ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠶ᠋ᠮᠠᠳᠤᠭᠠᠷ ᠬᠤᠷᠠᠯ ᠲᠡᠭᠦᠰᠪᠡ
2026-05-22 10:05:45
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠶ᠋ᠮᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠵᠦᠪᠯᠡᠵᠦ ᠲᠠᠭᠤᠰᠬᠠᠭᠠᠳ᠂ 5 ᠰᠠᠷ᠎ᠠ ᠎ᠶ᠋ᠢᠨ 21 ᠎ᠤ᠋ ᠦᠳᠡ᠎ᠶ᠋ᠢᠨ ᠬᠣᠢᠨ᠎ᠠ ᠲᠡᠭᠦᠰᠪᠡ᠃

ᠲᠤᠰ ᠤᠳᠠᠭ᠎ᠠ ᠎ᠶ᠋ᠢᠨ ᠬᠤᠷᠠᠯ ᠎ᠳᠤ 54 ᠪᠦᠷᠢᠯᠳᠦᠬᠦᠨ ᠣᠷᠣᠯᠴᠠᠵᠤ᠂ ᠬᠠᠤᠯᠢ ᠎ᠳᠤ ᠲᠣᠭ᠍ᠲᠠᠭᠠᠭ᠍ᠰᠠᠨ ᠬᠥᠮᠦᠨ ᠎ᠦ ᠲᠣᠭ᠎ᠠ ᠎ᠳᠤ ᠨᠡᠢᠴᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ ᠎ᠪᠠᠷ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠰᠤᠯᠠ ᠣᠷᠣᠯᠴᠠᠵᠠᠶ᠃

ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ᠌ ᠠᠵᠢᠯ᠎ᠤᠨ ᠲᠦᠷᠢᠮ (ᠵᠠᠰᠠᠪᠤᠷᠢ ᠣᠷᠣᠭᠤᠯᠤᠬᠰᠠᠨ)》 ᠢ᠋ ᠪᠠᠲᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠲᠦᠷᠢᠮ》 ᠳ᠋ᠤ ᠵᠠᠰᠠᠪᠤᠷᠢ ᠣᠷᠣᠭᠤᠯᠤᠬᠰᠠᠨ ᠲᠤᠬᠠᠶ ᠲᠣᠭ᠍ᠲᠠᠭᠠᠯ᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭ᠍ᠰᠢ᠎ᠶ᠋ᠢᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ》 ᠳ᠋ᠤ ᠵᠠᠰᠠᠪᠤᠷᠢ ᠣᠷᠣᠭᠤᠯᠤᠬᠰᠠᠨ ᠲᠤᠬᠠᠶ ᠲᠣᠭ᠍ᠲᠠᠭᠠᠯ ᠢ᠋ ᠪᠠᠳᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《〈ᠬᠥᠬᠡᠬᠣᠲᠠ᠎ᠶ᠋ᠢᠨ ᠡᠷᠲᠡᠨ᠎ᠦ ᠮᠣᠳᠣ ᠨᠡᠷᠡᠳᠦ ᠮᠣᠳᠣ᠎ᠶ᠋ᠢᠨ ᠬᠠᠮᠠᠭᠠᠯᠠᠯᠳᠠ ᠵᠢᠨ ᠲᠦᠷᠢᠮ〉᠂  〈ᠬᠥᠬᠡᠬᠣᠲᠠ᠎ᠶ᠋ᠢᠨ ᠨᠤᠭᠤ ᠭᠠᠵᠠᠷ᠎ᠤ᠋ᠨ ᠬᠠᠮᠠᠭᠠᠯᠠᠯᠳᠠ ᠵᠢᠨ ᠲᠦᠷᠢᠮ〉 ᠳ᠋ᠤ ᠵᠠᠰᠠᠪᠤᠷᠢ ᠣᠷᠣᠭᠤᠯᠤᠬᠰᠠᠨ ᠲᠤᠬᠠᠢ ᠬᠥᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ》 ᠎ᠢ᠋ ᠵᠥᠪᠱᠢᠶᠡᠷᠡᠬᠦ᠌ ᠲᠤᠬᠠᠢ ᠱᠢᠢᠳᠪᠦᠷᠢ᠂ 《〈ᠬᠥᠬᠡᠬᠣᠲᠠ᠎ᠶ᠋ᠢᠨ ᠠᠭᠤᠯᠠ᠎ᠶ᠋ᠢ ᠪᠢᠲᠡᠭᠦᠮᠵᠢᠯᠡᠨ ᠣᠢᠵᠢᠭᠤᠯᠬᠤ ᠬᠠᠮᠢᠶᠠᠷᠤᠯᠲᠠ᠎ᠶ᠋ᠢᠨ ᠠᠷᠭ᠎ᠠ 〉 ᠶ᠋ᠢ ᠬᠦᠴᠦᠨ ᠥᠬᠡᠶ ᠪᠣᠯᠭᠠᠬᠤ ᠲᠤᠬᠠᠶ ᠬᠥᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ》 ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《〈ᠤᠯᠠᠭᠠᠨᠴᠠᠪ ᠬᠣᠲᠠ᠎ᠶ᠋ᠢᠨ ᠲᠠᠷᠢᠶᠠᠯᠠᠩ᠎ᠳᠤ ᠬᠡᠷᠡᠭ᠌ᠯᠡᠬᠦ᠌ ᠰᠦᠯᠢᠶᠣᠣ ᠪᠦᠷᠬᠦᠪᠴᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ〉ᠳ᠋ᠤ ᠵᠠᠰᠠᠪᠤᠷᠢ ᠣᠷᠣᠭᠤᠯᠤᠬᠰᠠᠨ ᠲᠤᠬᠠᠶ ᠤᠯᠠᠭᠠᠨᠴᠠᠪ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ 》 ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠪᠤᠭᠤᠲᠤ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠦᠷᠢᠮ》  ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠪᠤᠭᠤᠲᠤ ᠬᠤᠲᠠ᠎ᠶ᠋ᠢᠨ ᠬᠤᠲᠠ᠎ᠶ᠋ᠢᠨ ᠱᠢᠨᠡᠴᠢᠯᠠᠯᠳᠡ ᠵᠢᠨ ᠳᠦᠷᠢᠮ》 ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ᠂ 《ᠤᠯᠠᠭᠠᠨᠬᠠᠳᠠ ᠬᠣᠲᠠ᠎ᠶ᠋ᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠳᠦᠷᠢᠮ》 ᠢ᠋ ᠵᠥᠪᠱᠢᠶᠡᠷᠡᠬᠦ᠌ ᠲᠤᠬᠠᠢ ᠱᠢᠢᠳᠪᠦᠷᠢ᠂《ᠣᠷᠳᠣᠰ ᠬᠣᠲᠠ᠎ᠶ᠋ᠢᠨ ᠬᠥᠪᠴᠢ᠎ᠶ᠋ᠢᠨ ᠡᠯᠡᠰᠦ ᠮᠤᠤᠡᠤᠰᠤ ᠵᠢᠨ ᠡᠯᠡᠰᠦᠷᠭᠡᠭ ᠭᠠᠵᠠᠷ ᠢ᠋ ᠵᠠᠰᠠᠬᠤ ᠲᠦᠷᠢᠮ》 ᠢ᠋ ᠵᠥᠪᠱᠢᠶᠡᠷᠡᠬᠦ᠌ ᠲᠤᠬᠠᠶ ᠱᠢᠶ᠋ᠳᠪᠦᠷᠢ ᠶ᠋ᠢ ᠪᠠᠲᠤᠯᠠᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠰᠤᠮᠤ ᠱᠢᠶᠠᠩ ᠪᠠᠯᠭᠠᠰᠤ᠂ ᠬᠣᠱᠢᠭᠤ ᠱᠢᠶᠠᠨ (ᠬᠣᠲᠠ᠂ ᠲᠣᠭᠣᠷᠢᠭ᠂ ᠲᠣᠭᠣᠷᠢᠭ᠎ᠪᠠᠢᠭᠤᠯᠤᠬᠰᠠᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠴᠠᠭ᠎ᠤᠨ ᠲᠤᠬᠠᠶ ᠲᠣᠭ᠍ᠲᠠᠭᠠᠯ᠂ ᠬᠣᠱᠢᠭᠤ ᠱᠢᠶᠠᠨ (ᠬᠣᠲᠠ᠂ ᠲᠣᠭᠣᠷᠢᠭ) ᠤ᠋ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠎ᠦ ᠲᠣᠭ᠎ᠠ᠎ᠶ᠋ᠢᠨ ᠲᠤᠬᠠᠶ ᠲᠣᠭ᠍ᠲᠠᠭᠠᠯ᠂ ᠲᠣᠭᠣᠷᠢᠭ᠎ᠪᠠᠢᠭᠤᠯᠤᠬᠰᠠᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠎ᠦ ᠲᠣᠭ᠎ᠠ᠎ᠶ᠋ᠢᠨ ᠲᠤᠬᠠᠶ ᠲᠣᠭ᠍ᠲᠠᠭᠠᠯ᠎ᠢ ᠪᠠᠲᠤᠯᠠᠪᠠ᠃

ᠪᠦᠯᠬᠦᠮ᠎ᠡᠴᠡ ᠬᠢᠨᠠᠨ ᠵᠥᠪᠯᠡᠭᠦᠯᠬᠦ᠌᠎ᠪᠡᠷ ᠲᠤᠱᠢᠶᠠᠭ᠍ᠰᠠᠨ 1 ᠎ᠡᠴᠠ 16 ᠳ᠋ᠤᠭᠠᠷ ᠲᠣᠭᠠᠲᠤ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠲᠦᠷᠪᠡᠳᠦᠭᠡᠷ ᠬᠤᠭᠤᠴᠠᠭᠠᠨ ᠤ᠋ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢᠳ᠎ᠦᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢ ᠪᠠᠲᠤᠯᠠᠪᠠ᠃

ᠬᠤᠷᠠᠯ᠎ᠠᠴᠠ ᠠᠵᠢᠯᠲᠠᠨ ᠎ᠤ ᠶᠠᠪᠤᠳᠠᠯ᠎ᠤᠨ ᠲᠤᠱᠢᠶᠠᠯ᠎ᠳᠤ ᠲᠣᠮᠢᠯᠠᠵᠤ ᠲᠤᠱᠢᠶᠠᠯ᠎ᠠᠴᠠ᠎ᠨᠢ ᠪᠠᠭᠤᠯᠭᠠᠬᠤ ᠵᠦᠶ᠋ᠯᠡᠰ ᠎ᠢ ᠪᠠᠲᠤᠯᠠᠪᠠ᠃

ᠬᠤᠷᠠᠯ᠎ᠠᠴᠠ᠂ ᠬᠢᠨᠠᠨ ᠵᠥᠪᠯᠡᠵᠦ᠍ ᠪᠠᠲᠤᠯᠠᠭ᠍ᠰᠠᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ ᠪᠠ ᠬᠢᠨᠠᠨ ᠪᠠᠢᠴᠠᠭᠠᠵᠤ ᠵᠥᠪᠱᠢᠶᠡᠷᠡᠭ᠌ᠰᠡᠨ ᠲᠣᠭᠣᠷᠢᠭ ᠪᠠᠢᠭᠤᠯᠤᠭ᠍ᠰᠠᠨ ᠬᠤᠳᠠ᠎ᠶ᠋ᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠰᠤᠷᠤᠯᠴᠠᠨ ᠤᠬᠠᠭᠤᠯᠬᠤ ᠪᠠ ᠲᠤᠭᠤᠱᠢᠯᠠᠭᠤᠯᠤᠨ ᠬᠡᠷᠡᠭ᠌ᠵᠢᠭᠦᠯᠬᠦ᠌ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠬᠠᠤᠯᠢ ᠲᠣᠭ᠍ᠲᠠᠭᠠᠯ ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠪᠠ ᠪᠦᠲᠦᠮᠵᠢᠲᠡᠢ ᠬᠡᠷᠡᠭ᠌ᠵᠢᠭᠦᠯᠬᠦ᠌᠎ᠶ᠋ᠢ ᠪᠠᠲᠤᠯᠠᠬᠤ ᠬᠡᠷᠡᠭ᠌ᠲᠡᠢ᠃ ᠠᠩᠬ᠎ᠠ ᠤᠳᠠᠭ᠎ᠠ ᠬᠢᠨᠠᠨ ᠵᠦᠪᠯᠡᠭᠰᠡᠨ ᠬᠠᠤᠯᠢ ᠲᠣᠭ᠍ᠲᠠᠭᠠᠯ ᠳ᠋ᠤ ᠬᠣᠯᠪᠣᠭ᠍ᠳᠠᠯ ᠪᠦᠬᠦᠢ ᠲᠤᠰᠭᠠᠢ ᠵᠦᠪᠯᠡᠯ᠂ ᠠᠵᠢᠯ᠎ᠤᠨ ᠵᠦᠪᠯᠡᠯ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠪᠦᠷᠢᠯᠳᠦᠬᠦᠨ᠎ᠨᠡᠷ ᠎ᠦᠨ ᠰᠠᠨᠠᠯ ᠰᠠᠨᠠᠭᠤᠯᠭ᠎ᠠ ᠎ᠶ᠋ᠢ ᠭᠦᠢᠴᠡᠳ ᠱᠢᠩᠭᠡᠭᠡᠨ ᠠᠪᠴᠤ᠌᠂ ᠬᠠᠤᠯᠢ ᠲᠣᠭ᠍ᠲᠠᠭᠠᠯ ᠎ᠢ ᠰᠠᠢᠲᠤᠷ ᠵᠠᠰᠠᠵᠤ᠂ ᠰᠠᠢᠲᠤᠷ ᠲᠡᠭᠦᠯᠳᠡᠷᠵᠢᠭᠦᠯᠵᠦ᠍᠂ ᠬᠠᠤᠯᠢ ᠲᠣᠭ᠍ᠲᠠᠭᠠᠯᠲᠠ᠎ᠶ᠋ᠢᠨ ᠶᠠᠰᠦ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠤᠷᠠᠯ᠎ᠠᠴᠠ ᠬᠢᠨᠠᠨ ᠵᠥᠪᠯᠡᠭ᠌ᠰᠡᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠮᠡᠳᠡᠭᠦᠯᠦᠯᠲᠡ ᠪᠠ ᠡᠯ᠎ᠡ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠬᠣᠯᠪᠣᠭ᠍ᠳᠠᠯ ᠪᠦᠬᠦᠢ ᠲᠤᠰᠭᠠᠢ ᠵᠥᠪᠯᠡᠯ᠂ ᠠᠵᠢᠯ ᠤ᠋ᠨ ᠵᠦᠪᠯᠡᠯ᠎ᠡᠴᠡ ᠬᠢᠨᠠᠮᠠᠭᠠᠢ ᠰᠤᠳᠤᠯᠤᠨ ᠬᠠᠨᠳᠤᠯᠭᠠᠳᠤ ᠴᠢᠨᠠᠷᠳᠠᠢ ᠬᠢᠨᠠᠨ ᠵᠦᠪᠯᠡᠭᠰᠡᠨ ᠰᠠᠨᠠᠯ ᠳᠤᠷᠠᠳᠴᠤ᠌᠂ ᠵᠠᠰᠠᠭ᠎ᠤᠨ ᠣᠷᠳᠣᠨ᠎ᠳᠤ ᠱᠢᠯᠵᠢᠭᠦᠯᠦᠨ ᠥᠭ᠌ᠴᠦ ᠰᠤᠳᠤᠯᠤᠨ ᠱᠢᠢᠳᠪᠦᠷᠢᠯᠡᠭᠦᠯᠬᠦ᠌᠎ᠶ᠋ᠢᠨ ᠬᠠᠮᠲᠤ ᠮᠥᠷᠳᠡᠨ ᠱᠠᠯᠠᠪᠳᠠᠭᠤᠯᠤᠨ ᠱᠢᠢᠳᠪᠦᠷᠢᠯᠡᠭᠦ ᠵᠢ ᠴᠢᠩᠭᠠᠳᠭᠠᠵᠤ᠂ ᠤᠴᠢᠷ ᠪᠣᠯᠭᠠᠨ ᠎ᠳᠤ ᠬᠠᠷᠢᠭᠤᠯᠲᠠ᠎ᠲᠠᠶ ᠪᠠᠢᠬᠤ᠎ᠶ᠋ᠢ ᠪᠠᠲᠤᠯᠠᠬᠤ ᠬᠡᠷᠡᠭ᠌ᠲᠡᠢ  ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ ᠣᠳᠣᠬᠠᠨ ᠳ᠋ᠤ ᠶᠠᠭ  ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠴᠢ ᠪᠠᠢᠭᠤᠯᠭ᠎ᠠ᠎ᠨᠢ ᠥᠩᠭᠡᠷᠡᠭ᠌ᠰᠡᠨ᠎ᠦ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢᠨ ᠰᠠᠭᠤᠷᠢᠨ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠎ᠦᠨ 《ᠭᠤᠷᠪᠠᠨ ᠨᠠᠷᠢᠨ ᠬᠢᠨᠠᠮᠠᠭᠠᠶ ᠪᠠᠢᠬᠤ᠂ ᠯᠠᠪᠳᠠᠭᠤᠨ ᠪᠠᠲᠤᠲᠠᠶ ᠪᠠᠢᠬᠤ》 ᠲᠤᠬᠠᠢ ᠴᠢᠬᠤᠯᠠ ᠱᠠᠭᠠᠷᠳᠠᠯᠭ᠎ᠠ ᠪᠠ ᠰᠤᠷᠤᠯᠴᠠᠯᠭ᠎ᠠ ᠬᠥᠮᠦᠵᠢᠯ᠎ᠦᠨ ᠶᠡᠷᠦᠩᠬᠡᠶ ᠱᠠᠭᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠤᠷᠤᠯᠴᠠᠯᠭ᠎ᠠ ᠎ᠪᠠᠨ ᠭᠦᠨᠵᠡᠭᠡᠢᠷᠡᠭᠦᠯᠬᠦ᠂ ᠠᠰᠠᠭᠤᠳᠠᠯ ᠎ᠢ ᠪᠠᠢᠴᠠᠭᠠᠨ ᠳᠡᠯᠭᠡᠬᠦ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠳᠦᠷᠢᠮ ᠲᠣᠭ᠍ᠲᠠᠭᠠᠯ ᠲᠣᠭ᠍ᠲᠠᠭᠠᠬᠤ ᠲᠠᠯ᠎ᠠ᠎ᠪᠠᠷ ᠦᠷᠭᠦᠯᠵᠢᠯᠡᠨ ᠬᠦᠴᠦ᠍ᠯᠡᠵᠤ ᠪᠣᠳᠠᠲᠤ ᠦᠷ᠎ᠡ ᠪᠦᠲᠦᠮᠵᠢ ᠣᠯᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠨᠠᠷ ᠰᠠᠢᠲᠠᠶ ᠰᠠᠢᠲᠤᠷ ᠬᠢᠬᠦ᠌ ᠳᠡᠭᠡᠷ᠎ᠡ ᠦᠨᠡᠨ ᠬᠦ᠌ ᠢᠯᠡᠷᠡᠭᠦᠯᠵᠦ᠂ ᠪᠣᠳᠠᠲᠤ ᠠᠵᠢᠯᠯᠠᠭ᠎ᠠ ᠎ᠪᠠᠷ ᠎ᠢᠶᠠᠨ 《ᠬᠣᠶᠠᠷ ᠎ᠢ ᠲᠣᠭ᠍ᠲᠠᠭᠠᠬᠰᠠᠨ》 ᠢ᠋ ᠦᠨᠡᠨᠴᠢ ᠱᠢᠳᠤᠷᠭᠤ᠎ᠪᠠᠷ ᠬᠦᠷᠢᠶᠡᠯᠡᠵᠦ᠂ 《ᠬᠣᠶᠠᠷ ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠶ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠂ ᠪᠥᠬᠥ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠡᠰᠡᠭ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ ᠪᠠ ᠠᠢᠮᠠᠭ᠎ᠤᠨ ᠠᠵᠢᠯ᠎ᠤᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ᠂ ᠡᠯ᠎ᠡ ᠲᠣᠭᠣᠷᠢᠭ᠎ᠪᠠᠢᠭᠤᠯᠤᠬᠰᠠᠨ ᠬᠣᠲᠠ᠂ ᠮᠠᠨᠵᠤᠤᠷ ᠬᠣᠲᠠ᠂ ᠡᠷᠢᠶᠡᠨ ᠬᠣᠲᠠ ᠵᠢᠴᠢ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃

ᠬᠤᠷᠠᠯ᠎ᠤᠨ ᠳᠠᠷᠠᠭ᠎ᠠ᠂ 《ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ ᠎ᠪᠠᠷ ᠬᠡᠷᠡᠭ᠌ᠵᠢᠭᠦᠯᠬᠦ᠌》 ᠭᠤᠤᠯ ᠰᠡᠳᠦᠪ ᠎ᠦᠨ ᠲᠣᠭᠣᠷᠢᠨ᠎ᠳᠤ ᠪᠠᠢᠩᠭᠤ᠎ᠶ᠋ᠢᠨ ᠬᠣᠷᠢᠶ᠎ᠠ ᠵᠢᠨ ᠲᠤᠰᠭᠠᠶ ᠰᠡᠳᠦᠪᠲᠦ ᠲᠠᠢᠯᠤᠮᠵᠢ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠲᠡᠨ᠎ᠦ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠬᠢᠴᠢᠶᠡᠯ ᠣᠷᠣᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号