ᠤᠢᠷ᠎ᠠ᠎ᠳᠤ᠂ ᠥᠪᠥᠷ ᠮᠣᠩᠭᠣᠯ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ ᠬᠢᠭᠡᠳ ᠣᠷᠳᠣᠰ ᠬᠤᠲᠠᠵᠢᠨᠬᠡᠷᠡᠭ᠌ᠯᠡᠭᠡᠨᠦ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠵᠡᠮᠳᠡᠭ ᠬᠡᠦᠬᠡᠳ᠎ᠦᠨ ᠡᠷᠡᠬᠦᠯᠵᠢᠯ᠎ᠤᠨ ᠬᠣᠯᠪᠣᠭᠠᠲᠤ ᠴᠣᠭ᠍ᠴᠠ᠎ᠶ᠋ᠢ ᠪᠠᠢᠭᠤᠯᠬᠤ ᠬᠠᠮᠲᠤᠷᠠᠯᠴᠠᠭ᠎ᠠ ᠲᠣᠭ᠍ᠲᠠᠪᠠ᠃ ᠡᠨᠡ ᠪᠣᠯ ᠥᠪᠥᠷ ᠮᠣᠩᠭᠣᠯ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ᠎ᠦᠨ ᠴᠢᠩ ᠱᠦᠶ ᠾᠧ ᠱᠢᠶᠠᠨ᠎ᠤ ᠴᠧᠩ ᠭᠤᠸᠠᠨ ᠪᠠᠯᠭᠠᠰᠤᠨ᠎ᠤ ᠤᠯᠠᠭᠠᠨ ᠲᠤᠭ ᠪᠠᠭ᠎ᠠ ᠰᠤᠷᠭᠠᠭᠤᠯᠢ ᠲᠠᠶ ᠬᠠᠮᠲᠤᠷᠠᠨ ᠡᠷᠡᠭᠦᠯᠵᠢᠯ᠎ᠦᠨ ᠬᠣᠯᠪᠣᠭᠠᠲᠤ ᠴᠣᠭ᠍ᠴᠠ᠎ᠵᠢ ᠪᠠᠢᠭᠤᠯᠤᠭ᠍ᠰᠠᠨ᠎ᠤ ᠳᠠᠷᠠᠭᠠᠬᠢ ᠣᠷᠣᠨ ᠪᠦᠰᠡ᠎ᠶ᠋ᠢᠨ ᠡᠷᠡᠭᠦᠯᠵᠢᠯ᠎ᠦᠨ ᠬᠠᠮᠵᠢᠯᠴᠠᠭ᠎ᠠ᠎ᠶ᠋ᠢ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠬᠠᠮᠲᠤᠷᠠᠯᠴᠠᠭ᠎ᠠ ᠲᠤᠬᠲᠠᠬᠤ ᠶᠤᠰᠤᠯᠠᠯ᠎ᠤᠨ ᠳᠠᠷᠠᠭ᠎ᠠ᠂ ᠥᠪᠥᠷ ᠮᠣᠩᠭᠣᠯ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ᠎ᠦᠨ ᠪᠠᠢᠴᠠᠭᠠᠨ ᠰᠤᠳᠤᠯᠬᠤ ᠳᠤᠭᠤᠢᠯᠠᠩ ᠣᠷᠳᠣᠰ ᠬᠤᠲᠠᠵᠢᠨᠬᠡᠷᠡᠭ᠌ᠯᠡᠭᠡᠨᠦ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶᠠᠨ᠎ᠤ ᠬᠡᠦᠬᠡᠳ᠎ᠦᠨ ᠡᠷᠡᠭᠦᠯᠵᠢᠯ᠎ᠦᠨ ᠰᠠᠯᠠᠭ᠎ᠠ᠎ᠶ᠋ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠰᠠᠯᠠᠭ᠎ᠠ ᠲᠠᠰᠤᠭ᠎ᠤᠨ ᠪᠥᠲᠥᠭᠡᠨ ᠪᠠᠢᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ᠂ ᠲᠥᠬᠥᠭᠡᠷᠦᠮᠵᠢ ᠵᠢᠴᠢ ᠲᠥᠷᠥᠯ ᠵᠦᠶ᠋ᠯ᠎ᠢ ᠥᠷᠨᠢᠭᠦᠯᠦᠭ᠌ᠰᠡᠨ ᠪᠠᠢᠳᠠᠯ᠎ᠢ ᠨᠠᠷᠢᠨ ᠣᠢᠯᠠᠭᠠᠪᠠ᠃ ᠲᠣᠭᠣᠷᠢᠨ ᠦᠵᠡᠵᠦ᠍ ᠳᠠᠭᠤᠰᠤᠭ᠍ᠰᠠᠨ᠎ᠤ ᠳᠠᠷᠠᠭ᠎ᠠ᠂ ᠬᠣᠶᠠᠷ ᠲᠠᠯ᠎ᠠ᠎ᠪᠠᠷ᠎ᠢᠶᠠᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠦᠶ᠋ᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠂ ᠰᠠᠯᠠᠭ᠎ᠠ ᠲᠠᠰᠤᠭ᠎ᠤᠨ ᠬᠠᠮᠵᠢᠯᠴᠠᠨ ᠬᠥᠭ᠌ᠵᠢᠬᠦ᠌᠂ ᠴᠢᠳᠠᠪᠤᠷᠢᠲᠠᠨ᠎ᠢ ᠬᠥᠮᠦᠵᠢᠭᠦᠯᠦᠨ ᠰᠣᠯᠢᠯᠴᠠᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠶᠠᠷᠢᠯᠴᠠᠨ ᠰᠣᠯᠢᠯᠴᠠᠬᠤ᠎ᠶ᠋ᠢᠨ ᠬᠠᠮᠲᠤ᠂ ᠬᠣᠢᠱᠢᠳᠠ᠎ᠶ᠋ᠢᠨ ᠡᠷᠡᠭᠦᠯᠵᠢᠯ᠎ᠦᠨ ᠲᠤᠬᠠᠢᠯᠠᠭ᠍ᠰᠠᠨ ᠠᠵᠢᠯ᠎ᠢ ᠵᠣᠯᠭᠠᠭᠤᠯᠬᠤ᠂ ᠮᠡᠷᠭᠡᠵᠢᠯ ᠲᠤᠷᠱᠢᠯᠭ᠎ᠠ᠎ᠶ᠋ᠢ ᠬᠠᠮᠲᠤ᠎ᠪᠠᠷ ᠡᠳ᠋ᠯᠡᠬᠦ᠌ ᠵᠡᠷᠭᠡ ᠲᠠᠯ᠎ᠠ᠎ᠪᠠᠷ ᠬᠠᠮᠲᠤ᠎ᠶ᠋ᠢᠨ ᠲᠠᠨᠢᠯᠲᠠ᠎ᠲᠠᠶ ᠪᠣᠯᠪᠠ᠃ ᠢᠷᠡᠭᠡᠳᠦᠢ᠎ᠳᠦ ᠂ ᠬᠣᠶᠠᠷ ᠲᠠᠯ᠎ᠠ᠎ᠪᠠᠷ᠎ᠢᠶᠠᠨ ᠲᠤᠰ ᠤᠳᠠᠭ᠎ᠠ᠎ᠶ᠋ᠢᠨ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭᠠᠵᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠭᠦᠨᠵᠡᠭᠡᠢᠷᠡᠭᠦᠯᠵᠦ᠍᠂ ᠡᠷᠡᠭᠦᠯᠵᠢᠯ᠎ᠦᠨ ᠮᠡᠷᠭᠡᠵᠢᠯ᠎ᠦᠨ ᠰᠤᠳᠤᠯᠤᠨ ᠶᠠᠷᠢᠯᠴᠠᠭ᠎ᠠ᠂ ᠴᠢᠳᠠᠪᠤᠷᠢᠲᠠᠨ᠎ᠤ ᠰᠣᠯᠢᠯᠴᠠᠭ᠎ᠠ ᠪᠣᠯᠤᠨ ᠲᠤᠬᠠᠢᠯᠠᠭ᠍ᠰᠠᠨ ᠠᠵᠢᠯ᠎ᠤᠨ ᠬᠠᠮᠵᠢᠯᠴᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠵᠡᠮᠳᠡᠭ ᠬᠡᠦᠬᠡᠳ᠎ᠦᠨ ᠡᠷᠡᠭᠦᠯᠵᠢᠯ᠎ᠦᠨ ᠦᠢᠯᠡᠴᠢᠯᠡᠭᠡᠨ᠎ᠦ ᠶᠠᠰᠤ ᠴᠢᠨᠠᠷ ᠪᠠ ᠵᠢᠷᠤᠮᠵᠢᠭ᠍ᠰᠠᠨ ᠲᠦᠪᠱᠢᠨ᠎ᠢ ᠬᠠᠮᠲᠤ᠎ᠪᠠᠷ ᠳᠡᠭᠡᠭ᠌ᠰᠢᠯᠡᠭᠦᠯᠵᠦ᠍᠂ ᠣᠨᠴᠠᠭᠠᠢ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠪᠠᠲᠤᠯᠠᠬᠤ ᠪᠣᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号