5 ᠰᠠᠷ᠎ᠠ ᠶ᠋ᠢᠨ ᠳᠤᠮᠳᠠᠴᠢ ᠪᠡᠷ ᠰᠤᠷᠪᠤᠯᠵᠢᠯᠠᠭᠴᠢ ᠲᠦᠡᠭᠯᠢᠶᠤᠤ ᠬᠤᠲᠠ ᠶ᠋ᠢᠨ ᠬᠦᠷᠢᠶ᠎ᠡ ᠬᠤᠰᠢᠭᠤᠨ ᠤ᠋ ᠵᠢᠢ ᠰᠢᠡᠭ ᠤᠳᠤ ᠦᠶ᠎ᠡ ᠶ᠋ᠢᠨ ᠲᠠᠷᠢᠶᠠᠯᠠᠡᠭ ᠤ᠋ᠨ ᠠᠵᠤ ᠦᠢᠯᠡᠰ ᠤ᠋ᠨ ᠬᠦᠷᠢᠶᠡᠯᠡᠡᠭ ᠳ᠋ᠦ ᠬᠦᠷᠬᠦ ᠳ᠋ᠦ᠂ ᠳᠤᠯᠠᠭᠠᠨ ᠬᠦᠯᠡᠮᠵᠢ ᠶ᠋ᠢᠨ ᠲᠤᠳᠤᠷ᠎ᠠ ᠤᠳᠠ ᠶ᠋ᠢᠨ ᠮᠦᠴᠢᠷ ᠮᠡᠳᠦ ᠦᠨᠳᠦᠷ ᠲᠤ᠌ ᠡᠯᠭᠦᠭᠳᠡᠭᠰᠡᠨ ᠲᠦᠪᠡᠳ ᠬᠠᠰᠢ ᠶ᠋ᠢᠨ ᠵᠡᠯ᠎ᠡ ᠳᠡᠭᠡᠷ᠎ᠡ ᠰᠢᠷ᠎ᠡ ᠤᠯᠠᠭᠠᠨ ᠦᠩᠭᠡ ᠶ᠋ᠢᠨ ᠵᠢᠵᠢᠭ ᠲᠦᠪᠡᠳ ᠬᠠᠰᠢ ᠨᠢ ᠦᠵᠦᠮ ᠮᠡᠳᠦ ᠪᠠᠭᠰᠢᠷᠠᠲᠠᠯ᠎ᠠ ᠰᠠᠭᠤᠵᠤ ᠬᠦᠮᠦᠰ ᠤ᠋ᠨ ᠪᠠᠬᠠᠷᠬᠠᠯ ᠢ᠋ ᠳᠠᠳᠠᠨ᠎ᠠ᠃


ᠲᠤᠰ ᠠᠵᠤ ᠦᠢᠯᠡᠰ ᠤ᠋ᠨ ᠬᠦᠷᠢᠶᠡᠯᠡᠡᠭ ᠨᠢ ᠬᠤᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠶ᠋ᠢᠨ ᠮᠦᠡᠭᠭᠦᠨ ᠲᠤᠬᠤᠢ ᠦᠵᠡᠮᠵᠢ ᠶ᠋ᠢᠨ ᠤᠷᠤᠨ ᠳ᠋ᠦ ᠪᠠᠢᠷᠢᠯᠠᠨ᠂ ᠪᠡᠭᠡᠵᠢᠡᠭ ᠦᠪᠦᠷ ᠮᠤᠡᠭᠭᠤᠯ ᠤ᠋ᠨ ᠬᠠᠮᠵᠢᠯᠴᠠᠭᠠᠨ ᠤ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠦᠷᠦᠯ ᠵᠦᠢᠯ ᠪᠠᠢᠵᠤ᠂ ᠨᠡᠢᠳᠡ 77.7 ᠮᠦ᠍ ᠭᠠᠵᠠᠷ ᠡᠵᠡᠯᠡᠨ᠂ ᠳᠡᠯᠭᠡᠨ ᠦᠵᠡᠭᠦᠯᠵᠦ ᠵᠢᠱ᠌ᠢᠶ᠎ᠡ ᠦᠵᠡᠭᠦᠯᠬᠦ᠂ ᠡᠯᠡᠰᠦᠷᠬᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠵᠡᠷᠭᠡ ᠤᠯᠠᠨ ᠴᠢᠳᠠᠮᠵᠢ ᠵᠢ ᠨᠢᠭᠡ ᠴᠤᠭᠴᠠᠵᠢᠭᠤᠯᠵᠠᠢ᠃ ᠡᠨᠳᠡ ᠬᠦᠷᠦᠰᠦ ᠦᠭᠡᠢ ᠪᠡᠷ ᠪᠤᠢᠵᠢᠭᠤᠯᠬᠤ᠂ ᠤᠰᠤ ᠪᠤᠷᠳᠤᠭᠤᠷ ᠢ᠋ ᠠᠦ᠋ᠲ᠋ᠤ᠋ ᠪᠡᠷ ᠬᠠᠮᠢᠶᠠᠷᠬᠤ᠂ ᠤᠷᠴᠢᠨ ᠨᠦᠬᠦᠴᠡᠯ ᠢ᠋ ᠤᠶᠤᠨᠴᠢ ᠪᠡᠷ ᠲᠤᠬᠢᠷᠠᠭᠤᠯᠬᠤ ᠮᠡᠷᠭᠡᠵᠢᠯ ᠢ᠋ ᠬᠡᠷᠡᠭᠯᠡᠵᠦ᠂ ᠤᠯᠠᠮᠵᠢᠯᠠᠯᠲᠤ ᠲᠠᠷᠢᠮᠠᠯ ᠤ᠋ᠨ ᠵᠠᠭᠪᠤᠷ ᠲᠠᠢ ᠬᠠᠷᠢᠴᠠᠭᠤᠯᠪᠠᠯ ᠤᠰᠤ ᠠᠷᠪᠢᠯᠠᠬᠤ ᠨᠤᠷᠮ᠎ᠠ ᠨᠢ 90% ᠵᠢ ᠳᠠᠪᠠᠵᠤ ᠪᠠᠢᠨ᠎ᠠ᠃
《ᠪᠢᠳᠡ ᠵᠢᠯ ᠤ᠋ᠨ 560 ᠭᠠᠷᠤᠢ ᠲᠣᠨ ᠲᠦᠪᠡᠳ ᠬᠠᠰᠢ ᠬᠤᠷᠢᠶᠠᠵᠤ᠂ ᠦᠶ᠋ᠯᠡᠳᠬᠦᠨ ᠤ᠋ ᠥᠷᠲᠡᠭ ᠨᠢ 1300 ᠲᠦᠮᠡᠨ ᠲᠥᠭᠥᠷᠢᠭ ᠲᠤ᠌ ᠬᠦᠷᠴᠦ ᠪᠤᠢ᠃ ᠡᠨᠡ ᠵᠢᠯ ᠤ᠋ᠨ ᠡᠬᠢᠨ ᠡᠴᠡ ᠤᠳᠤᠬᠠᠨ ᠪᠤᠯᠲᠠᠯ᠎ᠠ ᠨᠢᠭᠡᠨᠲᠡ 100 ᠭᠠᠷᠤᠢ ᠳᠤᠨ ᠲᠦᠪᠡᠳ ᠬᠠᠰᠢ ᠬᠤᠷᠢᠶᠠᠵᠤ᠂ ᠪᠡᠭᠡᠵᠢᠡᠭ ᠤ᠋ᠨ ᠡᠯ᠎ᠠ ᠶᠡᠬᠡ ᠬᠠᠮ ᠳᠡᠯᠭᠡᠭᠦᠷ ᠶ᠋ᠢᠡᠷ ᠪᠤᠷᠤᠯᠠᠭᠤᠯᠵᠤ ᠪᠠᠢᠨ᠎ᠠ 》 ᠭᠡᠵᠦ ᠠᠵᠤ ᠦᠢᠯᠡᠰ ᠤ᠋ᠨ ᠬᠦᠷᠢᠶᠡᠯᠡᠡᠭ ᠤ᠋ᠨ ᠰᠤᠶᠤᠯ ᠵᠢᠭᠤᠯᠴᠢᠯᠠᠯ ᠤ᠋ᠨ ᠭᠠᠵᠠᠷ ᠤ᠋ᠨ ᠬᠠᠷᠢᠭᠤᠴᠠᠯᠭᠠᠲᠠᠨ ᠵᠠᠡᠭ ᠼᠦ᠋ᠡᠭ ᠶᠠᠷᠢᠵᠤ ᠪᠠᠢᠯ᠎ᠠ᠃
ᠲᠤᠰ ᠠᠵᠤ ᠦᠢᠯᠡᠰ ᠤ᠋ᠨ ᠬᠦᠷᠢᠶᠡᠯᠡᠡᠭ ᠠᠰᠢᠭᠯᠠᠯᠲᠠ ᠳ᠋ᠦ ᠤᠷᠤᠭᠰᠠᠨ ᠡᠴᠡ ᠨᠠᠭᠠᠰᠢ ᠡᠷᠬᠢᠨ ᠲᠤᠭᠤᠷᠢᠨ ᠤ᠋ ᠪᠠᠨ 40 ᠭᠠᠷᠤᠢ ᠮᠠᠯᠴᠢᠨ ᠲᠠᠷᠢᠶᠠᠴᠢᠨ ᠳ᠋ᠦ ᠠᠵᠢᠯ ᠤᠯᠭᠤᠨ᠂ ᠰᠠᠷ᠎ᠠ ᠶ᠋ᠢᠨ ᠤᠷᠤᠯᠭ᠎ᠠ ᠵᠢ ᠨᠢ ᠳᠤᠮᠳᠠᠴᠢ ᠪᠡᠷ 4000 ᠰᠢᠬᠠᠮ ᠲᠦᠭᠦᠷᠢᠭ ᠨᠡᠮᠡᠭᠳᠡᠭᠦᠯᠵᠤ᠂ ᠲᠤᠬᠠᠢ ᠶ᠋ᠢᠨ ᠭᠠᠵᠠᠷ ᠤ᠋ᠨ ᠲᠦᠬᠦᠭᠡᠷᠦᠮᠵᠢᠲᠦ ᠲᠠᠷᠢᠶᠠᠯᠠᠡᠭ ᠤ᠋ᠨ ᠤᠶᠤᠨᠴᠢᠯᠠᠭᠰᠠᠨ ᠪᠠᠷᠢᠮᠵᠢᠶᠠᠵᠢᠭᠰᠡᠨ ᠬᠦᠭᠵᠢᠯᠳᠡ ᠳ᠋ᠦ ᠬᠡᠪ ᠳᠠᠭᠤᠷᠢᠶᠠᠯ ᠦᠵᠡᠭᠦᠯᠪᠡ᠃