ᠦᠪᠦᠷ ᠮᠤᠩᠭᠤᠯ ᠳ᠋ᠤ ᠲᠡᠯᠡᠭᠡᠢ ᠵᠢᠨ 《5G ᠶ᠋ᠢᠨ ᠵᠢᠱ᠌ᠢᠶ᠎ᠠ ᠦᠵᠡᠭᠦᠯᠬᠦ ᠲᠤᠷᠰᠢᠯᠳᠠ ᠶ᠋ᠢᠨ ᠴᠡᠭ ᠤ᠋ᠨ ᠮᠠᠯᠵᠢᠯ ᠤ᠋ᠨ ᠲᠠᠯᠠᠪᠠᠢ》 ᠲᠠᠢ ᠪᠤᠯᠪᠠ
2026-05-22 12:13:46
ᠵᠣᠬᠢᠶᠠᠭ᠍ᠴᠢ᠄
​ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠦᠬᠡᠬᠤᠳᠠ ᠵᠢᠨ ᠶᠢᠤ᠌ ᠷᠠᠨ ᠮᠠᠯᠵᠢᠯ ᠤ᠋ᠨ ᠦᠢᠯᠡᠰ ᠤ᠋ᠨ ᠴᠡᠯᠡᠭᠡᠷ ᠲᠠᠯ᠎ᠠ ᠠᠮᠢ ᠠᠬᠤᠢ ᠶ᠋ᠢᠨ ᠤᠶᠤᠨᠴᠢ ᠮᠠᠯᠵᠢᠯ ᠤ᠋ᠨ ᠲᠠᠯᠠᠪᠠᠶ ᠲᠦᠷᠦᠭᠦᠬᠡᠨ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ ᠠᠮᠤ ᠪᠤᠳᠠᠭ᠎ᠠ ᠵᠢᠴᠢ ᠬᠦᠳᠡᠭᠡ ᠠᠵᠤ ᠠᠬᠤᠢ ᠵᠢᠨ ᠵᠣᠬᠢᠶᠠᠨ ᠪᠠᠢᠭᠤᠯᠤᠯᠲᠠ ᠶ᠋ᠢᠨ ᠪᠥᠬᠥ ᠳᠡᠯᠡᠬᠡᠢ ᠶ᠋ᠢᠨ ᠠᠩᠬᠠᠳᠠᠭ᠍ᠴᠢ ᠰᠠᠭᠠᠯᠢ ᠶ᠋ᠢᠨ ᠦᠨᠢᠶᠡᠨ ᠤ᠋ ᠬᠦᠷᠢᠶᠡᠨ ᠤ᠋ 《 5G ᠶ᠋ᠢᠨ ᠵᠢᠱ᠌ᠢᠶ᠎ᠡ ᠦᠵᠡᠭᠦᠯᠬᠦ ᠲᠤᠷᠰᠢᠯᠲᠠ ᠶ᠋ᠢᠨ ᠴᠡᠭ ᠤ᠋ᠨ ᠮᠠᠯᠵᠢᠯ ᠤ᠋ᠨ ᠲᠠᠯᠠᠪᠠᠶ 》 ᠵᠢᠨ ᠭᠡᠷᠡᠴᠢᠯᠡᠯ ᠢ᠋ ᠤᠯᠪᠠ᠃

ᠡᠨᠳᠡ ᠬᠡᠯᠡᠵᠦ ᠪᠠᠢᠭ᠎ᠠ 《5G》 ᠨᠢ ᠭᠠᠷ ᠤᠳᠠᠰᠤᠨ ᠤ᠋ ᠴᠢᠮᠡᠭᠡ ᠨᠡᠪᠲᠡᠷᠡᠯᠭᠡ ᠵᠢᠨ ᠮᠡᠷᠭᠡᠵᠢᠯ ᠤ᠋ᠨ 5G ᠪᠢᠰᠢ᠂ ᠬᠠᠷᠢᠨ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠡᠴᠡ ᠮᠡᠳᠡᠷᠡᠨ ᠵᠦᠪᠰᠢᠶᠡᠷᠡᠭᠰᠡᠨ ᠰᠠᠭᠠᠯᠢ ᠶ᠋ᠢᠨ ᠦᠨᠢᠶᠡᠨ ᠳ᠋ᠤ ᠤᠯᠭᠤᠬᠤ ᠹᠢᠽᠢᠣᠯᠣᠭᠢ᠂ ᠣᠷᠴᠢᠨ ᠲᠣᠭᠣᠷᠢᠨ᠂ ᠡᠷᠡᠭᠦᠯ ᠮᠡᠨᠳᠦ᠂ ᠦᠶ᠋ᠯᠡ ᠠᠵᠢᠯᠯᠠᠭ᠎ᠠ ᠪᠠ ᠰᠡᠳᠬᠢᠴᠡ ᠵᠡᠷᠭᠡ 5 ᠲᠠᠯ᠎ᠠ ᠶ᠋ᠢᠨ ᠠᠰᠠᠷᠠᠮᠵᠢ ᠶ᠋ᠢ ᠵᠢᠭᠠᠵᠤ ᠪᠠᠢᠨ᠎ᠠ᠃ ᠶᠢᠤ᠌ ᠷᠠᠨ ᠮᠠᠯᠵᠢᠯ ᠤ᠋ᠨ ᠦᠢᠯᠡᠰ ᠤ᠋ᠨ ᠴᠡᠯᠡᠭᠡᠷ ᠲᠠᠯ᠎ᠠ ᠠᠮᠢ ᠠᠬᠤᠢ ᠶ᠋ᠢᠨ ᠤᠶᠤᠨᠴᠢ ᠮᠠᠯᠵᠢᠯ ᠤ᠋ᠨ ᠲᠠᠯᠠᠪᠠᠶ ᠨᠢ ᠰᠠᠭᠠᠯᠢ ᠶ᠋ᠢᠨ ᠦᠨᠢᠶᠡᠨ ᠤ᠋ ᠡᠨᠡ ᠬᠦ᠌ 5 ᠲᠠᠯ᠎ᠠ ᠶ᠋ᠢᠨ ᠠᠰᠠᠷᠠᠮᠵᠢ ᠳ᠋ᠤ ᠠᠩᠬᠠᠷᠤᠯ ᠶ᠋ᠢᠡᠨ ᠲᠦᠪᠯᠡᠷᠡᠭᠦᠯᠵᠤ᠂ 《ᠰᠠᠭᠠᠯᠢ ᠶ᠋ᠢᠨ ᠦᠨᠢᠶᠡᠨ ᠤ᠋ ᠪᠦᠬᠦ ᠠᠮᠢ ᠨᠠᠰᠤᠨ ᠤ᠋ ᠦᠶᠡᠯᠡᠯ ᠤ᠋ᠨ ᠬᠤᠭᠤᠴᠠᠭᠠᠨ ᠤ᠋ ᠡᠷᠡᠭᠦᠯ ᠮᠡᠨᠳᠦ ᠶ᠋ᠢᠨ ᠠᠰᠠᠷᠠᠮᠵᠢᠳᠤ ᠠᠷᠠᠴᠢᠯᠠᠭ᠎ᠠ》 ᠶ᠋ᠢᠨ 7 ᠲᠠᠯ᠎ᠠ ᠶ᠋ᠢᠨ ᠮᠡᠷᠭᠡᠵᠢᠯ ᠢ᠋ ᠰᠢᠨ᠎ᠠ ᠵᠢ ᠡᠭᠦᠳᠦᠨ ᠬᠡᠷᠡᠭᠵᠢᠭᠦᠯᠪᠡ᠃ ᠲᠤᠰ ᠮᠠᠯᠵᠢᠯ ᠤ᠋ᠨ ᠲᠠᠯᠠᠪᠠᠢ ᠨᠢ ᠰᠠᠭᠠᠯᠢ ᠶ᠋ᠢᠨ ᠦᠨᠢᠶ᠎ᠠ ᠳ᠋ᠤ ᠴᠢᠯᠦᠭᠡᠳᠠᠢ ᠬᠦᠳᠡᠯᠭᠡᠭᠡᠨ ᠬᠢᠬᠦ ᠤᠷᠴᠢᠨ ᠨᠦᠬᠦᠴᠡᠯ ᠢ᠋ ᠬᠦᠢᠴᠡᠳ ᠬᠠᠩᠭᠠᠬᠤ ᠵᠢᠨ ᠬᠠᠮᠳᠤ ᠤᠶᠤᠨᠴᠢ ᠬᠦᠵᠦᠭᠦᠪᠴᠢ ᠪᠡᠷ ᠡᠷᠡᠭᠦᠯ ᠮᠡᠨᠳᠦ ᠶ᠋ᠢᠨ ᠪᠠᠢᠳᠠᠯ ᠢ᠋ ᠨᠢ ᠴᠠᠭ ᠲᠤᠬᠠᠢ ᠳ᠋ᠤᠨᠢ ᠬᠢᠨᠠᠨ ᠡᠵᠡᠮᠳᠡᠵᠦ᠂ ᠬᠦᠮᠦᠨ ᠤ᠋ ᠤᠤᠭᠤᠬᠤ ᠤᠰᠤᠨ ᠤ᠋ ᠪᠠᠷᠢᠮᠵᠢᠶ᠎ᠠ ᠳ᠋ᠤ ᠨᠡᠢᠴᠡᠭᠰᠡᠨ ᠤᠰᠤ ᠦᠭᠬᠦ ᠂ ᠬᠦᠮᠦᠨ ᠦᠭᠡᠢ ᠤᠶᠤᠨᠳᠤ ᠲᠦᠬᠦᠭᠡᠷᠦᠮᠵᠢ ᠪᠡᠷ ᠰᠦ ᠶ᠋ᠢ ᠨᠢ ᠰᠠᠭᠠᠬᠤ᠂ ᠲᠡᠵᠢᠭᠡᠯ ᠪᠣᠷᠳᠣᠭ᠎ᠠ ᠵᠢ ᠨᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠮᠢᠺᠷᠤᠪ ᠡᠰᠡᠷᠭᠦᠴᠡᠭᠴᠢ ᠵᠢ ᠪᠠᠭᠠᠰᠬᠠᠬᠤ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭᠠᠰᠬᠠᠬᠤ ᠵᠡᠷᠬᠡ ᠤᠯᠠᠨ ᠤᠯᠤᠰ ᠤ᠋ᠨ ᠬᠤᠯᠪᠤᠭᠠᠳᠤ ᠪᠠᠢᠭᠤᠯᠭ᠎ᠠ ᠶ᠋ᠢᠨ ᠰᠠᠨᠠᠭᠠᠴᠢᠯᠠᠭ᠎ᠠ ᠶ᠋ᠢ ᠳᠠᠭᠠᠵᠤ᠂ ᠮᠠᠯ ᠠᠵᠤ ᠠᠬᠤᠢ ᠶ᠋ᠢ ᠨᠡᠩ ᠪᠤᠬᠢᠷᠳᠦᠯ ᠦᠭᠡᠢ᠂ ᠨᠡᠩ ᠦᠷᠭᠦᠯᠵᠢᠯᠡᠬᠦ ᠬᠦᠭᠵᠢᠯᠳᠡ ᠲᠠᠢ ᠪᠤᠯᠭᠠᠨ᠂ ᠪᠥᠬᠥ ᠪᠥᠮᠪᠥᠷᠴᠡᠭ ᠎ᠦᠨ ᠮᠠᠯ ᠠᠵᠤ ᠠᠬᠤᠢ ᠶ᠋ᠢᠨ ᠬᠦᠭᠵᠢᠯᠳᠡ ᠶ᠋ᠢᠨ ᠨᠡᠢᠳᠡᠯᠢᠭ ᠬᠦᠨᠳᠡᠭᠦᠷ ᠰᠡᠳᠦᠪ ᠢ᠋ ᠰᠢᠢᠳᠪᠤᠷᠢᠯᠡᠵᠠᠢ᠃

ᠲᠣᠰ ᠮᠠᠯᠵᠢᠯ ᠤ᠋ᠨ ᠲᠠᠯᠠᠪᠠᠶ ᠪᠣᠯ ᠮᠠᠨ ᠤ᠋ ᠤᠷᠤᠨ ᠤ᠋ ᠰᠦ ᠶ᠋ᠢᠨ ᠦᠢᠯᠡᠰ ᠦ᠋ᠨ ᠴᠢᠨᠠᠷ ᠰᠠᠢᠲᠠᠢ ᠬᠥᠭᠵᠢᠯᠲᠡ ᠶ᠋ᠢᠨ ᠨᠡᠢᠲᠡᠯᠢᠭ ᠵᠢᠱ᠌ᠢᠶ᠎ᠡ ᠪᠠᠢᠵᠤ᠂ 《ᠪᠦᠬᠦ ᠠᠵᠢᠯᠲᠠᠨ᠂ ᠪᠦᠬᠦ ᠶᠠᠪᠤᠴᠠ᠂ ᠪᠦᠬᠦ ᠲᠠᠯ᠎ᠠ》 ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠰᠢᠰᠲᠧᠮ ᠳ᠋ᠤ ᠲᠦᠰᠢᠭᠯᠡᠨ ᠰᠦ ᠶ᠋ᠢᠨ ᠶᠠᠰᠤ ᠴᠢᠨᠠᠷ ᠢ᠋ ᠪᠠᠲᠤᠯᠠᠵᠤ᠂ ᠡᠷᠬᠢᠨ ᠲᠣᠭᠣᠷᠢᠨ ᠤ᠋ 30 ᠲᠦᠮᠡᠨ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠤᠨ᠂ ᠤᠯᠠᠮᠵᠢᠯᠠᠯᠲᠤ ᠮᠠᠯ ᠠᠵᠤ ᠠᠬᠤᠢ ᠶ᠋ᠢᠨ ᠬᠡᠯᠪᠡᠷᠢ ᠶ᠋ᠢ ᠬᠤᠪᠢᠷᠠᠭᠤᠯᠬᠤ ᠳ᠋ᠤ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ 《ᠥᠪᠥᠷ ᠮᠣᠩᠭᠣᠯ ᠤ᠋ᠨ ᠲᠥᠰᠥᠯ》 ᠢ᠋ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号