ᠸᠠᠩ ᠸᠧᠢ ᠵᠦᠩ ᠬᠤᠷᠠᠯ ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠤ ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠵᠠᠢ
5 ᠰᠠᠷ᠎ᠠ᠎ᠶ᠋ᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ᠌ ᠣᠷᠣᠨ᠎ᠤ ᠵᠠᠰᠠᠭ᠎ᠤᠨ ᠠᠵᠢᠯ ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠦᠮᠦᠵᠢᠯ ᠤ᠋ᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ 》 ᠶᠡᠷᠦᠩᠬᠡᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠰᠡᠷᠭᠦ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠭᠦᠨᠵᠡᠭᠡᠢ ᠵᠠᠳᠠᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠡᠭᠦᠨ ᠡᠴᠡ ᠰᠤᠷᠭᠠᠮᠵᠢ ᠠᠪᠴᠤ᠌᠂ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ ᠢ ᠪᠡᠬᠢᠵᠢᠭᠦᠯᠵᠦ᠍᠂ ᠵᠠᠰᠠᠭ ᠤ᠋ᠨ ᠠᠵᠢᠯ ᠤ᠋ᠨ ᠪᠦᠲᠦᠮᠵᠢ ᠵᠢᠨ ᠲᠤᠬᠠᠢ ᠵᠦᠪ ᠦᠵᠡᠯᠳᠡ ᠵᠢ ᠦᠨᠡᠨᠴᠢ ᠰᠢᠳᠤᠷᠭᠤ ᠪᠡᠷ ᠦᠢᠯᠡᠳᠦᠯᠭᠡᠵᠢᠬᠥᠯᠭᠦ ᠵᠢ ᠬᠦᠲᠦᠯᠦᠨ ᠵᠢᠯᠤᠭᠤᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠶ᠎ᠠ ᠵᠢᠨ ᠳᠠᠷᠤᠭ᠎ᠠ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠨ ᠮᠡᠳᠡᠭ᠌ᠳᠡᠭ᠌ᠰᠡᠨ ᠪᠥᠭᠡᠳ ᠵᠠᠳᠠᠯᠪᠠ᠃
ᠸᠠᠩ ᠸᠧᠢ ᠵᠦᠩ ᠶᠠᠷᠢᠶᠠᠨ᠎ᠳᠠᠭᠠᠨ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ ᠵᠦᠷᠢᠶ᠎ᠠ ᠲᠠᠢ ᠪᠤᠯᠬᠤ ᠪᠠ ᠪᠤᠷᠤᠭᠤᠳᠠᠬᠤ ᠠᠰᠠᠭᠤᠳᠠᠯ ᠨᠢ ᠨᠡᠢᠲᠡ᠎ᠶ᠋ᠢᠨ ᠲᠥᠯᠥᠭᠡ ᠨᠠᠮ ᠪᠠᠢᠭᠤᠯᠬᠤ ᠨᠠᠮᠴᠢ ᠴᠢᠨᠠᠷ᠎ᠤᠨ ᠵᠠᠷᠴᠢᠮ᠂ ᠠᠷᠠᠳ ᠲᠦᠮᠡᠨ᠎ᠳᠦ ᠪᠤᠶᠠᠨ ᠦᠢᠯᠡᠳᠬᠦ᠌ ᠦᠷᠳᠡᠭ᠎ᠦᠨ ᠬᠥᠭᠡᠭᠡᠴᠡᠯᠳᠦᠯ᠂ ᠱᠢᠨᠵᠢᠯᠡᠬᠦ᠌ ᠤᠬᠠᠭᠠᠨᠴᠢ ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠦᠵᠡᠯ ᠰᠠᠨᠠᠭ᠎ᠠ ᠠᠷᠭ᠎ᠠ᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠱᠢᠯᠢᠳᠡᠭ ᠰᠤᠷᠲᠠᠯ ᠡᠴᠡ ᠲᠡᠷᠰᠯᠡᠵᠦ᠍᠂ ᠲᠥᠪ᠎ᠦᠨ ᠳᠠᠪᠬᠤᠷᠭ᠎ᠠ ᠪᠠ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ ᠡᠴᠡ ᠳᠠᠷᠤᠮᠠᠯᠯᠠᠨ ᠲᠠᠷᠬᠠᠭᠠᠭ᠍ᠰᠠᠨ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠰᠤᠷᠭᠠᠮᠵᠢ ᠮᠠᠰᠢ ᠭᠦᠨᠵᠡᠭᠡᠢ ᠪᠠᠢᠵᠤ᠂ ᠮᠠᠰᠢ ᠴᠢᠩᠭ᠎ᠠ ᠰᠡᠷᠡᠮᠵᠢᠯᠡᠭᠦᠯᠬᠦ᠌ ᠬᠥᠮᠦᠵᠢᠯ᠎ᠦᠨ ᠠᠴᠢ ᠬᠣᠯᠪᠣᠭ᠍ᠳᠠᠯ᠎ᠲᠠᠶ ᠶᠤᠮ᠃ ᠬᠡᠷᠡᠭ᠎ᠢᠶᠡᠷ ᠲᠤᠯᠢ ᠪᠣᠯᠭᠠᠬᠤ᠂ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠬᠠᠨᠭᠭᠢᠨᠠᠭᠤᠯᠬᠤᠶ᠋ᠢ ᠪᠠᠷᠢᠮᠲᠠᠯᠠᠵᠤ᠂ ᠵᠠᠰᠠᠭ ᠤ᠋ᠨ ᠠᠵᠢᠯ ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠦᠵᠡᠯ ᠰᠠᠨᠠᠭᠠᠨ᠎ᠤ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ 《ᠭᠤᠷᠪᠠ᠎ᠶ᠋ᠢ ᠬᠠᠷᠭᠤᠭᠤᠯᠬᠤ 》 ᠴᠢᠬᠤᠯᠠ ᠱᠠᠭᠠᠷᠳᠠᠯᠭ᠎ᠠ ᠶᠣᠰᠣᠭᠠᠷ᠂ ᠠᠯᠳᠠᠭ᠎ᠠ ᠪᠤᠷᠤᠭᠤ᠎ᠪᠠᠨ ᠦᠷᠭᠦᠯᠵᠢᠯᠡᠨ ᠵᠠᠯᠠᠷᠠᠭᠤᠯᠵᠤ᠂ ᠤᠷᠤᠨ ᠪᠠᠢᠷᠢ ᠪᠠᠨ ᠵᠥᠪ ᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ ᠳᠤᠳᠤᠷ᠎ᠠ ᠭᠠᠳᠠᠨ᠎ᠠ ᠪᠠᠨ ᠵᠡᠷᠭᠡ᠎ᠪᠡᠷ ᠵᠠᠰᠠᠬᠤ᠂ ᠦᠨᠳᠦᠰᠦ ᠵᠢ ᠵᠠᠰᠠᠨ ᠡᠬᠢ ᠵᠢ ᠴᠡᠪᠡᠷᠰᠢᠬᠦᠯᠬᠦ ᠵᠢ ᠪᠠᠷᠢᠮᠳᠠᠯᠠᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠦᠨᠡᠨ ᠬᠦ᠌ ᠰᠡᠳᠭᠢᠯ᠎ᠳᠡᠭᠡᠨ ᠱᠢᠩᠭᠡᠭᠡᠵᠦ᠍᠂ ᠠᠵᠢᠯᠯᠠᠭ᠎ᠠ᠎ᠳᠠᠭᠠᠨ ᠢᠯᠡᠷᠡᠭᠦᠯᠬᠦ᠌ ᠬᠡᠷᠡᠭ᠌ᠲᠡᠢ᠃ ᠨᠠᠮ᠎ᠳᠠᠭᠠᠨ ᠦᠨᠡᠨᠴᠢ ᠱᠢᠳᠤᠷᠭᠤ ᠪᠠᠢᠬᠤ ᠰᠡᠳᠭᠢᠯ ᠢ᠋ ᠡᠭᠦᠷᠢᠳᠡ ᠪᠠᠷᠢᠮᠳᠠᠯᠠᠵᠤ᠂ ᠦᠷᠭᠦᠯᠵᠢ ᠶᠡᠷᠦᠩᠬᠡᠢ ᠱᠦᠵᠢ ᠰᠢ ᠵᠢᠨ ᠫᠢᠩ ᠦᠨ ᠬᠣᠷᠢᠳᠤᠭᠠᠷ ᠬᠤᠭᠤᠴᠠᠭᠠᠨ᠎ᠤ ᠲᠥᠪ ᠤ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷ᠎ᠡ ᠳᠤᠷᠠᠳᠤᠭ᠍ᠰᠠᠨ 《ᠲᠦᠷᠪᠡᠨ ᠪᠠᠢᠬᠤ ᠡᠰᠡᠬᠦ᠌》 ᠴᠢᠬᠤᠯᠠ ᠱᠠᠭᠠᠷᠳᠠᠯᠭ᠎ᠠ᠎ᠲᠠᠶ ᠬᠠᠷᠭᠤᠭᠤᠯᠵᠤ ᠥᠪᠡᠷ᠎ᠢ᠎ᠪᠡᠨ ᠲᠤᠩᠭᠠᠨ ᠥᠪᠡᠷ᠎ᠢ᠎ᠪᠡᠨ ᠵᠣᠷᠢᠭ᠍ᠵᠢᠭᠤᠯᠵᠤ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠣᠯᠤᠨ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ ᠶ᠋ᠢ ᠰᠡᠳᠭᠢᠯ ᠳᠡᠭᠡᠨ ᠬᠠᠳᠠᠩᠱᠢᠭᠤᠯᠵᠤ᠂ ᠰᠦᠭ ᠰᠦᠨᠡᠰᠦᠨ ᠳ᠋ᠡᠭᠡᠨ ᠰᠢᠩᠭᠡᠭᠡᠵᠦ᠂ ᠠᠵᠢᠯᠯᠠᠭ᠎ᠠ ᠳᠡᠭᠡᠷ᠎ᠡ ᠪᠡᠨ ᠨᠠᠢᠳᠠᠪᠤᠷᠢᠵᠢᠭᠤᠯᠬᠤ ᠬᠡᠷᠡᠭ᠌ᠲᠡᠢ᠃ ᠠᠵᠢᠯ ᠦᠢᠯᠡᠰᠵᠢᠡᠨ ᠲᠡᠭᠡᠳᠤᠯᠡᠬᠦ ᠨᠡᠢᠲᠡᠴᠢ ᠰᠡᠳᠭᠢᠯ ᠢ ᠬᠢᠴᠢᠶᠡᠩᠭᠦᠢᠯᠡᠨ ᠰᠠᠬᠢᠵᠤ᠂ ᠠᠯᠢᠪᠠ ᠪᠦᠬᠦᠨ ᠳᠦ ᠠᠵᠢᠯ ᠦᠢᠯᠡᠰ᠎ᠦᠨ᠎ᠢᠶᠡᠨ ᠲᠥᠯᠥᠭᠡ ᠴᠢᠷᠮᠠᠢᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠰᠢᠨ ᠵᠢᠡᠨ ᠳᠡᠭᠡᠭ᠌ᠰᠢᠯᠡᠭᠦᠯᠵᠦ᠍᠂ ᠶᠡᠬᠡ ᠲᠠᠯ᠎ᠠ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠳᠡᠭᠡᠳᠦ ᠬᠡᠮᠵᠢᠶ᠎ᠡ᠎ᠪᠡᠷ ᠬᠠᠷᠢᠭᠤᠴᠠᠵᠤ᠂ ᠦᠨᠡᠨ ᠰᠡᠳᠭᠢᠯ᠎ᠡᠴᠡ᠎ᠪᠡᠨ ᠨᠠᠢᠳᠠ ᠵᠢᠨ ᠲᠦᠯᠦᠭᠡ ᠥᠷᠯᠥᠭᠡ ᠦᠳᠡᠰᠢ᠎ᠶ᠋ᠢ ᠲᠡᠮᠡᠴᠡᠨ ᠰᠠᠢᠲᠤᠷ ᠠᠵᠢᠯᠯᠠᠬᠤ ᠬᠡᠷᠡᠭ᠌ᠲᠡᠢ᠃ ᠠᠷᠠᠳ ᠲᠦᠮᠡᠨ᠎ᠳᠦ ᠪᠤᠶᠠᠨ ᠦᠢᠯᠡᠳᠬᠦ᠌ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠪᠦᠬᠦ ᠬᠦᠴᠤᠨ ᠵᠢᠡᠷ ᠵᠢᠡᠨ ᠬᠢᠵᠤ᠂ ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠎ᠶ᠋ᠢ ᠪᠠᠷᠢᠮᠲᠠᠯᠠᠵᠤ᠂ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠭᠤᠤᠯ ᠬᠠᠷᠢᠭᠤᠴᠠᠯᠭᠠᠲᠠᠨ ᠨᠥᠬᠥᠳ ᠪᠡᠶ᠎ᠡ᠎ᠪᠡᠷ᠎ᠢᠶᠡᠨ ᠳᠣᠷᠣᠭ᠍ᠰᠢ ᠪᠠᠭᠤᠵᠤ ᠰᠤᠷᠪᠤᠯᠵᠢᠯᠠᠯ ᠢ ᠭᠥᠯᠢᠶᠡᠨ ᠠᠪᠴᠤ᠌᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠵᠠᠬᠢᠳᠠᠯ ᠰᠤᠷᠪᠤᠯᠵᠢᠯᠠᠯ᠎ᠤᠨ ᠵᠦᠶ᠋ᠯᠡᠰ ᠢᠯᠠᠩᠭᠤᠶ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠦᠰᠡᠯ ᠱᠠᠭᠠᠷᠳᠠᠯᠭ᠎ᠠ᠎ᠶ᠋ᠢ ᠲᠦᠷᠭᠡᠨ ᠱᠢᠶ᠋ᠳᠪᠦᠷᠢᠯᠡᠬᠦ᠌ ᠬᠡᠷᠡᠭ᠌ᠲᠡᠶ᠃ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠪᠥᠬᠥ᠌ ᠬᠦᠴᠦᠨ᠎ᠢᠶᠡᠷ᠎ᠢᠶᠡᠨ ᠴᠡᠭ᠌ᠴᠡᠯᠡᠨ ᠵᠠᠰᠠᠵᠤ᠂ ᠠᠰᠠᠭᠤᠳᠠᠯ ᠢ ᠪᠠᠢᠴᠠᠭᠠᠨ ᠵᠠᠯᠠᠷᠠᠭᠤᠯᠬᠤ᠂ ᠬᠡᠷᠡᠭ ᠢ ᠪᠠᠢᠴᠠᠭᠠᠨ ᠱᠢᠶ᠋ᠳᠪᠦᠷᠢᠯᠡᠬᠦ᠌᠎ᠶ᠋ᠢ ᠯᠠᠪᠳᠠᠭᠤᠨ ᠪᠠᠳᠤᠳᠠᠢ ᠬᠦᠴᠦᠲᠡᠶ ᠠᠬᠢᠭᠤᠯᠬᠤ ᠭᠡᠷᠡᠭᠳᠠᠢ᠃ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠬᠠᠲᠠᠭᠤ ᠵᠣᠷᠢᠭ ᠢ ᠪᠠᠷᠢᠮᠲᠠᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠡᠴᠡ ᠡᠮᠦᠨ᠎ᠡ ᠡᠷᠬᠡᠪᠰᠢ ᠪᠠᠢᠴᠠᠭᠠᠨ ᠰᠤᠳᠤᠯᠬᠤ᠂ ᠪᠠᠢᠴᠠᠭᠠᠨ ᠰᠤᠳᠤᠯᠬᠤ ᠦᠭᠡᠢ ᠪᠤᠯ ᠱᠢᠢᠳᠪᠦᠷᠢᠲᠦ ᠪᠤᠳᠤᠯᠭ᠎ᠠ ᠦᠯᠤ ᠲᠣᠭ᠍ᠲᠠᠭᠠᠬᠤ᠎ᠶ᠋ᠢ ᠪᠠᠷᠢᠮᠲᠠᠯᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠴᠢᠩᠭ᠎ᠠ ᠲᠤᠭᠤᠱᠢᠯᠠᠭᠤᠯᠤᠨ ᠬᠡᠷᠡᠭ᠌ᠵᠢᠭᠦᠯᠵᠦ᠍᠂ ᠱᠢᠢᠳᠪᠦᠷᠢᠲᠦ ᠪᠤᠳᠤᠯᠭ᠎ᠠ ᠶ᠋ᠢᠨ ᠤᠷᠢᠳᠠᠴᠢ ᠴᠢᠨᠠᠷ ᠪᠠ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠵᠦ᠍᠂ ᠲᠤᠷᠱᠢᠯᠭ᠎ᠠ ᠪᠠᠷ᠎ᠢᠶᠠᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠡᠨᠡᠨ ᠪᠠᠯᠠᠢ ᠪᠡᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠨᠢᠭᠡ ᠯᠡ ᠪᠠᠷᠢᠮᠵᠢᠶ᠎ᠠ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠵᠡᠷᠭᠡ ᠠᠰᠠᠭᠤᠳᠠᠯ ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭ᠌ᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠵᠣᠷᠢᠭ᠎ᠢᠶᠠᠨ ᠴᠢᠨᠭᠭᠠᠯᠠᠵᠤ᠂ ᠵᠣᠷᠢᠭ᠍ᠲᠠᠢ᠎ᠪᠠᠷ ᠪᠡᠷᠭᠡ᠂ ᠬᠦᠴᠢᠷ᠂ ᠬᠦᠨᠳᠦ᠂ ᠠᠶᠦᠯ ᠲᠠᠢ ᠡᠭᠦᠷᠭᠡ᠎ᠶ᠋ᠢ ᠡᠭᠦᠷᠭᠡᠯᠡᠵᠦ᠍᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠬᠦ᠌ ᠬᠡᠷᠡᠭ᠌ᠲᠡᠢ᠃ ᠬᠠᠤᠯᠢ ᠴᠠᠭᠠᠵᠠ ᠰᠠᠬᠢᠯᠭ᠎ᠠ ᠪᠠᠳᠤ᠎ᠶ᠋ᠢ ᠬᠦᠨᠳᠦᠳᠭᠡᠬᠦ᠌ ᠪᠠ ᠲᠡᠭᠦᠨ᠎ᠡᠴᠡ ᠵᠢᠷᠦᠬᠡᠱᠢᠶᠡᠬᠦ᠌ ᠪᠤᠳᠤᠯ ᠢ ᠦᠷᠭᠦᠯᠵᠢ ᠡᠪᠦᠷᠯᠡᠨ᠂ ᠰᠦᠨ ᠱᠤᠤ ᠴᠸᠩ᠂ ᠸᠠᠩ ᠯᠢ ᠱᠢᠶᠠ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠰᠤᠷᠭᠠᠮᠵᠢ᠎ᠶ᠋ᠢ ᠭᠦᠨᠵᠡᠭᠡᠢ ᠱᠢᠩᠭᠡᠭᠡᠨ ᠠᠪᠴᠤ᠌᠂ ᠠᠷᠢᠭᠤᠨ ᠴᠢᠬᠡᠴᠢ᠎ᠶ᠋ᠢ ᠡᠷᠬᠢᠮᠯᠡᠵᠦ᠍ ᠢᠯᠵᠢᠷᠠᠯ ᠢ ᠡᠰᠡᠷᠭᠦᠴᠡᠬᠦ᠌ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠰᠠᠬᠢᠨ᠂ ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ ᠢ ᠪᠠᠲᠤᠯᠠᠵᠤ᠂ ᠮᠥᠩᠭᠥᠨ ᠭᠦᠢᠯᠭᠡᠬᠡᠨ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠨᠧᠷᠭᠢ᠂ ᠰᠤᠷᠭᠠᠨ ᠬᠥᠮᠦᠵᠢᠯ᠂ ᠡᠷᠳᠡᠮ ᠱᠢᠨᠵᠢᠯᠡᠭᠡᠨ᠎ᠦ ᠨᠡᠢᠭᠡᠮᠯᠢᠭ᠂ ᠨᠡᠭᠡᠭᠡᠯᠳᠡ ᠵᠢᠨ ᠲᠤᠭᠤᠷᠢᠬ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠪᠠ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠠᠯ᠎ᠢ ᠴᠢᠩᠭ᠎ᠠ ᠠᠩᠬᠠᠷᠴᠤ᠌᠂ ᠬᠡᠷᠡᠭ ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠤᠨ᠂ ᠲᠣᠭ᠍ᠲᠠᠭᠠᠯ᠎ᠢ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ᠎ᠢ ᠵᠥᠷᠢᠴᠡᠨ ᠪᠡᠯᠡᠭ ᠰᠡᠯᠲᠡ ᠪᠡᠯᠡᠭ ᠵᠣᠭᠣᠰ ᠬᠤᠷᠢᠶᠠᠵᠤ ᠬᠦᠷᠭᠡᠬᠦ᠌ ᠵᠡᠷᠭᠡ ᠲᠥᠪ ᠪᠤᠰᠤ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠦᠷᠭᠡᠨ ᠬᠤᠪᠢᠷᠠᠭᠤᠯᠬᠤ ᠪᠠ ᠴᠡᠪᠡᠷᠱᠢᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠸᠠᠩ ᠸᠧᠶ ᠵᠥᠩ᠂ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠨᠢᠭᠡᠳᠦᠯᠲᠡᠶ ᠲᠥᠯᠥᠪᠵᠢᠬᠦᠯᠵᠤ ᠨᠡᠢᠲᠡ᠎ᠳᠦᠨᠢ ᠬᠠᠷᠠᠭᠠᠯᠵᠠᠬᠤ᠂ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠬᠢᠭᠡᠳ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠵᠡᠷᠭᠡ᠎ᠪᠡᠷ ᠠᠳᠭᠤᠬᠤ᠂ ᠬᠣᠶᠠᠷ ᠢ ᠥᠯᠥ᠍ ᠰᠠᠭᠠᠲᠠᠭᠠᠬᠤ᠂ ᠬᠣᠶᠠᠷ᠎ᠢ ᠠᠬᠢᠭᠤᠯᠬᠤ᠎ᠶ᠋ᠢ ᠵᠡᠷᠭᠡ ᠪᠡᠷ ᠶᠠᠪᠤᠭᠳᠠᠭᠤᠯᠬᠤ ᠬᠡᠷᠡᠭ᠌ᠲᠡᠶ᠃ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ 《ᠰᠤᠷᠤᠯᠴᠠᠬᠤ》 ᠳ᠋ᠤ ᠰᠤᠳᠤᠯᠬᠤ᠎ᠶ᠋ᠢ ᠴᠢᠬᠤᠯᠠᠴᠢᠯᠠᠵᠤ᠂ 《ᠪᠠᠢᠴᠠᠭᠠᠬᠤ》 ᠳ᠋ᠤ ᠡᠬᠢ ᠦᠨᠳᠦᠰᠦ᠎ᠶ᠋ᠢ ᠨᠢ ᠠᠭᠤᠳᠠᠯᠵᠤ᠂ 《ᠰᠠᠢᠵᠢᠷᠠᠭᠤᠯᠬᠤ》 ᠳ᠋ᠤ ᠬᠤᠪᠢᠷᠠᠯᠲᠠ ᠭᠠᠷᠭᠠᠵᠤ᠂ ᠰᠤᠷᠤᠯᠴᠠᠯᠭ᠎ᠠ ᠬᠥᠮᠦᠵᠢᠯ᠎ᠦᠨ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ ᠤᠨ ᠪᠠᠢᠷᠢᠯᠠᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠴᠢᠬᠤᠯᠠ ᠶᠡᠬᠡ ᠲᠥᠷᠥᠯ ᠵᠦᠢᠯ ᠪᠣᠯᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠠᠶᠤᠯᠬᠦᠢ ᠦᠢᠯᠡᠳᠪᠦᠷᠢᠯᠡᠯ᠂ ᠦᠶᠡᠷ᠎ᠢ ᠰᠡᠷᠭᠡᠢᠯᠡᠨ ᠭᠠᠩᠬᠠᠬᠰᠠᠷᠠᠭᠠᠨ ᠲᠠᠶ ᠲᠡᠮᠡᠴᠡᠬᠦ᠌ ᠵᠡᠷᠭᠡ ᠠᠵᠢᠯ᠎ᠢ ᠰᠠᠢᠲᠤᠷ ᠬᠢᠵᠦ᠍᠂ 《ᠦᠷᠡᠭᠳᠡᠯ ᠲᠠᠢ》 GDP᠂ 《ᠪᠣᠬᠢᠷᠳᠤᠯ᠎ᠲᠠᠶ》 GDP᠂ 《ᠬᠤᠯᠢᠴᠠ ᠲᠠᠢ》 GDP ᠶ᠋ᠢ ᠣᠭ᠍ᠲᠣ ᠠᠪᠬᠤ ᠦᠭᠡᠶ ᠪᠠᠢᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠪᠡᠷ ᠡᠯ᠎ᠡ ᠵᠦᠢᠯ᠎ᠦᠨ ᠠᠵᠢᠯ ᠦᠢᠯᠡᠰ ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠬᠤᠷᠠᠯ ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃