ᠰᠦᠮᠡᠲᠦ ᠲᠤᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠮᠠᠯᠴᠢᠳ᠎ᠢ ᠬᠠᠪᠰᠤᠷᠤᠨ ᠬᠤᠨᠢ ᠵᠢ ᠨᠢ ᠬᠠᠢᠴᠢᠯᠠᠵᠦ ᠦᠭᠭᠦᠯ᠎ᠡ
2026-05-22 10:15:29
ᠵᠣᠬᠢᠶᠠᠭ᠍ᠴᠢ᠄
​ᠶᠦᠨ ᠤᠳᠬᠠᠨᠪᠠᠭᠠᠲᠤᠷ
ᠣᠩᠱᠢᠭ᠍ᠰᠠᠨ ᠣᠳᠠᠭ᠎ᠠ᠄
★★★☆☆

2026 ᠤᠨ᠎ᠤ 5 ᠰᠠᠷ᠎ᠠ ᠵᠢᠨ 9᠎ᠤ ᠡᠳᠦᠷ᠂ ᠤᠷᠳᠤᠰ ᠬᠤᠲᠠ ᠵᠢᠨ ᠤᠲᠤᠭ ᠬᠤᠰᠢᠭᠤᠨ᠎ᠤ ᠰᠦᠮᠡᠲᠦ ᠰᠤᠮᠤᠨ ᠳ᠋ᠡᠬᠢ ᠲᠤᠮᠢᠯᠠᠭᠰᠠᠨ ᠰᠠᠯᠪᠤᠷᠢ ᠵᠢᠨ ᠨᠡᠢᠭᠡᠮ ᠲᠤᠭᠤᠷᠢᠭ᠎ᠤᠨ ᠠᠷᠠᠳ᠎ᠤᠨ ᠴᠠᠭᠳᠠᠭ᠎ᠠ ᠨᠠᠷ ᠬᠠᠷᠢᠶ᠎ᠠ  ᠤᠷᠤᠨ ᠳ᠋ᠠᠭᠠᠨ ᠡᠷᠦᠬᠡ ᠳ᠋ᠤ ᠤᠷᠤᠵᠤ ᠪᠠᠢᠳᠠᠯ᠎ᠢ ᠤᠢᠯᠠᠭᠠᠵᠤ ᠪᠠᠢᠬᠤ ᠵᠠᠮ ᠵᠠᠭᠤᠷ᠎ᠠ᠂ ᠨᠢᠭᠡᠨ ᠳᠡᠯᠡ ᠭᠠᠷᠤᠭᠰᠠᠨ ᠨᠠᠰᠤᠲᠠᠨ ᠲᠡᠢ ᠶᠠᠷᠢᠯᠴᠠᠭᠠᠳ ᠲᠡᠷᠡ ᠨᠤᠭᠤᠰᠤ ᠮᠡᠳᠡᠷᠡᠯ᠎ᠤᠨ ᠡᠪᠡᠳᠴᠢᠨ ᠲᠡᠢ ᠬᠦᠦ ᠲᠡᠢ ᠪᠠᠨ ᠬᠤᠶᠠᠭᠤᠯᠠ ᠠᠮᠢᠳᠤᠷᠠᠵᠤ᠂ ᠨᠥᠭᠥᠭᠡ ᠬᠤᠶᠠᠷ ᠬᠦᠦ ᠨᠢ ᠭᠠᠳᠠᠷ ᠤᠷᠤᠨ᠎ᠳᠤ ᠪᠠᠢᠳᠠᠭ᠎ᠢ ᠤᠯᠵᠤ ᠮᠡᠳᠡᠪᠡ᠃ ᠬᠦᠦ ᠨᠢ ᠡᠮᠨᠡᠯᠭᠡ ᠳ᠋ᠤ ᠰᠠᠭᠤᠵᠤ ᠪᠠᠢᠬᠤ ᠪᠤᠯᠬᠤᠷ᠂ ᠨᠠᠰᠤᠲᠠᠨ ᠭᠠᠭᠴᠠᠭᠠᠷ ᠵᠢᠠᠨ ᠠᠮᠢᠳᠤᠷᠠᠯ ᠵᠢᠠᠨ ᠵᠦᠳᠡᠭᠦᠦ ᠠᠷᠭᠠᠴᠠᠭᠠᠵᠤ᠂ ᠤᠳᠤ ᠶᠠᠭ ᠬᠤᠨᠢᠨ ᠨᠤᠤᠰᠤ ᠠᠪᠬᠤ ᠴᠠᠭ ᠪᠤᠯᠵᠤ ᠪᠠᠢᠬᠤ ᠪᠤᠯᠬᠤᠷ ᠨᠠᠰᠤᠲᠠᠨ ᠭᠠᠷ ᠨᠤᠬᠤᠯᠠᠨ ᠭᠠᠴᠢᠭᠳᠠᠵᠤ᠂ ᠬᠤᠨᠢ ᠬᠠᠢᠴᠢᠯᠠᠬᠤ ᠨᠢ ᠤᠷᠤᠢᠲᠠᠪᠠᠯ ᠬᠤᠨᠢᠳ ᠨᠢ ᠬᠠᠯᠠᠭᠤᠴᠠᠭᠠᠳ ᠭᠡᠮ ᠬᠤᠷᠤᠬᠠᠢᠳᠤᠯ ᠲᠡᠢ ᠪᠤᠯᠴᠢᠬᠠᠬᠤ ᠪᠤᠢ ᠭᠡᠵᠦ ᠰᠠᠨᠠᠭᠠᠰᠢᠷᠠᠨ᠂ ᠭᠡᠷ᠎ᠤᠨ ᠠᠮᠢᠳᠤᠷᠠᠯ ᠤᠨᠳᠤᠷᠤᠯᠭ᠎ᠠ ᠳ᠋ᠤᠨᠢ ᠬᠤᠬᠢᠷᠠᠯ ᠪᠤᠯᠬᠤ ᠡᠴᠡ ᠵᠤᠪᠠᠨᠢᠵᠤ ᠪᠠᠢᠪᠠ᠃


微信图片_20260522101136_266_127.jpg


ᠨᠠᠰᠤᠲᠠᠨ᠎ᠤ ᠳᠠᠷᠤᠭᠠᠰᠤ ᠵᠢ ᠬᠦᠩᠭᠡᠯᠡᠬᠦ ᠵᠢᠨ ᠳᠤᠰᠠᠲᠠ᠂ ᠨᠡᠢᠭᠡᠮ ᠲᠤᠭᠤᠷᠢᠭ᠎ᠤᠨ ᠠᠷᠠᠳ᠎ᠤᠨ ᠴᠠᠭᠳᠠᠭ᠎ᠠ ᠨᠠᠷ ᠱᠦᠷᠭᠡᠢ ᠭᠠᠴᠠᠭᠠᠨ᠎ᠤ ᠰᠠᠢᠨ ᠳᠤᠷ᠎ᠠ ᠵᠢᠨ ᠦᠢᠯᠡᠴᠢᠯᠡᠭᠡᠨ᠎ᠤ ᠠᠩᠬᠢ ᠲᠡᠢ ᠬᠠᠷᠢᠯᠴᠠᠵᠤ᠂ ᠬᠤᠶᠠᠷ ᠲᠠᠯ᠎ᠠ ᠪᠠᠷ ᠵᠢᠠᠨ ᠦᠨ᠎ᠡ ᠲᠦᠯᠦᠪᠦᠷᠢ ᠦᠭᠡᠢ ᠪᠠᠷ ᠨᠠᠰᠤᠲᠠᠨ᠎ᠤ ᠬᠤᠨᠢ ᠵᠢ ᠬᠠᠢᠴᠢᠯᠠᠵᠤ ᠦᠭᠭᠦ ᠪᠠᠷ ᠳᠤᠭᠲᠠᠪᠠ᠃

5 ᠰᠠᠷ᠎ᠠ ᠵᠢᠨ 20᠎ᠤ ᠦᠷᠯᠦᠭᠡ᠂ ᠰᠦᠮᠡᠲᠦ ᠲᠤᠮᠢᠯᠠᠭᠰᠠᠨ ᠰᠠᠯᠪᠤᠷᠢ ᠵᠢᠨ ᠴᠠᠭᠳᠠᠭ᠎ᠠ ᠨᠠᠷ ᠪᠠ ᠰᠠᠢᠨ ᠳᠤᠷ᠎ᠡ ᠵᠢᠨ ᠦᠢᠯᠡᠴᠢᠯᠡᠭᠡᠨ᠎ᠤ ᠠᠩᠬᠢ ᠵᠢᠨ ᠬᠢᠨ ᠵᠢᠠᠷ ᠪᠦᠷᠢᠯᠳᠦᠭᠰᠡᠨ 10 ᠬᠦᠮᠦᠨ᠎ᠤ ᠪᠦᠯᠬᠦᠮ ᠪᠤᠯᠵᠤᠭ᠎ᠠ ᠶᠤᠰᠤᠭᠠᠷ ᠨᠠᠰᠤᠲᠠᠨ᠎ᠤ ᠭᠡᠷ ᠲᠸ᠋ ᠬᠦᠷᠴᠦ ᠢᠷᠡᠪᠡ᠃ ᠲᠡᠳᠡ ᠲᠡᠷᠭᠡᠨ ᠡᠴᠡ ᠪᠠᠭᠤᠮᠠᠭᠴᠠ ᠰᠢᠭᠤᠳ ᠮᠠᠯ᠎ᠤᠨ ᠬᠤᠷᠤᠭ᠎ᠠ ᠵᠦᠭ ᠤᠴᠢᠵᠤ᠂ ᠲᠡᠷᠡ ᠳᠤᠤᠷ᠎ᠠ ᠨᠢ ᠬᠤᠨᠢ ᠬᠠᠢᠴᠢᠯᠠᠬᠤ ᠠᠵᠢᠯ ᠳ᠋ᠠᠭᠠᠨ ᠤᠷᠤᠯ᠎ᠠ᠃ 《ᠬᠠᠷᠳ᠋ ᠬᠠᠷᠳ᠋》 ᠭᠡᠰᠡᠨ ᠨᠤᠤᠰᠤ ᠬᠠᠢᠴᠢᠯᠠᠬᠤ ᠳᠠᠭᠤ ᠨᠢ 《ᠮᠠᠢ ᠮᠠᠢ》 ᠭᠡᠬᠦ ᠬᠤᠨᠢ ᠮᠠᠯ᠎ᠤᠨ ᠮᠠᠢᠯᠠᠬᠤ ᠳᠠᠭᠤᠨ ᠲᠠᠢ ᠡᠭᠡᠰᠢᠭ ᠨᠡᠢᠯᠡᠵᠦ᠂ ᠬᠠᠢᠷ᠎ᠠ ᠬᠠᠯᠠᠮᠵᠢ ᠪᠢᠯᠬᠠᠭᠰᠠᠨ ᠢᠷᠠᠭᠤ ᠳᠠᠭᠤᠤ ᠪᠤᠯᠵᠤ ᠬᠠᠩᠭᠢᠨᠠᠨ᠎ᠠ᠃


微信图片_20260522101141_267_127.jpg


5 ᠴᠠᠭ ᠰᠢᠬᠠᠮ᠎ᠤᠨ ᠴᠢᠷᠮᠠᠢᠯᠭ᠎ᠠ ᠪᠠᠷ ᠳᠠᠮᠵᠢᠨ᠂ ᠲᠡᠳᠡ 60 ᠭᠠᠷᠤᠢ ᠬᠤᠨᠢ ᠬᠠᠢᠴᠢᠯᠠᠵᠤ᠂ 《ᠨᠤᠤᠰᠤᠨ ᠬᠦᠷᠮ᠎ᠠ》 ᠪᠠᠨ ᠲᠠᠢᠯᠵᠤ ᠠᠮᠠᠷᠠᠭᠰᠠᠨ ᠬᠤᠨᠢᠳ ᠲᠠᠪᠠᠲᠠᠢ ᠭᠡᠭᠴᠢ ᠭᠦᠶᠦᠵᠦ ᠤᠳᠤᠨ᠎ᠠ᠃ ᠨᠠᠰᠤᠲᠠᠨ ᠴᠠᠭᠳᠠᠭ᠎ᠠ ᠨᠠᠷ ᠪᠠ ᠰᠠᠢᠨ ᠳᠤᠷᠠᠴᠤᠳ᠎ᠤᠨ ᠬᠠᠯᠠᠭᠤᠨ ᠭᠠᠷ ᠵᠢᠠᠨ ᠰᠤᠩᠭᠠᠵᠤ ᠬᠠᠷᠠᠮ ᠦᠭᠡᠢ ᠳᠤᠰᠠᠯᠠᠮᠵᠢ ᠦᠵᠡᠭᠦᠯᠦᠭᠰᠡᠨ᠎ᠳᠤ ᠶᠠᠭᠤ ᠬᠡᠯᠡᠬᠦ ᠪᠠᠨ ᠤᠯᠵᠤ ᠶᠠᠳᠠᠨ ᠭᠦᠨ ᠲᠠᠯᠠᠷᠬᠠᠵᠤ ᠯᠠ ᠪᠠᠢᠯ᠎ᠠ᠃ ᠡᠨᠡ ᠤᠳᠠᠭ᠎ᠠ ᠵᠢᠨ ᠬᠠᠪᠰᠤᠷᠤᠯᠭ᠎ᠠ ᠨᠢ ᠨᠠᠰᠤᠲᠠᠨ᠎ᠳᠤ ᠪᠤᠲᠠᠲᠤ ᠬᠦᠴᠢᠷᠳᠡᠯ᠎ᠢ ᠨᠢ ᠰᠢᠢᠳᠪᠦᠷᠢᠯᠡᠵᠦ ᠦᠭᠭᠦᠭᠰᠡᠨ ᠵᠢᠠᠷ ᠪᠠᠷᠠᠬᠤ ᠦᠭᠡᠢ᠂ ᠨᠡᠩ ᠴᠸ᠋ ᠴᠠᠭᠳᠠᠭ᠎ᠠ ᠠᠷᠠᠳ ᠭᠠᠷ ᠬᠤᠯᠪᠤᠯᠴᠠᠨ᠂ ᠬᠠᠢᠷ᠎ᠠ ᠬᠠᠯᠠᠮᠵᠢ ᠭᠦᠷᠭᠡᠨ ᠬᠠᠷᠢᠯᠴᠠᠨ ᠬᠠᠪᠰᠤᠷᠤᠯᠴᠠᠭᠰᠠᠨ ᠨᠡᠢᠭᠡᠮ᠎ᠤᠨ ᠬᠠᠯᠠᠭᠤᠨ ᠳᠤᠯᠠᠭᠠᠨ᠎ᠢ ᠳᠠᠮᠵᠢᠭᠤᠯᠵᠠᠢ᠃


微信图片_20260522101145_268_127.jpg


ᠰᠦᠮᠡᠲᠦ ᠲᠤᠮᠢᠯᠠᠭᠰᠠᠨ ᠰᠠᠯᠪᠤᠷᠢ ᠵᠢᠨ ᠨᠠᠮ᠎ᠤᠨ ᠡᠭᠦᠷ ᠡᠴᠡ ᠨᠠᠮ᠎ᠤᠨ ᠭᠡᠰᠢᠭᠦᠨ ᠴᠠᠭᠳᠠᠭ᠎ᠠ ᠨᠠᠷ᠎ᠢ ᠵᠤᠬᠢᠶᠠᠨ ᠪᠠᠢᠭᠤᠯᠵᠤ ᠤᠷᠢᠳᠴᠢᠯᠠᠨ ᠤᠬᠠᠭᠠᠯᠠᠨ ᠰᠡᠳᠦᠵᠦ᠂ ᠨᠠᠷᠢᠯᠢᠭ ᠪᠡᠯᠡᠳᠭᠡᠨ᠂ ᠲᠤᠰ ᠤᠳᠠᠭᠠᠨ᠎ᠤ ᠬᠠᠢᠷ᠎ᠠ ᠬᠠᠯᠠᠮᠵᠢ ᠬᠦᠷᠭᠡᠬᠦ ᠠᠵᠢᠯᠯᠠᠭ᠎ᠠ ᠳ᠋ᠤ ᠰᠠᠢᠨ ᠰᠠᠭᠤᠷᠢ ᠲᠠᠯᠪᠢᠭᠰᠠᠨ ᠵᠢᠠᠷ᠂ ᠡᠨᠡᠬᠦ ᠠᠵᠢᠯᠯᠠᠭ᠎ᠠ ᠨᠢ ᠲᠤᠰ ᠨᠠᠮ᠎ᠤᠨ ᠡᠭᠦᠷ᠎ᠤᠨ ᠠᠵᠢᠯ᠎ᠤᠨ ᠪᠠᠢᠷᠢᠨ ᠳ᠋ᠤ ᠪᠠᠢᠭ᠎ᠠ ᠨᠠᠮ᠎ᠤᠨ ᠭᠡᠰᠢᠭᠦᠳ᠎ᠤᠨ ᠨᠡᠢᠭᠡᠮ ᠲᠤᠭᠤᠷᠢᠭ ᠲᠸ᠋ ᠭᠦᠨᠵᠡᠭᠡᠢᠷᠡᠬᠦ ᠬᠠᠷᠢᠭᠤᠴᠠᠯᠭ᠎ᠠ ᠪᠡ ᠡᠭᠦᠷᠭᠡᠯᠡᠯ᠎ᠢ ᠭᠦᠢᠴᠡᠳ ᠢᠯᠡᠷᠡᠭᠦᠯᠵᠦ᠂ ᠵᠦᠳᠡᠷᠡᠭᠰᠡᠨ ᠴᠠᠭ ᠲᠸ᠋ ᠠᠷᠠᠳ᠎ᠤᠨ ᠬᠦᠴᠢᠷᠳᠡᠯ᠎ᠢ ᠰᠢᠢᠳᠪᠦᠷᠢᠯᠡᠨ ᠬᠠᠢᠷ᠎ᠠ ᠬᠠᠯᠠᠮᠵᠢ ᠬᠦᠷᠭᠡᠭᠰᠡᠨ ᠨᠢ ᠨᠡᠢᠭᠡᠮ ᠲᠤᠭᠤᠷᠢᠭ᠎ᠤᠨ ᠤᠯᠠᠨ ᠲᠦᠮᠡᠨ᠎ᠤ ᠳᠤᠮᠳᠠ ᠰᠡᠳᠬᠢᠯ ᠭᠦᠳᠡᠯᠭᠡᠮ᠎ᠡ ᠦᠯᠢᠭᠡᠷ ᠶᠠᠪᠤᠳᠠᠯ ᠪᠤᠯᠤᠨ ᠳᠠᠮᠵᠢᠭᠳᠠᠵᠤ᠂ ᠡᠶ᠎ᠡ ᠵᠤᠬᠢᠴᠠᠯ ᠲᠡᠢ ᠨᠡᠢᠭᠡᠮ ᠲᠤᠭᠤᠷᠢᠭ᠎ᠢ ᠴᠤᠭᠴᠠᠯᠠᠬᠤ᠎ᠳᠤ ᠦᠪᠠᠷ᠎ᠤᠨ ᠭᠡᠰᠡᠨ ᠬᠦᠴᠦᠨ ᠵᠢᠳᠬᠦᠯ ᠵᠢᠠᠨ ᠨᠡᠮᠡᠷᠢᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号