ᠮᠠᠨ᠎ᠤ ᠤᠯᠤᠰ ᠬᠤᠶᠠᠳᠤᠭᠠᠷ ᠡᠬᠡᠯᠵᠢ ᠵᠢᠨ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠲᠠᠬᠢᠨ ᠪᠦᠬᠦᠯᠢ ᠴᠣᠭᠴᠠ᠎ᠪᠠᠷ᠎ᠨᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ᠎ᠶᠢ ᠪᠥᠬᠥ᠌ ᠲᠠᠯ᠎ᠠ᠎ᠪᠠᠷ ᠥᠷᠨᠢᠭᠦᠯᠬᠦ᠌ ᠪᠡᠷ ᠪᠤᠢ᠃
ᠲᠠᠷᠢᠶᠠᠴᠢᠨ ᠪᠤᠯᠤᠨ ᠭᠠᠵᠡᠷ ᠰᠢᠷᠤᠢ ᠵᠢᠨ ᠬᠠᠷᠢᠴᠠᠭ᠎ᠠ ᠵᠢ ᠰᠠᠢᠳᠤᠷ ᠰᠢᠢᠳᠪᠤᠷᠢᠯᠡᠬᠦ ᠪᠤᠯ ᠮᠠᠨ᠎ᠤ ᠤᠯᠤᠰ᠎ᠤᠨ ᠬᠦᠳᠡᠬᠡ ᠳᠤᠰᠬᠤᠨ᠎ᠤ ᠦᠬᠡᠷᠡᠴᠢᠯᠠᠯᠳᠠ ᠵᠢ ᠬᠦᠨᠵᠡᠬᠡᠢᠷᠡᠬᠦᠯᠬᠦ ᠭᠤᠤᠯ ᠱᠤᠭᠤᠮ ᠪᠤᠯᠤᠨ᠎ᠠ᠃ ᠬᠦᠳᠡᠬᠡ ᠳᠤᠰᠬᠤᠨ᠎ᠤ ᠭᠠᠵᠡᠷ ᠰᠢᠷᠤᠢ ᠵᠢᠨ ᠲᠠᠭᠠᠭᠠᠴᠢᠯᠠᠯᠳᠠ ᠨᠢ ᠲᠦᠭ ᠲᠦᠮᠡᠨ ᠲᠠᠷᠢᠶᠠᠴᠢᠨ ᠡᠷᠤᠬᠡ ᠵᠢᠨ ᠳᠤᠰ ᠪᠠᠶ᠎ᠠ ᠵᠢᠨ ᠠᠰᠢᠬ ᠳᠤᠰᠠ ᠲᠠᠢ ᠬᠤᠯᠪᠤᠭᠳᠠᠵᠤ᠂ ᠬᠦᠳᠡᠬᠡ ᠳᠤᠰᠬᠤᠨ᠎ᠤ ᠲᠦᠷᠤ ᠵᠢᠨ ᠪᠤᠳᠤᠯᠭ᠎ᠠ ᠵᠢᠨ ᠳᠤᠭᠳᠠᠭᠤᠨ ᠪᠠᠢᠳᠠᠯ ᠲᠠᠢ ᠴᠤ᠌ ᠬᠤᠯᠪᠤᠭᠳᠠᠨ᠎ᠠ᠃
ᠤᠢᠷ᠎ᠠ᠎ᠳᠤ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠬᠤᠶᠠᠳᠤᠭᠠᠷ ᠡᠬᠡᠯᠵᠢ ᠵᠢᠨ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠨᠢ ᠲᠤᠯᠤᠭᠰᠠᠨ᠎ᠤ ᠳᠠᠷᠠᠭ᠎ᠠ ᠲᠠᠬᠢᠭᠠᠳ 30 ᠵᠢᠯ ᠤᠷᠲᠤᠳᠬᠠᠬᠤ ᠲᠤᠷᠰᠢᠯᠲᠠ᠎ᠶᠢᠨ ᠴᠡᠭ᠎ᠤᠨ ᠠᠵᠢᠯ᠎ᠢ ᠰᠠᠶ᠋ᠢᠲᠤᠷ ᠬᠢᠬᠦ᠌ ᠲᠤᠬᠠᠶ ᠰᠠᠨᠠᠯ》᠎ᠢ᠋ ᠨᠡᠶ᠋ᠢᠲᠡᠯᠡᠵᠦ᠍᠂ ᠬᠦᠳᠡᠬᠡ ᠳᠤᠰᠬᠤᠨ᠎ᠤ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠨᠢ ᠲᠤᠯᠤᠭᠰᠠᠨ᠎ᠤ ᠳᠠᠷᠠᠭ᠎ᠠ ᠲᠠᠬᠢᠭᠠᠳ 30 ᠵᠢᠯ ᠤᠷᠲᠤᠳᠬᠠᠬᠤ ᠲᠤᠷᠰᠢᠯᠲᠠ᠎ᠶᠢᠨ ᠴᠡᠭ᠎ᠤᠨ ᠠᠵᠢᠯ᠎ᠤᠨ ᠲᠤᠬᠠᠢ ᠪᠣᠳᠠᠲᠠᠶ ᠪᠠᠶ᠋ᠢᠷᠢᠯᠠᠭᠤᠯᠤᠯᠲᠠ ᠬᠢᠪᠠ᠃
ᠰᠠᠨᠠᠯ ᠨᠢ ᠭᠤᠤᠯᠳᠠᠭᠤ ᠶᠡᠷᠦᠩᠬᠡᠶ ᠱᠠᠭᠠᠷᠳᠠᠯᠭ᠎ᠠ᠂ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ ᠥᠷᠨᠢᠭᠦᠯᠬᠦ᠂ ᠲᠠᠷᠢᠶᠠᠴᠢᠳ᠎ᠤᠨ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠡᠷᠬᠡ ᠠᠰᠢᠭ᠎ᠤᠨ ᠬᠠᠮᠠᠭᠠᠯᠠᠯᠲᠠ᠎ᠶᠢ ᠴᠢᠩᠭᠠᠳᠬᠠᠬᠤ᠂ ᠬᠥᠳᠡᠭᠡ ᠲᠣᠰᠬᠣᠨ᠎ᠤ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠭᠡᠷ᠎ᠡ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ ᠵᠡᠷᠭᠡ 5 ᠬᠡᠰᠡᠭ ᠢ᠋ ᠪᠠᠬᠳᠠᠭᠠᠵᠤ᠂ ᠨᠡᠶ᠋ᠢᠲᠡ 15 ᠵᠤᠷᠪᠤᠰ ᠪᠣᠳᠠᠲᠠᠶ ᠠᠷᠭ᠎ᠠ ᠬᠡᠮᠵᠢᠶ᠎ᠡ ᠭᠠᠷᠭᠠᠪᠠ᠃ ᠶᠡᠷᠦᠩᠬᠡᠢ ᠱᠠᠭᠠᠷᠳᠠᠯᠭ᠎ᠠ᠎ᠶᠢᠨ ᠲᠠᠯ᠎ᠠ᠎ᠪᠠᠷ᠂ ᠰᠠᠨᠠᠯ᠎ᠳᠤ ᠬᠠᠮᠲᠤ᠎ᠶᠢᠨ ᠥᠮᠴᠢᠯᠡᠯᠢ ᠭᠤᠶ᠋ᠢᠪᠢᠰᠢ ᠦᠭᠡᠢ ᠪᠠᠷᠢᠮᠲᠠᠯᠠᠵᠤ᠂ ᠲᠠᠷᠢᠶᠠᠴᠢᠨ ᠡᠷᠤᠭᠡ᠎ᠶᠢᠨ ᠡᠷᠤᠭᠡ᠎ᠳᠤ ᠳᠠᠭᠠᠭᠠᠴᠢᠯᠠᠭᠤᠯᠤᠨ ᠡᠵᠡᠩᠨᠡᠭᠦᠯᠬᠦ᠌ᠶᠢ ᠪᠠᠷᠢᠮᠲᠠᠯᠠᠵᠤ᠂ ᠲᠠᠷᠢᠶᠠᠴᠢᠨ᠎ᠤ ᠪᠡᠶᠡᠴᠢ ᠴᠣᠭᠴᠠ᠎ᠶᠢᠨ ᠪᠠᠶ᠋ᠢᠷᠢ ᠰᠠᠭᠤᠷᠢ᠎ᠶᠢ ᠪᠠᠷᠢᠮᠲᠠᠯᠠᠵᠤ᠂ ᠬᠥᠳᠡᠭᠡ ᠲᠣᠰᠬᠣᠨ᠎ᠤ ᠨᠡᠶ᠋ᠢᠭᠡᠮ᠎ᠤᠨ ᠲᠣᠭᠲᠠᠭᠤᠨ᠎ᠢ ᠬᠠᠮᠠᠭᠠᠯᠠᠬᠤ᠎ᠶᠢ ᠪᠠᠷᠢᠮᠲᠠᠯᠠᠬᠤ᠎ᠶᠢ ᠭᠣᠣᠯᠳᠠᠯᠭ᠎ᠠ ᠪᠤᠯᠭᠠᠨ ᠴᠢᠬᠤᠯᠠᠴᠢᠯᠠᠪᠠ᠃ ᠬᠦᠳᠡᠬᠡ ᠳᠤᠰᠬᠤᠨ᠎ᠤ ᠭᠠᠵᠠᠷ ᠰᠢᠷᠣᠶ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠨᠢ ᠲᠤᠯᠤᠭᠰᠠᠨ᠎ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ᠎ᠨᠢ ᠲᠦᠭ ᠲᠦᠮᠡᠨ ᠲᠠᠷᠢᠶᠠᠴᠢᠨ᠎ᠤ ᠠᠮᠢ ᠪᠡᠶ᠎ᠡ᠎ᠶᠢᠨ ᠠᠰᠢᠭ ᠲᠤᠰᠠ᠎ᠳᠤ ᠬᠣᠯᠪᠣᠭᠳᠠᠨ᠎ᠠ᠃
ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠵᠢᠨᠴᠡᠭ᠎ᠤᠨ ᠠᠵᠢᠯ᠎ᠢ ᠢᠳᠡᠪᠬᠢᠲᠡᠢ ᠪᠥᠭᠡᠳ ᠯᠠᠪᠳᠠᠭᠤᠨ ᠰᠠᠶ᠋ᠢᠲᠤᠷ ᠬᠢᠬᠦ᠌᠎ᠶᠢᠨ ᠲᠥᠯᠥᠭᠡ 2020 ᠣᠨ᠎ᠠᠴᠠ ᠨᠠᠭᠠᠰᠢ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠮᠤᠵᠢ᠎ᠶᠢᠨ ᠭᠠᠴᠠᠭ᠎ᠠ ᠳᠤᠭᠤᠶ᠋ᠢᠯᠠᠩ᠎ᠠᠴᠠ ᠡᠬᠢᠯᠡᠨ ᠲᠤᠷᠰᠢᠯᠲᠠ᠎ᠶᠢᠨ ᠬᠡᠪᠴᠢᠶ᠎ᠠ ᠪᠠᠨ ᠠᠯᠬᠤᠮ ᠠᠯᠬᠤᠮ᠎ᠢᠶᠠᠷ ᠥᠷᠭᠡᠳᠬᠡᠭᠰᠡᠨ ᠪᠠᠶ᠋ᠢᠨ᠎ᠠ᠃ ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭᠠᠷ ᠡᠨᠡ ᠵᠢᠯ ᠮᠠᠨ᠎ᠤ ᠤᠯᠤᠰ 29 ᠮᠤᠵᠢ (ᠣᠷᠣᠨ᠂ ᠬᠤᠳᠠ) ᠳ᠋ᠤ ᠪᠦᠬᠦ᠌ ᠮᠤᠵᠢ᠎ᠪᠠᠷ ᠨᠢ ᠲᠤᠷᠰᠢᠯᠲᠠ ᠬᠢᠬᠦ᠌ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠬᠦ᠌ ᠪᠣᠯᠤᠨ᠎ᠠ᠃
(《ᠠᠷᠠᠳ᠎ᠤᠨ ᠰᠦᠯᠵᠢᠶ᠎ᠠ》 ᠡᠴᠨ ᠨᠠᠢᠷᠠᠭᠤᠯᠤᠨ ᠠᠪᠤᠪᠠ)