ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ ᠨᠢᠭᠤᠴᠠ᠎ᠶ᠋ᠢ ᠬᠠᠮᠠᠭᠠᠯᠠᠬᠤ ᠬᠥᠮᠦᠵᠢᠯ᠎ᠦᠨ ᠲᠠᠢᠯᠤᠮᠵᠢ ᠡᠷᠭᠢᠯᠡᠪᠡ
2026-05-22 15:55:51
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ 2026 ᠣᠨ᠎ᠤ ᠨᠢᠭᠤᠴᠠ᠎ᠶ᠋ᠢ ᠬᠠᠮᠠᠭᠠᠯᠠᠬᠤ ᠬᠥᠮᠦᠵᠢᠯ᠎ᠦᠨ ᠲᠠᠢᠯᠤᠮᠵᠢ ᠡᠷᠬᠢᠯᠡᠵᠦ᠂ ᠪᠠᠢᠭᠤᠯᠭ᠎ᠠ᠎ᠶ᠋ᠢᠨ ᠪᠥᠬᠥ᠌ ᠺᠠᠳ᠋ᠷ ᠠᠵᠢᠯᠲᠠᠨ ᠠᠵᠢᠯᠴᠢᠨ᠂ ᠡᠯ᠎ᠡ ᠬᠠᠷᠢᠶ᠎ᠠ ᠨᠢᠭᠡᠴᠢ᠎ᠶ᠋ᠢᠨ ᠪᠠᠭ᠎ᠤᠨ ᠪᠦᠷᠢᠯᠳᠦᠬᠦᠨ ᠪᠠ ᠠᠯᠪᠠᠨ ᠬᠡᠷ᠎ᠦᠨ ᠡᠷᠬᠢᠯᠡᠭ᠌ᠴᠢ ᠵᠢᠴᠢ ᠬᠠᠮᠢᠶ᠎ᠠ ᠪᠥᠬᠥᠶ ᠬᠠᠷᠢᠭᠤᠴᠠᠯᠭᠠᠲᠠᠨ ᠨᠥᠬᠥᠳ ᠪᠣᠯᠪᠠᠰᠤᠷᠠᠯ᠎ᠳᠤ ᠣᠷᠣᠯᠴᠠᠪᠠ᠃ 

ᠲᠠᠢᠯᠤᠮᠵᠢ ᠨᠢ ᠣᠳᠣᠬᠠᠨ᠎ᠤ ᠨᠢᠭᠤᠴᠠ᠎ᠶ᠋ᠢ ᠬᠠᠮᠠᠭᠠᠯᠠᠬᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠥᠷᠢᠰᠥᠯᠳᠦᠭᠡᠨ᠎ᠳᠦ ᠰᠠᠭᠤᠷᠢᠯᠠᠵᠤ᠂ ᠨᠢᠭᠤᠴᠠ᠎ᠶ᠋ᠢ ᠬᠠᠮᠠᠭᠠᠯᠠᠬᠤ ᠠᠵᠢᠯ᠎ᠤᠨ ᠦᠨᠳᠦᠰᠦᠨ ᠮᠡᠳᠡᠯᠭᠡ᠂ ᠨᠢᠭᠤᠴᠠ᠎ᠳᠤ ᠬᠣᠯᠪᠣᠭ᠍ᠳᠠᠬᠤ ᠠᠴᠢᠶᠠᠯᠠᠪᠤᠷᠢ᠎ᠶ᠋ᠢᠨ ᠬᠠᠮᠢᠶᠠᠷᠤᠯᠲᠠ᠂ ᠮᠡᠳᠡᠭᠡ ᠵᠠᠩᠭᠢ ᠨᠡᠢᠲᠡᠯᠡᠬᠦ᠌ ᠨᠢᠭᠤᠴᠠ᠎ᠶ᠋ᠢ ᠬᠠᠮᠠᠭᠠᠯᠠᠬᠤ ᠬᠢᠨᠠᠨ ᠪᠠᠢᠴᠠᠭᠠᠯᠲᠠ᠂ ᠨᠢᠭᠤᠴᠠ᠎ᠳᠤ ᠬᠣᠯᠪᠣᠭ᠍ᠳᠠᠬᠤ ᠬᠥᠮᠦᠰ᠎ᠦᠨ ᠬᠠᠮᠢᠶᠠᠷᠤᠯᠲᠠ᠂ ᠠᠯᠪᠠᠯᠠᠬᠤ ᠠᠦ᠋ᠲ᠋ᠣᠴᠢᠯᠠᠭ᠍ᠰᠠᠨ ᠲᠥᠬᠥᠭᠡᠷᠦᠮᠵᠢ᠎ᠶ᠋ᠢᠨ ᠨᠢᠭᠤᠴᠠ᠎ᠶ᠋ᠢ ᠬᠠᠮᠠᠭᠠᠯᠠᠬᠤ ᠬᠠᠮᠢᠶᠠᠷᠤᠯᠲᠠ ᠵᠢᠴᠢ ᠡᠳᠦᠷ ᠲᠤᠲᠤᠮ᠎ᠤᠨ ᠠᠵᠢᠯ ᠠᠮᠢᠳᠤᠷᠠᠯ ᠳᠤᠮᠳᠠᠬᠢ ᠨᠢᠭᠤᠴᠠ᠎ᠶ᠋ᠢ ᠬᠠᠮᠠᠭᠠᠯᠠᠬᠤ ᠶᠡᠷᠦ᠍᠎ᠶ᠋ᠢᠨ ᠮᠡᠳᠡᠯᠭᠡ ᠵᠡᠷᠭᠡ ᠲᠠᠯ᠎ᠠ᠎ᠪᠠᠷ ᠱᠢᠰᠲ᠋ᠧᠮ᠎ᠲᠡᠶ ᠭᠦᠨᠵᠡᠭᠡᠶ ᠲᠠᠢᠯᠤᠮᠵᠢ ᠬᠢᠵᠡᠶ᠃ ᠬᠢᠴᠢᠶᠡᠯ᠎ᠤᠨ ᠠᠭᠤᠯᠭ᠎ᠠ᠎ᠳᠤ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠤᠨ ᠲᠤᠬᠠᠶ ᠨᠠᠷᠢᠨ ᠣᠨᠣᠪᠴᠢᠲᠠᠶ ᠲᠠᠢᠯᠤᠮᠵᠢ ᠪᠠᠢᠬᠤ ᠮᠥᠷᠲᠡᠭᠡᠨ ᠪᠠᠰᠠ ᠣᠢᠷ᠎ᠠ᠎ᠶ᠋ᠢᠨ ᠵᠢᠯ᠎ᠦᠨ ᠨᠢᠭᠤᠴᠠ᠎ᠶ᠋ᠢ ᠬᠠᠮᠠᠭᠠᠯᠠᠬᠤ ᠬᠠᠤᠯᠢ᠎ᠠᠴᠠ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠲᠤᠬᠠᠶ ᠭᠦᠨᠵᠡᠭᠡᠶ ᠵᠠᠳᠠᠯᠤᠯᠲᠠ᠎ᠵᠢ ᠪᠠᠬᠲᠠᠭᠠᠵᠠᠢ᠃

ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠨᠢᠭᠤᠴᠠ᠎ᠶ᠋ᠢ ᠬᠠᠮᠠᠭᠠᠯᠠᠬᠤ ᠤᠬᠠᠭᠤᠯᠭ᠎ᠠ ᠬᠥᠮᠦᠵᠢᠯ᠎ᠦᠨ ᠰᠠᠷ᠎ᠠ᠎ᠶ᠋ᠢᠨ ᠡᠯ᠎ᠡ ᠵᠦᠶ᠋ᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠪᠠᠢᠩᠭᠤ᠎ᠶ᠋ᠢᠨ ᠴᠢᠨᠠᠷᠲᠠᠶ ᠨᠢᠭᠤᠴᠠ᠎ᠶ᠋ᠢ ᠬᠠᠮᠠᠭᠠᠯᠠᠬᠤ ᠬᠥᠮᠦᠵᠢᠯ ᠪᠤᠯᠪᠠᠰᠤᠷᠠᠯ ᠪᠠ ᠬᠢᠨᠠᠯᠲᠠ ᠳᠠᠯᠪᠢᠨ ᠪᠠᠢᠴᠠᠭᠠᠬᠤ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠬᠥᠮᠦᠨ ᠪᠦᠬᠦᠨ ᠨᠢᠭᠤᠴᠠ᠎ᠶ᠋ᠢ ᠬᠠᠮᠠᠭᠠᠯᠠᠵᠦ ᠰᠤᠷᠬᠤ᠂ ᠬᠥᠮᠦᠨ ᠪᠦᠬᠦᠨ ᠨᠢᠭᠤᠴᠠ᠎ᠶ᠋ᠢ ᠮᠡᠳᠡᠬᠦ᠌᠂ ᠬᠥᠮᠦᠨ ᠪᠦᠬᠦᠨ ᠨᠢᠭᠤᠴᠠ᠎ᠶ᠋ᠢ ᠬᠠᠮᠠᠭᠠᠯᠠᠬᠤ》 ᠭᠦᠨ ᠵᠤᠵᠠᠭᠠᠨ ᠠᠭᠤᠷ ᠠᠮᠢᠰᠭᠤᠯ᠎ᠢ ᠴᠢᠷᠮᠠᠢᠨ ᠪᠣᠶ ᠪᠣᠯᠭᠠᠵᠤ᠂ ᠤᠯᠤᠰ᠎ᠤᠨ ᠨᠢᠭᠤᠴᠠ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号