《ᠲᠦᠮᠡᠳ ᠤ᠋ᠨ ᠤᠰᠤᠨ ᠬᠤᠨᠤᠭ》 ᠵᠢᠡᠷ ᠳᠡᠵᠢᠭᠡᠯ ᠡᠪᠡᠰᠦᠨ ᠤ᠋ ᠦᠢᠯᠡᠰ ᠤ᠋ᠨ ᠬᠦᠭᠵᠢᠯᠳᠡ ᠳ᠋ᠤ ᠰᠢᠨ᠎ᠠ ᠬᠦᠳᠡᠯᠭᠡᠬᠦ ᠡᠨᠧᠷᠬᠢ ᠨᠡᠮᠡᠷᠢᠯᠡᠨ᠎ᠠ
2026-05-22 12:15:24
ᠵᠣᠬᠢᠶᠠᠭ᠍ᠴᠢ᠄
​ ᠸ · ᠭᠡᠷᠡᠯᠳᠦ
ᠣᠩᠱᠢᠭ᠍ᠰᠠᠨ ᠣᠳᠠᠭ᠎ᠠ᠄
★★★☆☆

ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠬᠢᠨ ᠤᠢᠷ᠎ᠠ ᠳ᠋ᠤ ᠭᠦᠶᠠᠩ ᠰᠢᠶᠠᠨ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠪᠠ ᠵᠢᠤᠶᠤᠸᠠᠨ ᠲᠤᠭᠤᠷᠢᠭ ᠲᠤ᠌ ᠬᠦᠷᠴᠤ᠂ 《ᠲᠦᠮᠡᠳ ᠤ᠋ᠨ ᠤᠰᠤᠨ ᠬᠤᠨᠤᠭ 》 ᠤ᠋ᠨ ᠦᠷ᠎ᠠ ᠶ᠋ᠢ ᠲᠦᠭᠡᠭᠡᠬᠦ ᠶ᠋ᠢᠨ ᠬᠠᠮᠳᠤ ᠲᠠᠷᠢᠵᠤ ᠤᠷᠭᠤᠭᠤᠯᠬᠤ ᠮᠡᠷᠭᠡᠵᠢᠯ ᠤ᠋ᠨ ᠵᠢᠯᠤᠭᠤᠳᠤᠯᠭ᠎ᠠ ᠬᠠᠩᠭᠠᠨ᠂ ᠤᠷᠤᠨ ᠨᠤᠳᠤᠭ ᠤ᠋ᠨ ᠳᠡᠵᠢᠭᠡᠯ ᠡᠪᠡᠰᠦᠨ ᠤ᠋ ᠦᠢᠯᠡᠰ ᠤ᠋ᠨ ᠬᠦᠭᠵᠢᠯᠳᠡ ᠳ᠋ᠤ ᠰᠢᠨ᠎ᠠ ᠬᠦᠳᠡᠯᠭᠡᠬᠦ ᠡᠨᠧᠷᠬᠢ ᠨᠡᠮᠡᠷᠢᠯᠡᠪᠠ᠃

《ᠲᠦᠮᠡᠳ ᠤ᠋ᠨ ᠤᠰᠤᠨ ᠬᠤᠨᠤᠭ》 ᠪᠤᠯ ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠰᠤᠳᠤᠯᠤᠨ ᠪᠤᠢᠵᠢᠭᠤᠯᠤᠭᠰᠠᠨ ᠮᠤ᠌ ᠨᠢᠭᠡᠴᠢ ᠶ᠋ᠢᠨ ᠤᠨᠠᠯᠳᠠ ᠨᠢ 7000 ᠺᠢᠯᠦᠭᠷᠠᠮ ᠢ᠋ ᠳᠠᠪᠠᠬᠤ ᠬᠤᠵᠢᠷᠯᠢᠭ ᠭᠠᠵᠠᠷ ᠲᠤ᠌ ᠳᠠᠭᠠᠭᠠᠴᠠᠳᠠᠢ ᠲᠡᠵᠢᠭᠡᠯ ᠡᠪᠡᠰᠦᠨ ᠤ᠋ ᠰᠢᠨ᠎ᠠ ᠡᠭᠦᠯᠳᠡᠷ ᠪᠤᠯᠤᠨ᠎ᠠ ᠃ ᠲᠤᠰ ᠤᠳᠠᠭ᠎ᠠ ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠬᠢᠨ ᠲᠡᠵᠢᠭᠡᠯ ᠡᠪᠡᠰᠦᠨ ᠤ᠋ ᠠᠵᠤ ᠦᠢᠯᠡᠰ ᠤ᠋ᠨ ᠪᠤᠳᠠᠳᠤ ᠪᠠᠢᠳᠠᠯ ᠲᠠᠢ ᠪᠠᠨ ᠤᠶᠠᠯᠳᠤᠭᠤᠯᠤᠨ 《ᠲᠦᠮᠡᠳ ᠤ᠋ᠨ ᠤᠰᠤᠨ ᠬᠤᠨᠤᠭ》 ᠤ᠋ᠨ ᠦᠨᠳᠦᠷ ᠤᠨᠠᠯᠳᠠ ᠲᠠᠢ᠂ ᠬᠤᠵᠢᠷᠯᠢᠭ ᠭᠠᠵᠠᠷ ᠲᠤ᠌ ᠳᠠᠭᠠᠭᠠᠴᠠᠳᠠᠢ ᠳᠠᠪᠠᠭᠤᠯᠢᠭ ᠲᠤ᠌ ᠠᠩᠬᠠᠷᠤᠯ ᠶ᠋ᠢᠡᠨ ᠲᠦᠪᠯᠡᠷᠡᠭᠦᠯᠵᠦ᠂ ᠬᠠᠷᠠᠯᠳᠠᠳᠤ ᠴᠢᠨᠠᠷᠳᠠᠢ ᠪᠡᠷ ᠬᠡᠪᠴᠢᠶᠡᠵᠢᠭᠰᠡᠨ ᠲᠠᠷᠢᠵᠤ ᠲᠡᠵᠢᠭᠡᠬᠦ ᠲᠤᠮᠤ ᠡᠷᠦᠬᠡ᠂ ᠭᠡᠷ ᠪᠦᠯᠢ ᠶ᠋ᠢᠨ ᠮᠠᠯᠵᠢᠯ ᠤ᠋ᠨ ᠲᠠᠯᠠᠪᠠᠢ᠂ ᠮᠠᠯᠴᠢᠨ ᠲᠠᠷᠢᠶᠠᠴᠢᠨ ᠤ᠋ ᠲᠤᠰᠬᠠᠢ ᠬᠤᠷᠰᠢᠶ᠎ᠠ ᠵᠡᠷᠭᠡ ᠰᠢᠨ᠎ᠠ ᠬᠡᠯᠪᠡᠷᠢ ᠶ᠋ᠢᠨ ᠡᠵᠡᠩᠨᠡᠯᠳᠡ ᠶ᠋ᠢᠨ ᠭᠤᠤᠯ ᠴᠤᠭᠴᠠ ᠲᠠᠢ ᠵᠤᠯᠭᠠᠯᠴᠠᠨ᠂ 《ᠲᠦᠮᠡᠳ ᠤ᠋ᠨ ᠤᠰᠤᠨ ᠬᠤᠨᠤᠭ》 ᠤ᠋ᠨ ᠦᠷ᠎ᠠ ᠶ᠋ᠢ ᠨᠠᠷᠢᠨ ᠤᠨᠤᠴᠠᠳᠠᠢ ᠳᠤᠬᠢᠷᠠᠭᠤᠯᠤᠨ ᠬᠦᠷᠭᠡᠵᠦ᠂ ᠰᠢᠯᠢᠳᠡᠭ ᠡᠭᠦᠯᠳᠡᠷ ᠢ᠋ ᠳᠡᠯᠭᠡᠷᠡᠭᠦᠯᠬᠦ 《ᠡᠴᠤᠰ ᠤ᠋ᠨ ᠨᠢᠭᠡ ᠺᠢᠯᠤᠮᠧᠲᠷ 》 ᠢ᠋ ᠨᠡᠪᠳᠡᠷᠡᠭᠦᠯᠤᠨ᠂ ᠡᠪᠡᠰᠤᠨ ᠦᠷ᠎ᠠ ᠶ᠋ᠢᠨ ᠬᠡᠷᠡᠭᠴᠡᠭᠡ ᠶ᠋ᠢ ᠨᠢ ᠪᠠᠳᠤᠯᠠᠵᠠᠢ᠃

《ᠰᠠᠢᠨ ᠦᠷ᠎ᠠ ᠳ᠋ᠤ ᠰᠠᠢᠨ ᠮᠡᠷᠭᠡᠵᠢᠯ ᠢ᠋ ᠬᠠᠪᠰᠤᠷᠭᠠᠵᠤ᠂ ᠬᠤᠷᠢᠶᠠᠯᠳᠠ ᠶ᠋ᠢ ᠳᠤᠭᠳᠠᠪᠤᠷᠢᠵᠢᠭᠤᠯᠤᠨ ᠦᠷ᠎ᠠ ᠠᠰᠢᠭ ᠢ᠋ ᠨᠢ ᠳᠡᠭᠡᠭᠰᠢᠯᠡᠭᠦᠯᠬᠦ》 ᠶ᠋ᠢᠨ ᠲᠦᠯᠦᠭᠡ᠂ ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠬᠢᠨ ᠪᠠᠰᠠ ᠲᠡᠵᠢᠭᠡᠯ ᠡᠪᠡᠰᠦ ᠲᠠᠷᠢᠵᠤ ᠤᠷᠭᠤᠭᠤᠯᠬᠤ ᠮᠡᠷᠭᠡᠵᠢᠯ ᠤ᠋ᠨ ᠲᠤᠰᠬᠠᠢ ᠰᠡᠳᠦᠪᠳᠤ ᠶᠠᠷᠢᠯᠴᠠᠬᠤ ᠬᠤᠷᠠᠯ ᠡᠷᠬᠢᠯᠡᠵᠦ᠂ ᠲᠠᠷᠢᠶᠠᠯᠠᠭ᠎ᠠ ᠶ᠋ᠢᠨ ᠵᠠᠩᠬᠢᠯᠠᠭ᠎ᠠ ᠶ᠋ᠢᠨ ᠴᠠᠭ ᠦᠶ᠎ᠠ᠂ ᠨᠠᠷᠢᠨ ᠤᠨᠤᠴᠠᠳᠠᠢ ᠲᠠᠷᠢᠬᠤ ᠠᠷᠭ᠎ᠠ᠂ ᠲᠠᠷᠢᠶᠠᠯᠠᠭ᠎ᠠ ᠶ᠋ᠢᠨ ᠬᠤᠭᠤᠴᠠᠭ᠎ᠠ ᠶ᠋ᠢᠨ ᠬᠠᠮᠢᠶᠠᠷᠤᠯᠳᠠ ᠡᠵᠡᠮᠰᠢᠯ᠂ ᠤᠰᠤ ᠪᠤᠷᠳᠤᠭᠤᠷ ᠤ᠋ᠨ ᠬᠠᠮᠢᠶᠠᠷᠤᠯᠳᠠ᠂ ᠡᠪᠡᠳᠴᠢᠨ ᠬᠤᠷᠤᠬᠠᠢ ᠶ᠋ᠢᠨ ᠬᠦᠨᠦᠭᠡᠯ ᠤ᠋ᠨ ᠪᠤᠬᠢᠷᠳᠦᠯ ᠦᠭᠡᠢ ᠰᠡᠷᠭᠡᠢᠯᠡᠯᠳᠡ ᠵᠡᠷᠭᠡ ᠭᠤᠤᠯᠯᠠᠬᠤ ᠮᠡᠷᠭᠡᠵᠢᠯ ᠢ᠋ ᠨᠢᠭᠡᠳ ᠨᠢᠭᠡ ᠪᠡᠷ ᠨᠠᠷᠢᠯᠢᠭ ᠲᠠᠢᠯᠪᠤᠷᠢᠯᠠᠨ᠂ ᠲᠠᠷᠢᠵᠤ ᠲᠡᠵᠢᠭᠡᠬᠦ ᠡᠷᠦᠬᠡ ᠶ᠋ᠢᠨ 《ᠲᠠᠷᠢᠵᠤ ᠴᠢᠳᠠᠬᠤ ᠦᠭᠡᠢ᠂ ᠰᠠᠢᠨ ᠲᠠᠷᠢᠵᠤ ᠴᠢᠳᠠᠬᠤ ᠦᠭᠡᠢ᠂ ᠲᠠᠷᠢᠭᠠᠳ ᠪᠡᠨ᠎ᠠ ᠦᠭᠡᠢ》 ᠵᠡᠷᠭᠡ ᠡᠭᠡᠳᠡᠷᠡᠭᠡ ᠶ᠋ᠢ ᠲᠠᠢᠯᠵᠤ᠂ ᠲᠠᠷᠢᠵᠤ ᠲᠡᠵᠢᠭᠡᠬᠦ ᠡᠷᠦᠬᠡ ᠶ᠋ᠢᠨ 《ᠲᠦᠮᠡᠳ ᠤ᠋ᠨ ᠤᠰᠤᠨ ᠬᠤᠨᠤᠭ》 ᠢ᠋ ᠴᠠᠭ ᠲᠤᠬᠠᠢ ᠳ᠋ᠤᠨᠢ᠂ ᠦᠨᠳᠦᠷ ᠪᠠᠷᠢᠮᠵᠢᠶ᠎ᠠ ᠪᠡᠷ᠂ ᠦᠨᠳᠦᠷ ᠪᠦᠲᠦᠮᠵᠢᠳᠠᠢ ᠪᠡᠷ ᠲᠠᠷᠢᠵᠤ ᠤᠷᠭᠤᠭᠤᠯᠬᠤ ᠳ᠋ᠤ ᠡᠷᠴᠢᠮᠳᠠᠢ ᠪᠠᠳᠤᠯᠠᠭ᠎ᠠ ᠬᠠᠩᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号