ᠪᠦᠦ ᠭᠠᠩ ᠪᠦᠬᠦ᠌ ᠣᠷᠣᠨ᠎ᠤ ᠬᠢᠨᠠᠨ ᠪᠤᠳᠤᠬᠤ ᠠᠵᠢᠯ ᠢ᠋ ᠪᠠᠢᠴᠠᠭᠠᠨ ᠰᠤᠳᠤᠯᠪᠠ
2026-05-22 09:51:06
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

5 ᠰᠠᠷ᠎ᠠ ᠎ᠶ᠋ᠢᠨ 21 ᠎ᠤ᠋ ᠡᠳᠦᠷ᠂  ᠥᠪᠡᠷᠲᠡᠭᠡᠨ  ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠳᠡᠳ᠋ ᠱᠦᠵᠢ ᠂ ᠥᠪᠡᠷᠲᠡᠭᠡᠨ  ᠵᠠᠰᠠᠬᠤ  ᠣᠷᠣᠨ ᠎ᠤ ᠠᠷᠠᠳ ᠎ᠤᠨ  ᠵᠠᠰᠠᠭ ᠎ᠤᠨ  ᠣᠷᠳᠣᠨ ᠎ᠤ  ᠲᠡᠷᠢᠭᠦᠯᠡᠭ᠌ᠴᠢ  ᠪᠦᠦ ᠭᠠᠩ  ᠬᠢᠨᠠᠨ  ᠪᠤᠳᠤᠬᠤ  ᠲᠢᠩᠬᠢᠮ ᠎ᠳᠦ  ᠪᠠᠢᠴᠠᠭᠠᠨ  ᠰᠤᠳᠤᠯᠬᠤ  ᠳ᠋ᠠᠭᠠᠨ ᠂  ᠶᠡᠷᠦᠩᠬᠡᠢ ᠱᠦᠵᠢ ᠰᠢ ᠵᠢᠨ ᠫᠢᠩ᠎ᠦᠨ ᠬᠢᠨᠠᠨ ᠪᠤᠳᠤᠬᠤ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠵᠢᠯ ᠎ᠤᠨ ᠬᠦᠴᠦᠯᠡᠬᠦ᠌ ᠴᠡᠭ᠎ᠢᠶᠡᠨ ᠬᠥᠭ᠌ᠵᠢᠯᠲᠡ᠎ᠶ᠋ᠢᠨ ᠬᠠᠮᠤᠭ᠎ᠤᠨ ᠵᠠᠩᠭᠢᠯᠠᠭ᠎ᠠ᠎ᠶ᠋ᠢᠨ᠂ ᠤᠯᠠᠨ ᠲᠦᠮᠡᠨ ᠎ᠦ ᠬᠠᠮᠤᠭ᠎ᠡᠴᠡ ᠠᠩᠬᠠᠷᠴᠤ᠌ ᠪᠠᠢᠭ᠎ᠠ᠂ ᠵᠠᠰᠠᠯᠲᠠ᠎ᠶ᠋ᠢᠨ ᠬᠠᠮᠤᠭ᠎ᠤᠨ ᠬᠡᠷᠡᠭ᠌ᠴᠡᠭᠡ᠎ᠲᠡᠶ ᠬᠦᠷᠢᠶᠡᠨ᠎ᠳᠦ ᠣᠨᠣᠪᠴᠢᠲᠠᠢ ᠲᠥᠪᠯᠡᠷᠡᠭᠦᠯᠵᠦ᠍᠂ ᠠᠰᠠᠭᠤᠳᠠᠯ᠎ᠢ ᠲᠡᠷᠡ ᠬᠡᠪ᠎ᠢᠶᠡᠷ ᠨᠢ ᠢᠯᠡᠷᠡᠭᠦᠯᠬᠦ᠌᠎ᠶ᠋ᠢᠨ ᠬᠠᠮᠲᠤ ᠦᠨᠡᠨ ᠪᠣᠳᠠᠲᠠᠢ᠎ᠪᠠᠷ ᠴᠡᠭ᠌ᠴᠡᠯᠡᠨ ᠰᠠᠢᠵᠢᠷᠠᠭᠤᠯᠵᠤ᠂ ᠴᠢᠨᠠᠷ ᠰᠠᠢᠲᠠᠢ ᠬᠢᠨᠠᠨ ᠪᠤᠳᠤᠯᠲᠠ ᠵᠢᠨ ᠬᠢᠨᠠᠯᠳᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠦᠦ ᠭᠠᠩ ᠬᠢᠨᠠᠨ ᠪᠤᠳᠤᠬᠤ ᠲᠢᠩᠬᠢᠮ ᠎ᠦᠨ ᠬᠢᠨᠠᠨ ᠱᠢᠶ᠋ᠳᠪᠦᠷᠢᠯᠡᠬᠦ᠌ ᠭᠠᠵᠠᠷ᠂ ᠲᠣᠭᠠᠴᠢᠯᠠᠭ᠍ᠰᠠᠨ ᠵᠢᠯᠣᠭᠣᠳᠭᠤ ᠲᠥᠪ ᠎ᠲᠦ ᠬᠦᠷᠴᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠬᠢᠨᠠᠨ ᠪᠤᠳᠤᠯᠲᠠ ᠬᠢᠭᠡᠳ ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢᠨ ᠪᠦᠲᠦᠴᠡ᠂ ᠴᠢᠳᠠᠮᠵᠢ᠎ᠶ᠋ᠢᠨ ᠬᠡᠷᠡᠭ᠌ᠯᠡᠯᠲᠡ ᠵᠢᠴᠢ ᠠᠵᠢᠯᠯᠠᠭᠠᠨ᠎ᠤ ᠦᠷ᠎ᠡ ᠪᠦᠲᠦᠮᠵᠢ᠎ᠶ᠋ᠢ ᠨᠠᠷᠢᠯᠢᠬ ᠣᠢᠯᠠᠭᠠᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠲᠣᠮᠣ ᠳ᠋ᠠᠢᠲ᠋ᠠ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠢ ᠰᠠᠢᠲᠤᠷ ᠬᠡᠷᠡᠭ᠌ᠯᠡᠵᠦ᠍᠂ ᠤᠴᠢᠷ ᠶᠠᠪᠤᠳᠠᠯ᠎ᠤᠨ ᠡᠮᠦᠨᠡᠬᠢ ᠳᠤᠮᠳᠠᠬᠢ ᠬᠣᠢᠨᠠᠬᠢ ᠪᠥᠬᠥ᠌ ᠬᠡᠯᠬᠢᠶᠡᠨ᠎ᠳᠦ ᠬᠢᠨᠠᠯᠲᠠ ᠲᠠᠯᠪᠢᠬᠤ᠎ᠶ᠋ᠢ ᠪᠡᠶᠡᠯᠡᠭᠦᠯᠵᠦ᠍᠂ ᠬᠢᠨᠠᠨ ᠪᠤᠳᠤᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠪᠦᠬᠦ᠌ ᠣᠷᠣᠨ ᠎ᠤ ᠬᠢᠨᠠᠨ ᠪᠤᠳᠤᠬᠤ ᠠᠵᠢᠯ ᠎ᠤᠨ ᠪᠠᠢᠳᠠᠯ ᠎ᠤᠨ ᠬᠠᠷᠢᠭᠤ ᠮᠡᠳᠡᠭᠦᠯᠦᠯᠲᠡ ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠦᠦ ᠭᠠᠩ᠂ ᠬᠢᠨᠠᠨ ᠪᠤᠳᠤᠯᠲᠠ ᠵᠢᠨ ᠬᠢᠨᠠᠯᠳᠠ ᠪᠣᠯ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ 《ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠰᠢ᠂ ᠪᠥᠬᠥ᠌ ᠣᠷᠣᠨ᠎ᠤ ᠬᠢᠨᠠᠨ ᠪᠤᠳᠤᠬᠤ ᠱᠢᠰᠲ᠋ᠧᠮ 《ᠬᠣᠶᠠᠷ ᠬᠠᠯᠬᠠᠪᠴᠢ》 ᠂  《ᠬᠣᠶᠠᠷ ᠰᠠᠭᠤᠷᠢᠨ》 ᠂  《 ᠨᠢᠭᠡ ᠪᠡᠬᠢᠯᠡᠯᠲᠡ 》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠬᠢᠨᠠᠨ ᠪᠤᠳᠤᠯᠲᠠ ᠵᠢᠨ ᠬᠢᠨᠠᠯᠳᠠ᠎ᠶ᠋ᠢ ᠴᠢᠩᠭᠠᠳᠭᠠᠵᠤ᠂ ᠡᠷᠬᠡ᠎ᠶ᠋ᠢᠨ ᠠᠵᠢᠯᠯᠠᠭᠠᠨ ᠎ᠢ ᠵᠢᠷᠤᠮᠵᠢᠭᠤᠯᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠢᠳᠡᠪᠬᠢᠲᠡᠶ ᠬᠤᠪᠢ ᠨᠡᠮᠡᠷᠢ ᠦᠵᠡᠭᠦᠯᠵᠠᠢ ᠭᠡᠵᠦ ᠵᠢᠭᠠᠵᠤ ᠭᠠᠷᠭᠠᠪᠠ᠃ ᠪᠦᠦ ᠭᠠᠩ᠂ 《ᠬᠣᠶᠠᠷ ᠴᠢᠬᠤᠯᠠ ᠬᠣᠶᠠᠷ ᠱᠢᠨ᠎ᠡ 》 ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠂ ᠡᠳ᠋᠎ᠦᠨ ᠵᠠᠰᠠᠭ᠎ᠤᠨ ᠲᠥᠰᠦᠪ ᠎ᠢ ᠬᠡᠷᠡᠭ᠌ᠵᠢᠭᠦᠯᠬᠦ᠌ ᠪᠠ ᠦᠷ᠎ᠡ ᠪᠦᠲᠦᠮᠵᠢ᠂ ᠳᠠᠯᠳᠠ ᠥᠷᠢ ᠥᠭ᠌ᠴᠡᠭᠡ᠎ᠶ᠋ᠢ ᠠᠷᠢᠯᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ᠂ ᠮᠥᠩᠭᠥᠨ ᠭᠦᠶ᠋ᠯᠭᠡᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠶᠠᠪᠤᠴᠠ ᠳ᠋ᠡᠬᠢ ᠲᠤᠭᠤᠰᠢᠳᠠᠢ ᠬᠢᠨᠠᠨ ᠪᠤᠳᠤᠯᠲᠠ ᠵᠢᠨ ᠬᠢᠨᠠᠯᠳᠠ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ ᠬᠡᠮ ᠰᠣᠭᠣᠭ᠎ᠢ ᠴᠠᠭ ᠲᠤᠬᠠᠶ᠎ᠳᠤᠨᠢ ᠢᠯᠡᠷᠡᠭᠦᠯᠵᠦ᠍᠂ ᠲᠥᠷᠥᠯ ᠵᠦᠶ᠋ᠯ᠎ᠦᠨ ᠦᠷ᠎ᠡ ᠪᠦᠲᠦᠮᠵᠢ᠎ᠶ᠋ᠢ ᠦᠨᠡᠯᠡᠬᠦ ᠠᠵᠢᠯ ᠎ᠢ ᠰᠠᠢᠲᠤᠷ ᠬᠢᠵᠦ᠍᠂ ᠠᠰᠠᠭᠤᠳᠠᠯ᠎ᠤᠨ ᠡᠬᠢ ᠰᠤᠷᠪᠤᠯᠵᠢ᠎ᠶ᠋ᠢ ᠭᠦᠨᠵᠡᠭᠡᠶ ᠵᠠᠳᠠᠯᠵᠤ᠂ ᠡᠬᠢ ᠡᠭᠦᠰᠦᠯ᠎ᠦᠨ ᠲᠦᠷᠢᠮ᠎ᠢ᠋ ᠲᠡᠭᠦᠯᠳᠡᠷᠵᠢᠭᠦᠯᠬᠦ ᠵᠢ ᠴᠢᠩᠭᠠᠳᠭᠠᠬᠤ ᠬᠡᠷᠡᠭ᠌ᠲᠡᠶ᠃ ᠬᠢᠨᠠᠨ ᠪᠤᠳᠤᠯᠲᠠ ᠵᠢᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ 《ᠰᠡᠭᠦᠯ ᠤ᠋ᠨ ᠬᠠᠭᠠᠰ ᠠᠵᠢᠯ》 ᠢ᠋ ᠰᠠᠢᠲᠤᠷ ᠠᠳᠭᠤᠵᠤ᠂ ᠬᠢᠨᠠᠨ ᠪᠤᠳᠤᠯᠲᠠ ᠬᠢᠭᠡᠳ ᠡᠯ᠎ᠡ ᠲᠥᠷᠥᠯ᠎ᠦᠨ ᠬᠢᠨᠠᠯᠲᠠ᠎ᠶ᠋ᠢᠨ ᠨᠡᠪᠲᠡᠷᠡᠯᠴᠡᠨ ᠬᠠᠮᠵᠢᠯᠴᠠᠬᠤ᠎ᠶ᠋ᠢ ᠭᠦᠨᠵᠡᠭᠡᠢᠷᠡᠭᠦᠯᠵᠦ᠍᠂ ᠬᠢᠨᠠᠨ ᠪᠤᠳᠤᠯᠲᠠ᠎ᠶ᠋ᠢᠨ ᠴᠡᠭ᠌ᠴᠡᠯᠡᠨ ᠰᠠᠢᠵᠢᠷᠠᠭᠤᠯᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠬᠢᠨᠠᠨ ᠪᠤᠳᠤᠯᠲᠠ᠎ᠶ᠋ᠢᠨ ᠦᠷ᠎ᠡ ᠪᠦᠲᠦᠭᠡᠯ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠤᠨᠳᠤᠤᠰᠢᠭᠤᠯᠬᠤ ᠎ᠶ᠋ᠢ ᠠᠬᠢᠭᠤᠯᠬᠤ ᠬᠡᠷᠡᠭ᠌ᠲᠡᠶ᠃ ᠥᠨᠳᠥᠷ ᠬᠡᠪ ᠪᠣᠯᠪᠠᠰᠤᠷᠠᠯ᠎ᠪᠦᠬᠦᠢ ᠲᠤᠰᠭᠠᠢᠵᠢᠭ᠍ᠰᠠᠨ ᠬᠢᠨᠠᠨ ᠪᠤᠳᠤᠬᠤ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠱᠢᠯᠭᠠᠷᠠᠭ᠍ᠰᠠᠨ ᠬᠢᠨᠠᠨ ᠪᠤᠳᠤᠬᠤ ᠲᠡᠮᠦᠷ ᠴᠡᠷᠢᠭ ᠎ᠢ ᠪᠠᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号