ᠰᠢ ᠵᠢᠨ ᠫᠢᠩ ᠪᠣᠯᠤᠨ ᠫᠠᠺᠢᠰᠲ᠋ᠠᠨ᠎ᠤ ᠶᠡᠷᠦᠩᠬᠡᠢᠯᠡᠭ᠌ᠴᠢ ᠵᠠᠷᠳᠠᠯᠢ ᠳᠤᠮᠳᠠᠳᠤ ᠫᠠᠺᠢᠰᠲ᠋ᠠᠨ᠎ᠤ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ᠎ᠳᠤ ᠵᠣᠷᠢᠭᠤᠯᠤᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
2026-05-22 09:32:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠯᠢ ᠴᠢᠶᠠᠩ ᠪᠣᠯᠤᠨ ᠫᠠᠺᠢᠰᠲ᠋ᠠᠨ᠎ᠤ ᠶᠡᠷᠦᠩᠬᠡᠶ ᠰᠠᠢᠳ ᠱᠢᠶᠠᠪᠠᠽᠢ ᠬᠠᠷᠢᠯᠴᠠᠨ ᠪᠠᠶᠠᠷ ᠎ᠤᠨ ᠴᠠᠬᠢᠯᠭᠠᠨ ᠴᠢᠮᠡᠭᠡ ᠶᠠᠪᠤᠭᠤᠯᠵᠠᠢ


5 ᠰᠠᠷ᠎ᠠ᠎ᠶ᠋ᠢᠨ 21 ᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠫᠠᠺᠢᠰᠲ᠋ᠠᠨ ᠎ᠤ ᠶᠡᠷᠦᠩᠬᠡᠢᠯᠡᠭ᠌ᠴᠢ ᠵᠠᠷᠳᠠᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭ᠍ᠰᠠᠨ 75 ᠵᠢᠯ᠎ᠦᠨ ᠤᠢ᠎ᠶ᠋ᠢ ᠪᠡᠯᠭᠡᠯᠡᠪᠡ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠫᠠᠺᠢᠰᠲ᠋ᠠᠨ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭ᠍ᠰᠠᠨ᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠰᠠᠢ᠌ᠨ ᠨᠠᠢᠵᠠ ᠪᠠ ᠪᠦᠬᠦ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ ᠮᠥᠨ᠃ ᠬᠠᠷᠢᠯᠴᠠᠭ᠎ᠠ ᠪᠠᠢᠭᠤᠯᠤᠭ᠍ᠰᠠᠨ 75 ᠵᠢᠯ ᠎ᠦᠨ ᠲᠤᠷᠰᠢ᠂ ᠳᠡᠯᠡᠬᠡᠶ᠎ᠶ᠋ᠢᠨ ᠪᠠᠢᠳᠠᠯ᠎ᠳᠤ ᠶᠠᠮᠠᠷ ᠬᠤᠪᠢᠷᠠᠯᠲᠠ ᠭᠠᠷᠤᠭ᠍ᠰᠠᠨ ᠴᠤ᠌᠂ ᠳᠤᠮᠳᠠᠳᠤ ᠫᠠᠺᠢᠰᠲ᠋ᠠᠨ᠎ᠤ ᠨᠥᠬᠥᠷᠯᠡᠯ ᠢᠮᠠᠭ᠍ᠲᠠ ᠡᠪᠳᠡᠷᠡᠰᠢ ᠥᠬᠡᠶ ᠪᠠᠲᠤ ᠪᠠᠬᠢ ᠪᠠᠢᠬᠰᠠᠭᠠᠷ ᠢᠷᠡᠵᠡᠢ᠃ ᠬᠣᠶᠠᠷ ᠤᠯᠤᠰ᠎ᠢᠶᠠᠷ᠎ᠢᠶᠠᠨ ᠥᠨᠳᠥᠷ ᠲᠦᠪᠱᠢᠨ ᠪᠦᠬᠦᠢ ᠤᠯᠤᠰ ᠲᠦᠷᠦ᠍ ᠎ᠶ᠋ᠢᠨ ᠢᠲᠡᠭᠡᠯᠴᠡᠭᠡ᠂ ᠥᠨᠳᠥᠷ ᠲᠦᠪᠱᠢᠨ ᠪᠦᠬᠦᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠦ ᠬᠠᠮᠲᠤᠷᠠᠯᠴᠠᠭ᠎ᠠ᠂ ᠥᠨᠳᠥᠷ ᠲᠦᠪᠱᠢᠨ ᠪᠦᠬᠦᠢ ᠤᠯᠠᠨ ᠤᠯᠤᠰ᠎ᠤᠨ ᠬᠠᠮᠵᠢᠯᠴᠠᠭ᠎ᠠ᠎ᠶ᠋ᠢ ᠤᠷᠳᠤ ᠬᠤᠭᠤᠴᠠᠭ᠎ᠠ᠎ᠪᠠᠷ ᠪᠠᠲᠤᠯᠠᠵᠤ᠂ ᠤᠯᠤᠰ ᠪᠣᠯᠤᠨ ᠤᠯᠤᠰ ᠎ᠤᠨ ᠬᠣᠭᠣᠷᠣᠨᠳᠣᠬᠢ ᠬᠠᠷᠢᠯᠴᠠᠭ᠎ᠠ᠎ᠶ᠋ᠢᠨ ᠦᠯᠢᠭᠡᠷ ᠳᠠᠭᠤᠷᠢᠶᠠᠯ᠎ᠢ ᠪᠤᠢ ᠪᠣᠯᠭᠠᠵᠠᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠪᠢ ᠳᠤᠮᠳᠠᠳᠤ ᠫᠠᠺᠢᠰᠲ᠋ᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠵᠠᠷᠳᠠᠯᠢ᠎ᠲᠠᠢ ᠬᠠᠮᠲᠤ᠎ᠪᠠᠷ ᠴᠢᠷᠮᠠᠢᠵᠤ᠂ ᠬᠠᠷᠢᠯᠴᠠᠭ᠎ᠠ ᠪᠠᠢᠭᠤᠯᠤᠭ᠍ᠰᠠᠨ 75 ᠵᠢᠯ ᠎ᠦᠨ ᠤᠢ ᠎ᠪᠠᠷ ᠠᠵᠠ ᠲᠣᠬᠢᠶᠠᠯ ᠪᠣᠯᠭᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ ᠎ᠪᠠᠨ ᠴᠢᠩᠭᠠᠳᠭᠠᠵᠤ᠂ ᠤᠯᠠᠮᠵᠢᠯᠠᠯᠲᠤ ᠨᠥᠬᠥᠷᠯᠡᠯ ᠎ᠢᠶᠡᠨ ᠦᠷᠭᠦᠯᠵᠢᠯᠡᠭᠦᠯᠵᠦ᠍᠂ ᠪᠦᠬᠦ᠌ ᠲᠠᠯ᠎ᠠ ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠡᠩ ᠨᠢᠭ᠍ᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠎ᠶ᠋ᠢ ᠲᠦᠷᠭᠡᠳᠭᠡᠨ ᠪᠠᠢᠭᠤᠯᠵᠤ᠂ ᠳᠤᠮᠳᠠᠳᠤ ᠫᠠᠺᠢᠰᠲ᠋ᠠᠨ᠎ᠤ ᠬᠠᠷᠢᠯᠴᠠᠭ᠎ᠠ᠎ᠪᠠᠷ ᠬᠣᠶᠠᠷ ᠤᠯᠤᠰ ᠎ᠤᠨ ᠠᠷᠠᠳ ᠲᠦᠮᠡᠨ᠎ᠳᠦ ᠨᠡᠩ ᠰᠠᠢ᠌ᠨ ᠠᠱᠢᠭ ᠬᠦᠷᠲᠡᠭᠡᠵᠦ᠍᠂ ᠭᠠᠵᠠᠷ ᠣᠷᠣᠨ ᠎ᠤ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠴᠢᠬᠤᠯᠠᠴᠢᠯᠠᠪᠠ᠃

ᠵᠠᠷᠳᠠᠯᠢ᠂ ᠫᠠᠺᠢᠰᠲ᠋ᠠᠨ ᠳᠤᠮᠳᠠᠳᠤ᠎ᠶ᠋ᠢᠨ ᠪᠦᠬᠦ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠶᠠᠪᠤᠬᠤ ᠳᠤᠳᠤᠮ ᠪᠡᠬᠢᠵᠢᠵᠦ᠍᠂ ᠭᠠᠵᠠᠷ ᠣᠷᠣᠨ᠎ᠤ ᠡᠩᠬᠡ ᠲᠠᠢᠪᠤᠩ᠂ ᠲᠣᠭ᠍ᠲᠠᠭᠤᠨ ᠪᠠ ᠬᠥᠭ᠌ᠵᠢᠯᠲᠡ᠎ᠶ᠋ᠢᠨ ᠡᠷᠡᠰ ᠪᠠᠲᠤ ᠲᠤᠯᠭᠠᠭᠤᠷᠢ ᠪᠣᠯᠪᠠ᠃ ᠫᠠᠺᠢᠰᠲ᠋ᠠᠨ᠎ᠤ  ᠬᠢᠨ ᠲᠡᠷᠢᠭᠦᠯᠡᠭ᠌ᠴᠢ ᠰᠢ ᠵᠢᠨ ᠫᠢᠩ᠎ᠦᠨ ᠳᠤᠷᠠᠳᠤᠭ᠍ᠰᠠᠨ ᠠᠯᠤᠰ ᠬᠡᠳᠤ ᠶ᠋ᠢᠨ ᠠᠴᠢ ᠬᠣᠯᠪᠣᠭ᠍ᠳᠠᠯ ᠪᠦᠬᠦᠢ ᠪᠦᠬᠦ᠌ ᠪᠥᠮᠪᠥᠷᠴᠡᠭ᠎ᠦᠨ ᠱᠢᠷᠢᠰ ᠰᠠᠨᠠᠭᠠᠴᠢᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠫᠠᠺᠢᠰᠲ᠋ᠠᠨ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠎ᠪᠡᠷ ᠡᠷᠡᠰ ᠴᠢᠷᠮᠠᠢᠵᠤ᠂ ᠱᠢᠨ᠎ᠡ ᠴᠠᠭ ᠦᠶ᠎ᠡ᠎ᠶ᠋ᠢᠨ ᠨᠡᠩ ᠨᠢᠭ᠍ᠲᠠ ᠫᠠᠺᠢᠰᠲ᠋ᠠᠨ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠶ᠋ᠢ ᠳᠡᠭᠡᠳᠦ ᠬᠡᠮᠵᠢᠶ᠎ᠡ᠎ᠪᠡᠷ ᠨᠠᠨᠳᠢᠩᠨᠠᠵᠤ ᠪᠠᠢᠨ᠎ᠠ᠃ ᠫᠠᠺᠢᠰᠲ᠋ᠠᠨ᠎ᠤ ᠬᠢᠨ ᠳᠤᠮᠳᠠᠳᠤ᠎ᠤᠯᠤᠰ ᠡᠴᠡ ᠫᠠᠺᠢᠰᠲ᠋ᠠᠨ᠎ᠤ ᠡᠷᠬᠡ ᠮᠡᠳᠡᠯ ᠪᠣᠯᠤᠨ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠡᠷᠡᠰ ᠳᠡᠮᠵᠢᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠵᠤ ᠪᠠᠢᠭ᠎ᠠ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ᠂ ᠦᠷᠭᠦᠯᠵᠢᠯᠡᠨ ᠳᠤᠮᠳᠠᠳᠤ ᠤᠯᠤᠰ ᠤ᠋ᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠬᠤ ᠠᠰᠠᠭᠤᠳᠠᠯ ᠳᠡᠭᠡᠷ᠎ᠡ ᠳᠤᠮᠳᠠᠳᠤ᠎ᠤᠯᠤᠰ ᠢ᠋ ᠳᠡᠮᠵᠢᠵᠦ᠍᠂ ᠫᠠᠺᠢᠰᠲ᠋ᠠᠨ ᠳᠤᠮᠳᠠᠳᠤ᠎ᠶ᠋ᠢᠨ ᠨᠥᠬᠥᠷᠯᠡᠯ᠎ᠢ ᠤᠯᠠᠮ ᠨᠢᠭᠡ ᠠᠯᠬᠤᠮ ᠱᠢᠨ᠎ᠡ ᠦᠨᠳᠦᠷᠴᠡ᠎ᠳᠤ ᠬᠦᠷᠭᠡᠨ᠎ᠡ ᠭᠡᠵᠦ ᠢᠯᠡᠳᠭᠡᠪᠡ᠃

ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠣᠯᠤᠨ ᠫᠠᠺᠢᠰᠲ᠋ᠠᠨ᠎ᠤ ᠶᠡᠷᠦᠩᠬᠡᠢ ᠰᠠᠢᠳ ᠱᠢᠶᠠᠪᠠᠽᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨ᠎ᠤ ᠬᠢᠨ᠎ᠲᠡᠶ ᠬᠠᠮᠲᠤ᠎ᠪᠠᠷ ᠴᠢᠷᠮᠠᠢᠵᠤ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠫᠠᠺᠢᠰᠲ᠋ᠠᠨ ᠎ᠤ ᠠᠵᠤ ᠠᠬᠤᠢ ᠎ᠶ᠋ᠢᠨ ᠬᠤᠩᠬᠢᠯ ᠎ᠤᠨ 《2.0 ᠳᠡᠰ ᠳᠡᠪᠱᠢᠭ᠌ᠰᠡᠨ ᠬᠡᠪ》 ᠢ᠋  ᠢᠳᠡᠪᠬᠢᠲᠡᠢ ᠴᠣᠭ᠍ᠴᠠᠯᠠᠵᠤ᠂ ᠳᠤᠮᠳᠠᠳᠤ ᠫᠠᠺᠢᠰᠲ᠋ᠠᠨ᠎ᠤ ᠪᠦᠬᠦ ᠲᠠᠯ᠎ᠠ ᠵᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠲᠠ ᠦᠭᠡᠢ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

ᠱᠢᠶᠠᠪᠠᠽᠢ᠂ ᠫᠠᠺᠢᠰᠲ᠋ᠠᠨ ᠳᠤᠮᠳᠠᠳᠤ᠎ᠶ᠋ᠢᠨ ᠬᠠᠷᠢᠯᠴᠠᠭ᠎ᠠ ᠬᠠᠷᠢᠯᠴᠠᠨ ᠢᠲᠡᠭᠡᠯᠴᠡᠬᠦ᠌᠂ ᠡᠷᠬᠡ ᠮᠡᠳᠡᠯ ᠡᠷᠬᠡ ᠲᠡᠭ᠌ᠰᠢ ᠪᠠᠢᠬᠤ ᠵᠢᠴᠢ ᠬᠠᠮᠲᠤ᠎ᠪᠠᠷ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠬᠥᠭᠡᠭᠡᠴᠡᠯᠳᠦᠬᠦ᠌᠎ᠪᠡᠷ ᠰᠠᠭᠤᠷᠢ ᠪᠣᠯᠭᠠᠨ᠎ᠠ᠃ ᠫᠠᠺᠢᠰᠲ᠋ᠠᠨ᠎ᠤ ᠬᠢᠨ ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠢ ᠠᠬᠢᠭᠤᠯᠬᠤ᠎ᠪᠠᠷ ᠡᠷᠡᠰ ᠴᠢᠷᠮᠠᠢᠵᠤ᠂ ᠫᠠᠺᠢᠰᠲ᠋ᠠᠨ ᠳᠤᠮᠳᠠᠳᠤ᠎ᠶ᠋ᠢᠨ ᠬᠠᠮᠲᠤᠷᠠᠯᠴᠠᠭᠠᠨ᠎ᠤ ᠱᠢᠨ᠎ᠡ ᠬᠦᠷᠢᠶ᠎ᠡ᠎ᠶ᠋ᠢ ᠲᠠᠰᠤᠷᠠᠯᠲᠠ ᠦᠭᠡᠢ ᠨᠡᠭᠡᠭᠡᠨ᠎ᠡ ᠭᠡᠵᠦ ᠢᠯᠡᠳᠭᠡᠪᠡ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 21 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号