ᠵᠠᠩ ᠶᠠᠨ ᠺᠦᠨ ᠬᠤᠷᠠᠯ ᠢ᠋ ᠡᠷᠭᠢᠯᠡᠪᠠ
5 ᠰᠠᠷ᠎ᠠ᠎ᠶ᠋ᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠍᠎ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ 77 ᠳ᠋ᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠶᠤᠤ ᠶᠦᠩ ᠪᠥᠸᠧ᠂ ᠵᠠᠩ ᠯᠸᠢ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠶ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠥᠪᠯᠡᠯ ᠦᠨ 《ᠨᠢᠭᠡ ᠵᠥᠪᠯᠡᠯ ᠨᠢᠭᠡ ᠲᠦᠷᠦᠯ ᠲᠡᠮᠳᠡᠭ》 ᠪᠠ 《ᠳᠥᠷᠪᠡᠨ ᠬᠥᠮᠥᠷᠭᠡ》 ᠶ᠋ᠢᠨ ᠪᠠᠢᠭᠤᠯᠤᠯᠲᠠ᠎ᠶ᠋ᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠥᠪᠥᠷ ᠮᠣᠩᠭᠣᠯ᠎ᠤᠨ ᠤᠯᠤᠰ ᠲᠥᠷᠥ᠎ᠶ᠋ᠢᠨ ᠵᠥᠪᠯᠡᠯᠭᠡᠨ ᠦ ᠬᠡᠷᠡᠭ᠌ᠯᠡᠭᠡᠨ᠎ᠦ ᠬᠡᠯᠪᠡᠷᠢ᠎ᠶ᠋ᠢᠨ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ ᠦ ᠬᠡᠷᠡᠭ ᠶᠠᠪᠤᠳᠠᠯ᠎ᠢ ᠰᠤᠳᠤᠯᠤᠨ ᠲᠣᠬᠢᠷᠠᠭᠤᠯᠪᠠ᠃
ᠬᠤᠷᠠᠯ ᠡᠴᠡ᠂《ᠨᠢᠭᠡ ᠵᠥᠪᠯᠡᠯ ᠨᠢᠭᠡ ᠲᠦᠷᠦᠯ ᠲᠡᠮᠳᠡᠭ》 ᠢ᠋ ᠦᠷᠭᠦᠯᠵᠢᠯᠡᠨ ᠭᠦᠨᠵᠡᠭᠡᠢ ᠬᠥᠭ᠌ᠵᠢᠭᠦᠯᠵᠦ᠍᠂ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠣᠨᠴᠠᠯᠢᠭ᠎ᠲᠠᠶ᠂ ᠲᠤᠰᠠᠲᠠᠢ᠂ ᠦᠷ᠎ᠡ ᠪᠦᠲᠦᠮᠵᠢ ᠭᠠᠷᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠦᠷᠦᠯ ᠲᠡᠮᠳᠡᠭ᠎ᠢ ᠡᠭᠦᠳᠬᠦ᠌ ᠬᠡᠷᠡᠭ᠌ᠲᠡᠢ᠃ 《ᠲᠦᠷᠦ᠍᠎ᠶ᠋ᠢᠨ ᠪᠤᠳᠤᠯᠭ᠎ᠠ᠎ᠶ᠋ᠢᠨ ᠬᠥᠮᠥᠷᠭᠡ》᠂ 《ᠴᠢᠳᠠᠪᠤᠷᠢᠲᠠᠨ᠎ᠤ ᠬᠥᠮᠥᠷᠭᠡ》᠂ 《ᠳ᠋ᠠᠢᠲ᠋ᠠ ᠵᠢᠨ ᠬᠥᠮᠥᠷᠭᠡ》᠂ 《ᠬᠡᠷᠡᠭ᠎ᠦᠨ ᠵᠢᠱ᠌ᠢᠶ᠎ᠡ᠎ᠶ᠋ᠢᠨ ᠬᠥᠮᠥᠷᠭᠡ》 ᠶ᠋ᠢᠨ ᠪᠠᠢᠭᠤᠯᠤᠯᠲᠠ᠎ᠶ᠋ᠢ《ᠰᠠᠢᠲᠤᠷ ᠪᠠᠢᠭᠤᠯᠬᠤ》 ᠡᠴᠡ 《ᠰᠠᠢᠲᠤᠷ ᠬᠡᠷᠡᠭ᠌ᠯᠡᠬᠦ᠌》 ᠲᠡᠢᠰᠢ ᠬᠤᠪᠢᠷᠠᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ ᠦ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠪᠦᠬᠦᠯᠢ ᠴᠣᠭ᠍ᠴᠠ᠎ᠶ᠋ᠢᠨ ᠠᠵᠢᠯ᠎ᠳᠤ ᠦᠢᠯᠡᠴᠢᠯᠡᠬᠦᠯᠬᠦ ᠬᠡᠷᠡᠭ᠌ᠲᠡᠢ᠃ ᠤᠯᠤᠰ ᠲᠥᠷᠥ ᠶ᠋ᠢᠨ ᠵᠥᠪᠯᠡᠯᠭᠡᠨ᠎ᠦ ᠬᠡᠷᠡᠭ᠌ᠯᠡᠭᠡᠨ᠎ᠦ ᠬᠡᠯᠪᠡᠷᠢ᠎ᠶ᠋ᠢᠨ ᠣᠶᠤᠨ᠎ᠤ ᠬᠥᠮᠥᠷᠭᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ ᠪᠠ ᠦᠶ᠋ᠯᠡᠴᠢᠯᠡᠭᠡ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠣᠶᠤᠨ ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠰᠠᠢᠨ ᠲᠠᠪᠴᠠᠩ ᠪᠠᠢᠭᠤᠯᠤᠨ ᠥᠭ᠌ᠴᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠭᠦᠨᠵᠡᠭᠡᠶ ᠰᠤᠳᠤᠯᠵᠤ᠂ ᠨᠠᠩ ᠣᠯᠠᠨ ᠠᠷᠭ᠎ᠠ ᠪᠣᠳᠣᠯᠭ᠎ᠠ ᠪᠠ ᠰᠠᠨᠠᠭᠤᠯᠭ᠎ᠠ ᠳᠤᠷᠠᠳᠭᠤ ᠬᠡᠷᠡᠭ᠌ᠲᠡᠶ ᠭᠡᠵᠤ ᠲᠤᠷᠠᠳᠪᠠ᠃