ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ ᠳᠡᠪᠱᠢᠭᠦᠯᠬᠦ᠌᠎ᠪᠡᠷ ᠪᠠᠢᠭ᠎ᠠ 2 ᠺᠠᠳ᠋ᠷ᠎ᠢ ᠢᠯᠡ ᠨᠡᠢᠲᠡᠯᠡᠬᠦ᠌᠎ᠪᠡᠷ ᠲᠣᠭ᠍ᠲᠠᠪᠠ᠃
ᠨᠢᠭᠡ᠂ ᠢᠯᠡ ᠨᠡᠢᠲᠡᠯᠡᠬᠦ᠌ ᠨᠡᠷᠡᠰ
ᠵᠢᠶᠠ ᠫᠸᠩ᠂ ᠡᠷᠡᠭ᠌ᠲᠡᠢ᠂ ᠬᠢᠲᠠᠳ ᠦᠨᠳᠦᠰᠦᠲᠡᠨ᠂ 1972 ᠣᠨ᠎ᠤ 9 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠠᠵᠤ ᠠᠬᠤᠢᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠬᠡᠷᠡᠭ ᠡᠷᠬᠢᠯᠡᠭ᠌ᠴᠢᠳ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠤᠯᠠᠨ ᠲᠦᠮᠡᠨ᠎ᠦ ᠪᠦᠯᠬᠦᠮ᠎ᠦᠨ ᠪᠠᠢᠭᠤᠯᠭ᠎ᠠ᠎ᠶ᠋ᠢᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠤᠢ; ᠵᠠᠩ ᠱᠤᠸᠠᠩ ᠽᠦᠸᠧ᠂ ᠡᠷᠡᠭ᠌ᠲᠡᠶ᠂ ᠬᠢᠲᠠᠳ ᠦᠨᠳᠦᠰᠦᠲᠡᠨ᠂ 1974 ᠣᠨ᠎ᠤ 8 ᠰᠠᠷ᠎ᠠ᠎ᠳᠤ ᠳᠦᠷᠦᠵᠡᠶ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠨᠠᠷᠢᠨ ᠪᠢᠴᠢᠭ᠎ᠦᠨ ᠳᠠᠷᠤᠭ᠎ᠠ᠂ ᠠᠯᠪᠠᠨ ᠲᠢᠩᠬᠢᠮ᠎ᠦᠨ ᠡᠷᠬᠢᠯᠡᠭ᠌ᠴᠢ᠂ ᠬᠣᠶᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠬᠢᠨᠠᠨ ᠪᠠᠢᠴᠠᠭᠠᠬᠤ ᠲᠤᠱᠢᠶᠠᠯᠲᠠᠨ᠎ᠤ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠣᠷᠢᠨ ᠪᠠᠢᠴᠠᠭᠠᠬᠤ ᠪᠠᠢᠭᠤᠯᠤᠮᠵᠢ᠎ᠶ᠋ᠢᠨ ᠵᠢᠩᠭᠢᠨᠢ ᠲᠢᠩᠬᠢᠮ᠎ᠦᠨ ᠲᠠᠰ᠎ᠤᠨ ᠤᠳᠤᠷᠢᠳᠤᠯᠭ᠎ᠠ ᠵᠢᠨ ᠲᠤᠱᠢᠶᠠᠯ᠎ᠳᠤ ᠲᠣᠮᠢᠯᠠᠬᠤ᠎ᠪᠠᠷ ᠪᠣᠶ᠃
ᠬᠣᠶᠠᠷ᠂ ᠢᠯᠡ ᠨᠡᠢᠲᠡᠯᠡᠬᠦ᠌ ᠴᠠᠭ
2026 ᠣᠨ᠎ᠤ 5 ᠰᠠᠷ᠎ᠠ᠎ᠶ᠋ᠢᠨ 23 ᠤ᠋ ᠡᠳᠦᠷ᠎ᠡᠴᠡ 2026 ᠣᠨ᠎ᠤ 5 ᠰᠠᠷ᠎ᠠ᠎ᠶ᠋ᠢᠨ 29 ᠤ᠋ ᠡᠳᠦᠷ ᠪᠣᠯᠲᠠᠯ᠎ᠠ ᠢᠯᠡ ᠨᠡᠢᠳᠡᠯᠡᠨ᠎ᠡ᠃
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ
ᠪᠠᠢᠭᠤᠯᠭ᠎ᠠ ᠪᠠ ᠬᠤᠪᠢ ᠬᠥᠮᠦᠨ ᠤᠲᠠᠰᠤ᠂ ᠵᠠᠬᠢᠳᠠᠯ ᠢᠷᠡᠭᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠲᠡᠭᠡᠷᠡᠬᠢ ᠢᠯᠡ ᠨᠡᠢᠲᠡᠯᠡᠭ᠌ᠰᠡᠨ ᠬᠥᠮᠦᠰ᠎ᠦᠨ ᠬᠣᠯᠪᠣᠭ᠍ᠳᠠᠯ ᠪᠥᠬᠥᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ᠎ᠳᠦ ᠪᠠᠢᠴᠠᠭᠠᠯᠲᠠ ᠬᠢᠵᠦ ᠬᠢᠨᠠᠨ ᠲᠤᠳᠤᠯᠠᠬᠤ᠎ᠳᠤ ᠲᠥᠬᠥᠮ᠎ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠭᠠᠬᠤ᠎ᠳᠠᠭᠠᠨ ᠬᠣᠯᠪᠣᠭ᠍ᠳᠠᠯ ᠪᠥᠬᠥᠶ ᠰᠦᠪᠡᠭ᠌ᠴᠢ ᠵᠢᠴᠢ ᠲᠣᠰ ᠬᠥᠮᠦᠨ᠎ᠦ ᠪᠠᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠭᠡᠵᠦ᠍᠂ ᠬᠢᠨᠠᠨ ᠲᠤᠳᠤᠯᠠᠭᠰᠠᠨ ᠪᠠᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃
ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ᠎ᠦᠨ
ᠦᠳᠡ᠎ᠶ᠋ᠢᠨ ᠡᠮᠦᠨ᠎ᠠ 9᠄ 00 —12᠄ 00
ᠦᠳᠡ᠎ᠶ᠋ᠢᠨ ᠬᠣᠢᠨ᠎ᠠ 13 ᠄ 30 —17᠄ 00
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ (0471)12380
ᠵᠠᠬᠢᠳᠠᠯᠢᠷᠡᠭᠦᠯᠬᠦ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶ᠋ᠢᠨ 1 ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠱᠢᠤᠳᠠᠨ ᠨᠣᠮᠧᠷ᠄ 010098)᠃
ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn
ᠣᠨᠴᠠᠭᠠᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ
2026 ᠣᠨ᠎ᠤ 5 ᠰᠠᠷ᠎ᠠ᠎ᠶ᠋ᠢᠨ 22 ᠤ᠋ᠨ ᠡᠳᠦᠷ