᠴᠢᠯᠡᠭᠦᠯᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠰᠣᠶᠣᠯ᠎ᠤᠨ ᠤᠯᠠᠮᠵᠢᠯᠠᠯ ᠪᠠ ᠠᠮᠢ ᠠᠬᠤᠢ᠎ᠶᠢᠨ ᠬᠠᠮᠠᠭᠠᠯᠠᠯᠲᠠ᠎ᠶᠢᠨ ᠰᠠᠢᠨ ᠣᠷᠴᠢᠨ ᠨᠥᠬᠥᠴᠡᠯ᠎ᠢ ᠪᠣᠢ ᠪᠣᠯᠭᠠᠬᠣ᠌ ᠪᠡᠷ ᠴᠢᠷᠮᠠᠢᠨ᠎ᠠ》 ᠭᠡᠵᠡᠢ᠃