ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ 《ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠰᠠᠢᠲᠤᠷ ᠬᠡᠷᠡᠭ᠌ᠯᠡᠬᠦ᠌ ᠲᠤᠬᠠᠶ ᠪᠣᠳᠠᠲᠠᠶ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭᠠᠪᠠ
2026-05-23 10:47:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ《ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠰᠠᠢᠲᠤᠷ ᠬᠡᠷᠡᠭ᠌ᠯᠡᠬᠦ᠌ ᠲᠤᠬᠠᠶ ᠪᠣᠳᠠᠲᠠᠶ ᠠᠷᠭ᠎ᠠ ᠬᠡᠮᠵᠢᠶ᠎ᠡ》 (ᠳᠣᠷᠣᠭ᠍ᠰᠢ 《ᠪᠣᠳᠠᠲᠠᠶ ᠠᠷᠭ᠎ᠠ ᠬᠡᠮᠵᠢᠶ᠎ᠡ》 ᠭᠡᠵᠦ᠍ ᠲᠣᠪᠴᠢᠯᠠᠨ᠎ᠠ) ᠵᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

《ᠪᠣᠳᠠᠲᠠᠶ ᠠᠷᠭ᠎ᠠ ᠬᠡᠮᠵᠢᠶ᠎ᠡ》ᠳ᠋ᠤ᠂ ᠦᠨᠳᠦᠰᠦᠨ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠱᠢᠶᠠᠩ ᠪᠠᠯᠭᠠᠰᠤ (ᠵᠡᠭᠡᠯᠢ ᠭᠤᠳᠤᠮᠵᠢ) ᠨᠢ ᠦᠨᠳᠦᠰᠦᠨ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠵᠦᠶ᠋ᠯᠡᠰ᠎ᠢ ᠪᠣᠳᠠᠲᠠᠶ ᠠᠵᠢᠯ᠎ᠤᠨ ᠪᠠᠢᠷᠢ ᠪᠠ ᠠᠵᠢᠯᠲᠠᠨ᠎ᠳᠤ ᠨᠠᠷᠢᠯᠢᠬ᠍ᠵᠢᠭᠤᠯᠤᠨ ᠬᠤᠪᠢᠶᠠᠷᠢᠯᠠᠵᠤ᠂ ᠨᠠᠮ᠎ᠤᠨ ᠪᠠᠢᠭᠤᠯᠤᠯᠲᠠ᠂ ᠠᠵᠤ ᠠᠬᠤᠶ᠎ᠶ᠋ᠢᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠂ ᠠᠮᠤᠷ ᠠᠮᠤᠭᠤᠯᠠᠩ ᠬᠠᠤᠯᠢ᠎ᠪᠠᠷ ᠵᠠᠰᠠᠬᠤ ᠵᠡᠷᠭᠡ ᠭᠤᠤᠯ ᠡᠭᠦᠷᠭᠡ ᠴᠢᠳᠠᠪᠬᠢ᠎ᠪᠠᠨ ᠰᠠᠢᠲᠤᠷ ᠭᠦᠶ᠋ᠴᠡᠳᠭᠡᠵᠦ᠍᠂ ᠢᠯᠠᠩᠭᠤᠶ᠎ᠠ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠮᠤᠷ ᠲᠦᠪᠱᠢᠨ᠎ᠢ ᠪᠠᠲᠤᠯᠠᠬᠤ᠂ ᠬᠣᠷᠢᠭ᠎ᠠ ᠱᠤᠭᠤᠮ᠎ᠢ ᠪᠠᠳᠤᠯᠠᠬᠤ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ᠃ ᠬᠠᠮᠵᠢᠯᠴᠠᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠬᠠᠮᠳᠤᠷᠠᠯᠴᠠᠨ ᠨᠠᠢᠳᠠᠪᠤᠷᠢᠵᠢᠭᠤᠯᠵᠤ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠳᠤᠰᠢᠶᠠᠯ ᠬᠠᠷᠢᠭᠤᠴᠠᠯᠭ᠎ᠠ ᠡᠭᠦᠷᠭᠡᠯᠡᠬᠦ᠌ ᠪᠣᠳᠠᠲᠠᠶ ᠪᠠᠢᠭᠤᠯᠤᠮᠵᠢ᠎ᠶ᠋ᠢ ᠲᠣᠳᠣᠷᠬᠠᠢᠯᠠᠨ᠂ ᠨᠠᠷᠢᠨ ᠳᠠᠩᠰᠠ᠎ᠳᠤ ᠵᠢᠭ᠍ᠰᠠᠭᠠᠨ ᠲᠣᠳᠣᠷᠬᠠᠢᠯᠠᠭ᠍ᠰᠠᠨ ᠠᠵᠢᠯ᠎ᠤᠨ ᠡᠭᠦᠷᠭᠡ᠎ᠶ᠋ᠢ ᠰᠠᠢᠲᠤᠷ ᠭᠦᠶ᠋ᠴᠡᠳᠭᠡᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ)ᠶ᠋ᠢᠨ ᠬᠠᠮᠵᠢᠯᠴᠠᠨ ᠭᠦᠶ᠋ᠴᠡᠳᠭᠡᠬᠦ᠌ ᠳᠤᠰᠢᠶᠠᠯ ᠬᠠᠷᠢᠭᠤᠴᠠᠯᠭ᠎ᠠ᠎ᠳᠦ᠂ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠂ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠣᠯᠭ᠎ᠠ᠂ ᠠᠵᠢᠯᠲᠠᠨ᠎ᠤ ᠬᠦᠴᠦᠨ᠂ ᠪᠠᠯᠠ ᠮᠥᠩᠭᠥ᠎ᠶ᠋ᠢᠨ ᠣᠷᠣᠭᠤᠯᠤᠯᠲᠠ᠂ ᠲᠣᠨᠣᠭ ᠲᠥᠬᠥᠭᠡᠷᠦᠮᠵᠢ ᠵᠡᠷᠭᠡ ᠲᠠᠯ᠎ᠠ᠎ᠪᠠᠷ ᠴᠢᠬᠤᠯᠠ ᠪᠥᠬᠥᠶ ᠳᠡᠮᠵᠢᠯᠭᠡ ᠪᠠᠲᠤᠯᠠᠭ᠎ᠠ ᠬᠠᠩᠭᠠᠬᠤ ᠬᠡᠷᠡᠭ᠌ᠲᠡᠶ᠃ ᠳᠡᠭᠡᠳᠦ ᠱᠠᠲᠤᠨ᠎ᠤ ᠰᠠᠯᠠᠭ᠎ᠠ ᠮᠥᠴᠢᠷ᠎ᠦᠨ ᠡᠭᠡᠭᠦᠯᠦᠨ ᠬᠤᠷᠢᠶᠠᠭ᠍ᠰᠠᠨ ᠵᠦᠶ᠋ᠯᠡᠰ᠎ᠦᠨ ᠨᠠᠷᠢᠨ ᠳᠠᠩᠰᠠ᠎ᠶ᠋ᠢ ᠵᠣᠯᠭᠠᠭᠤᠯᠤᠨ ᠨᠠᠢᠳᠠᠪᠤᠷᠢᠵᠢᠭᠤᠯᠵᠤ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠡᠭᠡᠭᠦᠯᠦᠨ ᠬᠤᠷᠢᠶᠠᠭ᠍ᠰᠠᠨ ᠵᠦᠶ᠋ᠯᠡᠰ᠎ᠢ ᠳᠠᠭᠠᠭᠠᠨ ᠠᠪᠬᠤ ᠪᠠᠢᠭᠤᠯᠤᠮᠵᠢ᠎ᠶ᠋ᠢ ᠲᠣᠳᠣᠷᠬᠠᠢᠯᠠᠵᠤ᠂ ᠬᠦᠴᠦᠨ᠎ᠦ ᠲᠣᠬᠢᠷᠠᠭᠤᠯᠤᠯᠲᠠ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ) ᠲᠠᠢ ᠠᠵᠢᠯ᠎ᠢᠶᠠᠨ ᠰᠠᠢᠲᠤᠷ ᠵᠣᠯᠭᠠᠭᠤᠯᠵᠤ᠂ ᠬᠠᠮᠢᠶᠠᠷᠤᠯᠲᠠ ᠥᠬᠡᠶ ᠪᠠᠢᠳᠠᠯ ᠭᠠᠷᠬᠤ ᠡᠴᠡ ᠵᠠᠢᠯᠠᠰᠭᠢᠬᠦ᠌ ᠬᠡᠷᠡᠭ᠌ᠲᠡᠶ᠃ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢᠨ ᠶᠣᠰᠣᠭᠠᠷ᠂ 《ᠵᠡᠭᠡᠯᠢ ᠱᠢᠶᠠᠩ ᠴᠤᠤᠷᠢᠶᠠᠳᠤᠨ ᠬᠦᠳᠡᠯᠦᠯᠴᠡᠵᠦ ᠰᠠᠯᠠᠭ᠎ᠠ ᠮᠥᠴᠢᠷ ᠨᠡᠷ᠎ᠡ ᠮᠡᠳᠡᠭᠦᠯᠬᠦ᠌》 ᠠᠵᠢᠯᠯᠠᠭᠠᠨ᠎ᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ 《12345》ᠵᠡᠷᠭᠡ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ ᠭᠣᠮᠣᠳᠠᠯ ᠱᠠᠭᠠᠷᠳᠠᠯᠭ᠎ᠠ ᠵᠢ ᠵᠤᠬᠢᠰᠳᠠᠢ ᠰᠠᠯᠠᠭ᠎ᠠ ᠮᠦᠴᠢᠷ᠎ᠲᠦ ᠳᠤᠰᠢᠶᠠᠵᠤ ᠦᠭᠬᠦ ᠭᠠᠷᠴᠠᠭ᠎ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠨᠠᠷᠢᠨ ᠳᠠᠩᠰᠠ᠎ᠶ᠋ᠢᠨ ᠲᠣᠭᠠᠴᠢᠯᠠᠭ᠍ᠰᠠᠨ ᠬᠠᠮᠢᠶᠠᠷᠤᠯᠲᠠ ᠪᠠ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠢ ᠰᠦᠯᠵᠢᠶᠡᠨ ᠳᠡᠭᠡᠷ᠎ᠡ ᠠᠵᠢᠯᠯᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠱᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠱᠢᠶᠠᠩ ᠪᠠᠯᠭᠠᠰᠤ (ᠵᠡᠭᠡᠯᠢ ᠭᠤᠳᠤᠮᠵᠢ) ᠳ᠋ᠤ ᠬᠣᠯᠪᠣᠭ᠍ᠳᠠᠭ᠍ᠰᠠᠨ ᠲᠥᠯᠥᠪᠵᠢᠭᠦᠯᠭᠡ ᠲᠥᠯᠥᠪᠯᠡᠭᠡ᠂ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠂ ᠴᠢᠬᠤᠯᠠ ᠶᠡᠬᠡ ᠠᠵᠢᠯ ᠵᠡᠷᠭᠡ᠎ᠶ᠋ᠢ ᠰᠤᠳᠤᠯᠬᠤ᠎ᠳᠤ᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠲᠠᠩᠰᠠ᠎ᠪᠠᠷ ᠴᠢᠬᠤᠯᠠ ᠦᠨᠳᠦᠰᠦᠯᠡᠯ ᠪᠣᠯᠭᠠᠬᠤ ᠬᠡᠷᠡᠭ᠌ᠲᠡᠶ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠴᠢ ᠮᠤᠵᠢ᠎ᠶ᠋ᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠢᠭᠡᠳᠦᠯᠲᠡᠶ ᠪᠠᠢᠷᠢᠯᠠᠭᠤᠯᠤᠯᠲᠠ ᠡᠴᠡ ᠭᠠᠳᠠᠨ᠎ᠠ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠨᠠᠷᠢᠨ ᠳᠠᠩᠰᠠᠨ᠎ᠳᠤ ᠵᠢᠭ᠍ᠰᠠᠭᠠᠭ᠍ᠰᠠᠨ ᠥᠬᠡᠶ ᠲᠤᠱᠢᠶᠠᠯ ᠬᠠᠷᠢᠭᠤᠴᠠᠯᠭ᠎ᠠ᠎ᠶ᠋ᠢᠨ ᠵᠦᠶ᠋ᠯᠡᠰ᠎ᠢ ᠳᠤᠷ᠎ᠠ᠎ᠪᠠᠷ᠎ᠢᠶᠠᠨ ᠱᠢᠶᠠᠩ ᠪᠠᠯᠭᠠᠰᠤ (ᠵᠡᠭᠡᠯᠢ ᠭᠤᠳᠤᠮᠵᠢ) ᠳ᠋ᠤ ᠪᠠᠭᠤᠯᠭᠠᠬᠤ ᠪᠤᠶᠤ ᠡᠷᠬᠡ ᠣᠯᠭᠣᠬᠤ᠂ ᠨᠠᠢᠳᠠᠬᠤ ᠵᠡᠷᠭᠡ ᠬᠡᠯᠪᠡᠷᠢ᠎ᠪᠡᠷ ᠬᠡᠯᠪᠡᠷᠢ᠎ᠶ᠋ᠢ᠎ᠨᠢ ᠥᠭᠡᠷᠡᠲᠦᠭᠦᠯᠦᠨ ᠳᠣᠷᠣᠭ᠍ᠰᠢ ᠪᠠᠭᠤᠯᠭᠠᠵᠤ ᠪᠣᠯᠬᠤ ᠥᠬᠡᠶ ᠭᠡᠵᠦ ᠳᠤᠳᠤᠷᠬᠠᠢᠯᠠᠪᠠ᠃

《ᠪᠣᠳᠠᠲᠠᠶ ᠠᠷᠭ᠎ᠠ ᠬᠡᠮᠵᠢᠶ᠎ᠡ》 ᠳ᠋ᠤ᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢ ᠱᠢᠯᠭᠠᠨ ᠬᠢᠨᠠᠬᠤ ᠦᠨᠳᠦᠰᠦᠨ ᠦᠨᠳᠦᠰᠦᠯᠡᠯ ᠪᠣᠯᠭᠠᠵᠤ᠂ ᠱᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠭᠤᠤᠯᠳᠠᠭᠤ ᠦᠨᠳᠦᠰᠦᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠦᠨᠳᠦᠰᠦᠯᠡᠨ ᠱᠢᠶᠠᠩ ᠪᠠᠯᠭᠠᠰᠤ (ᠵᠡᠭᠡᠯᠢ ᠭᠤᠳᠤᠮᠵᠢ)ᠶ᠋ᠢ ᠶᠡᠷᠦᠩᠬᠡᠢᠯᠡᠨ ᠱᠢᠯᠭᠠᠨ ᠬᠢᠨᠠᠬᠤ ᠠᠭᠤᠯᠭ᠎ᠠ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠤᠳᠤᠷᠢᠳᠭᠤ ᠪᠠᠭ ᠪᠠ ᠤᠳᠤᠷᠢᠳᠭᠤ ᠺᠠᠳ᠋ᠷ᠎ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠬᠦ᠌ ᠬᠡᠷᠡᠭ᠌ᠲᠡᠶ᠃ ᠬᠠᠮᠵᠢᠯᠴᠠᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠦᠨᠳᠦᠰᠦᠯᠡᠨ ᠱᠢᠶᠠᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠲᠦᠷᠦᠭᠦᠯᠡᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ ᠪᠠ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠬᠠᠮᠵᠢᠯᠴᠠᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠵᠦᠶ᠋ᠯᠡᠰ᠎ᠢ ᠰᠢᠯᠭᠠᠨ ᠬᠢᠨᠠᠵᠤ᠂ ᠱᠢᠶᠠᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠲᠦᠷᠦᠭᠦᠯᠡᠨ ᠵᠣᠬᠢᠶᠠᠨ ᠪᠠᠢᠭᠤᠯᠵᠤ ᠵᠣᠬᠢᠴᠠᠭᠤᠯᠤᠭ᠍ᠰᠠᠨ ᠪᠠᠢᠳᠠᠯ᠂ ᠡᠭᠦᠷᠭᠡᠯᠡᠭ᠌ᠰᠡᠨ ᠳᠤᠰᠢᠶᠠᠯ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠭ᠍ᠰᠠᠨ ᠪᠠᠢᠳᠠᠯ᠂ ᠱᠢᠶᠠᠩ ᠪᠠᠯᠭᠠᠰᠤ (ᠵᠡᠭᠡᠯᠢ ᠭᠤᠳᠤᠮᠵᠢ) ᠎ᠶ᠋ᠢᠨ ᠬᠠᠮᠵᠢᠯᠴᠠᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠤ ᠪᠠᠲᠤᠯᠠᠭ᠎ᠠ ᠬᠠᠩᠭᠠᠭ᠍ᠰᠠᠨ ᠪᠠᠢᠳᠠᠯ ᠵᠡᠷᠭᠡ᠎ᠶ᠋ᠢ ᠱᠢᠯᠭᠠᠨ ᠬᠢᠨᠠᠵᠤ᠂ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠬᠠᠮᠵᠢᠯᠴᠠᠨ ᠳᠤᠰᠢᠶᠠᠯ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠭ᠍ᠰᠠᠨ ᠪᠠᠢᠳᠠᠯ᠂ ᠱᠢᠶᠠᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠯᠦᠭᠡ ᠬᠠᠮᠳᠤᠷᠠᠯᠴᠠᠨ ᠬᠠᠮᠵᠢᠯᠴᠠᠭ᠍ᠰᠠᠨ ᠪᠠᠢᠳᠠᠯ ᠵᠡᠷᠭᠡ᠎ᠶ᠋ᠢ ᠱᠢᠯᠭᠠᠨ ᠬᠢᠨᠠᠬᠤ ᠬᠡᠷᠡᠭ᠌ᠲᠡᠶ᠃ ᠳᠡᠭᠡᠳᠦ ᠱᠠᠲᠤᠨ᠎ᠤ ᠰᠠᠯᠠᠭ᠎ᠠ ᠮᠥᠴᠢᠷ᠎ᠦᠨ ᠡᠭᠡᠭᠦᠯᠦᠨ ᠬᠤᠷᠢᠶᠠᠭ᠍ᠰᠠᠨ ᠵᠦᠶ᠋ᠯᠡᠰ᠎ᠢᠶᠡᠷ ᠱᠢᠶᠠᠩ ᠪᠠᠯᠭᠠᠰᠤ (ᠵᠡᠭᠡᠯᠢ ᠭᠤᠳᠤᠮᠵᠢ)ᠵᠢ ᠱᠢᠯᠭᠠᠨ ᠬᠢᠨᠠᠵᠤ ᠪᠣᠯᠬᠤ ᠥᠬᠡᠶ ᠭᠡᠵᠦ ᠳᠤᠳᠤᠷᠬᠠᠢᠯᠠᠪᠠ᠃

《ᠪᠣᠳᠠᠲᠠᠶ ᠠᠷᠭ᠎ᠠ ᠬᠡᠮᠵᠢᠶ᠎ᠡ》 ᠳ᠋ᠤ᠂ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠲᠠᠶ ᠤᠶᠠᠯᠳᠤᠭᠤᠯᠤᠨ ᠬᠠᠷᠢᠭᠤᠴᠠᠯᠭ᠎ᠠ ᠨᠡᠬᠡᠮᠵᠢᠯᠡᠬᠦ᠌ ᠠᠵᠢᠯ᠎ᠢ ᠥᠷᠨᠢᠭᠦᠯᠬᠦ᠌ ᠬᠡᠷᠡᠭ᠌ᠲᠡᠶ᠃ ᠦᠨᠳᠦᠰᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌  ᠵᠦᠢᠯᠡᠰ᠎ᠦᠨ ᠨᠠᠷᠢᠨ ᠳᠠᠩᠰᠠ᠂ ᠬᠠᠮᠵᠢᠯᠴᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠦᠢᠯᠡᠰ᠎ᠦᠨ ᠨᠠᠷᠢᠨ ᠳᠠᠩᠰᠠ ᠶᠣᠰᠣᠭᠠᠷ ᠵᠣᠬᠢᠴᠠᠩᠭᠤᠢ ᠬᠠᠷᠢᠭᠤᠴᠠᠯᠭ᠎ᠠ᠎ᠶ᠋ᠢ ᠲᠣᠳᠣᠷᠬᠠᠢ ᠢᠯᠭᠠᠬᠤ ᠬᠡᠷᠡᠭ᠌ᠲᠡᠢ᠃ ᠦᠨᠳᠦᠰᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠰᠡᠨ ᠥᠬᠡᠶ ᠪᠤᠶᠤ ᠵᠥᠪ ᠭᠦᠶ᠋ᠴᠡᠳᠭᠡᠬᠰᠡᠨ ᠥᠬᠡᠶ᠎ᠡᠴᠡ ᠪᠣᠯᠵᠣ ᠬᠠᠷᠢᠭᠤᠴᠠᠯᠭ᠎ᠠ ᠨᠡᠬᠡᠮᠵᠢᠯᠡᠬᠦ᠌ ᠴᠢᠬᠤᠯᠠᠲᠠᠶ ᠦᠶ᠎ᠡ᠎ᠳᠦ᠂ ᠲᠣᠭ᠍ᠲᠠᠭᠠᠯ ᠰᠠᠬᠢᠯᠭ᠎ᠠ ᠬᠠᠤᠯᠢ ᠶᠣᠰᠣᠭᠠᠷ ᠱᠢᠶᠠᠩ ᠪᠠᠯᠭᠠᠰᠤ (ᠵᠡᠭᠡᠯᠢ ᠭᠤᠳᠤᠮᠵᠢ) ᠵᠢᠴᠢ ᠲᠡᠭᠦᠨ᠎ᠦ ᠠᠵᠢᠯ᠎ᠤᠨ ᠪᠠᠢᠭᠤᠯᠤᠮᠵᠢ᠂ ᠱᠢᠶᠠᠩ ᠪᠠᠯᠭᠠᠰᠤ (ᠵᠡᠭᠡᠯᠢ ᠭᠤᠳᠤᠮᠵᠢ)᠎ᠶ᠋ᠢᠨ ᠬᠠᠮᠢᠶ᠎ᠠ ᠪᠥᠬᠥᠶ ᠤᠳᠤᠷᠢᠳᠭᠤ ᠺᠠᠳ᠋ᠷ ᠪᠠ ᠠᠵᠢᠯᠲᠠᠨ ᠡᠴᠡ ᠬᠠᠷᠢᠭᠤᠴᠠᠯᠭ᠎ᠠ ᠨᠡᠬᠡᠮᠵᠢᠯᠡᠨ᠎ᠡ᠃ ᠬᠠᠮᠵᠢᠯᠴᠠᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠲᠦ ᠬᠠᠷᠢᠭᠤᠴᠠᠯᠭ᠎ᠠ ᠠᠯᠳᠠᠭ᠍ᠰᠠᠨ ᠠᠰᠠᠭᠤᠳᠠᠯ ᠣᠷᠣᠱᠢᠵᠤ ᠬᠠᠷᠢᠭᠤᠴᠠᠯᠭ᠎ᠠ ᠨᠡᠬᠡᠮᠵᠢᠯᠡᠬᠦ᠌ ᠴᠢᠬᠤᠯᠠᠲᠠᠶ ᠦᠶ᠎ᠡ᠎ᠳᠦ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠭᠤᠤᠯ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ) ᠨᠢ ᠬᠠᠮᠵᠢᠯᠴᠠᠬᠤ ᠳᠤᠰᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ ᠲᠣᠰ ᠪᠡᠶ᠎ᠡ᠎ᠶ᠋ᠢᠨ ᠠᠯᠳᠠᠭ᠎ᠠ ᠪᠤᠷᠤᠭᠤ᠎ᠶ᠋ᠢᠨ ᠬᠡᠰᠡᠭ᠎ᠲᠦ ᠬᠠᠷᠢᠭᠤᠴᠠᠯᠭ᠎ᠠ ᠡᠭᠦᠷᠭᠡᠯᠡᠨ᠎ᠡ᠃ ᠱᠢᠶᠠᠩ ᠪᠠᠯᠭᠠᠰᠤ (ᠵᠡᠭᠡᠯᠢ ᠭᠤᠳᠤᠮᠵᠢ)᠎ᠨᠢ ᠬᠠᠮᠵᠢᠯᠴᠠᠬᠤ ᠳᠤᠰᠢᠶᠠᠯ ᠬᠠᠷᠢᠭᠤᠴᠠᠯᠭ᠎ᠠ᠎ᠪᠠᠨ ᠨᠢᠭᠡᠨᠲᠡ ᠵᠥᠪ ᠭᠦᠶ᠋ᠴᠡᠳᠭᠡᠵᠦ᠍᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠵᠣᠬᠢᠰᠲᠠᠶ ᠱᠢᠶ᠋ᠳᠪᠦᠷᠢᠯᠡᠭ᠌ᠰᠡᠨ ᠥᠬᠡᠶ ᠡᠴᠡ ᠪᠤᠯᠵᠤ ᠬᠠᠷᠢᠭᠤᠴᠠᠯᠭ᠎ᠠ ᠡᠭᠦᠷᠭᠡᠯᠡᠬᠦ ᠴᠢᠬᠤᠯᠠᠳᠠᠢ ᠠᠳᠠᠯ᠂ ᠬᠡᠷᠡᠭ᠎ᠢ ᠪᠤᠢ ᠪᠤᠯᠭᠠᠭᠰᠠᠨ ᠪᠤᠯ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠥᠬᠡᠶ᠃ ᠳᠡᠭᠡᠳᠦ ᠱᠠᠲᠤᠨ᠎ᠤ ᠰᠠᠯᠠᠭ᠎ᠠ ᠮᠥᠴᠢᠷ᠎ᠦᠨ ᠡᠭᠡᠭᠦᠯᠦᠨ ᠬᠤᠷᠢᠶᠠᠭ᠍ᠰᠠᠨ ᠵᠦᠶ᠋ᠯᠡᠰ᠎ᠲᠦ ᠳᠤᠰᠢᠶᠠᠯ᠎ᠳᠠᠭᠠᠨ ᠤᠰᠤᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠪᠠᠢᠳᠠᠯ ᠣᠷᠣᠱᠢᠵᠤ ᠬᠠᠷᠢᠭᠤᠴᠠᠯᠭ᠎ᠠ ᠨᠡᠬᠡᠮᠵᠢᠯᠡᠬᠦ᠌ ᠴᠢᠬᠤᠯᠠᠲᠠᠶ ᠦᠶᠡᠰ᠂ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠥᠬᠡᠶ ᠭᠡᠵᠦ ᠳᠤᠳᠤᠷᠬᠠᠢᠯᠠᠪᠠ᠃

《ᠪᠣᠳᠠᠲᠠᠶ ᠠᠷᠭ᠎ᠠ ᠬᠡᠮᠵᠢᠶ᠎ᠡ》ᠳ᠋ᠤ᠂ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠵᠠᠷᠤᠳᠠᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠲᠠᠩᠰᠠ᠎ᠲᠠᠶ ᠵᠣᠯᠭᠠᠭᠤᠯᠵᠤ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ ᠵᠡᠷᠭᠡ ᠲᠥᠷᠥᠯ ᠵᠦᠶ᠋ᠯ᠎ᠦᠨ ᠲᠣᠬᠢᠷᠠᠭᠤᠯᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠃ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠵᠦᠢᠯᠡᠰ᠎ᠤᠨ ᠨᠠᠷᠢᠨ ᠳᠠᠩᠰᠠ᠎ᠶ᠋ᠢ ᠬᠥᠳᠡᠯᠦᠩᠭᠦᠢ᠎ᠪᠡᠷ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ 《ᠶᠡᠬᠡ ᠳᠠᠯ᠎ᠠ ᠨᠢ ᠲᠣᠭ᠍ᠲᠠᠭᠤᠨ᠂ ᠪᠠᠭ᠎ᠠ ᠵᠦᠢᠯᠡᠰ᠎ᠲᠦ ᠲᠣᠬᠢᠷᠠᠭᠤᠯᠤᠯᠲᠠ ᠬᠢᠬᠦ》 ᠶ᠋ᠢ ᠪᠠᠷᠢᠮᠲᠠᠯᠠᠵᠤ᠂ ᠣᠯᠠᠨ ᠲᠦᠮᠡᠨ᠎ᠦ ᠰᠠᠨᠠᠯ᠎ᠢ ᠭᠦᠢᠴᠡᠳ ᠰᠣᠨᠣᠰᠤᠭ᠍ᠰᠠᠨ ᠰᠠᠭᠤᠷᠢᠨ ᠳᠡᠭᠡᠷ᠎ᠡ᠂ ᠱᠢᠶᠠᠩ ᠪᠠᠯᠭᠠᠰᠤ (ᠵᠡᠭᠡᠯᠢ ᠭᠤᠳᠤᠮᠵᠢ) ᠪᠠ ᠱᠢᠶᠠᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠲᠣᠬᠢᠷᠠᠭᠤᠯᠤᠯᠲᠠ ᠬᠢᠬᠦ᠌ ᠰᠠᠨᠠᠯ᠎ᠢ ᠰᠤᠳᠤᠯᠤᠨ ᠳᠤᠷᠠᠳᠴᠤ᠌᠂ ᠵᠢᠷᠤᠮ ᠶᠣᠰᠣᠭᠠᠷ ᠮᠡᠳᠡᠭᠦᠯᠦᠨ ᠵᠥᠪᠱᠢᠶᠡᠷᠡᠭᠦᠯᠦᠭ᠌ᠰᠡᠨ᠎ᠦ ᠳᠠᠷᠠᠭ᠎ᠠ ᠬᠡᠷᠡᠭ᠌ᠵᠢᠭᠦᠯᠬᠦ᠌ ᠬᠡᠷᠡᠭ᠌ᠲᠡᠢ ᠭᠡᠵᠦ ᠳᠤᠳᠤᠷᠬᠠᠢᠯᠠᠪᠠ᠃

《ᠪᠣᠳᠠᠲᠠᠶ ᠠᠷᠭ᠎ᠠ ᠬᠡᠮᠵᠢᠶ᠎ᠡ》 ᠳ᠋ᠤ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠲᠠᠩᠰᠠ᠎ᠶ᠋ᠢᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠬᠦ᠌᠎ᠶ᠋ᠢ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠱᠢᠶᠠᠨ ᠱᠢᠶᠠᠩ ᠬᠣᠶᠠᠷ ᠱᠠᠲᠤᠨ᠎ᠤ ᠨᠠᠮ᠎ᠤᠨ ᠬᠣᠷᠢᠶ᠎ᠠ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠨᠠᠮ᠎ᠤᠨ ᠬᠤᠷᠢᠶ᠎ᠠ᠎ᠶᠢᠨ ᠱᠦᠵᠢ ᠨᠠᠷᠢᠨ ᠲᠠᠩᠰᠠ᠎ᠶ᠋ᠢ ᠲᠦᠷᠦᠭᠦᠯᠡᠨ ᠰᠠᠢᠲᠤᠷ ᠬᠡᠷᠡᠭ᠌ᠯᠡᠬᠦ᠌ ᠬᠡᠷᠡᠭ᠌ᠲᠡᠶ᠃ ᠲᠥᠪ᠎ᠦᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠰᠠᠯᠠᠭ᠎ᠠ ᠮᠥᠴᠢᠷ᠎ᠨᠢ ᠳᠡᠭᠡᠳᠦ ᠱᠠᠲᠤ᠎ᠨᠢ ᠳᠤᠤᠷᠠᠳᠤ ᠱᠠᠲᠤ᠎ᠪᠠᠨ ᠳᠠᠭᠠᠭᠤᠯᠤᠨ᠂ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢᠨ ᠬᠣᠯᠪᠣᠭ᠍ᠳᠠᠯ ᠪᠥᠬᠥᠶ ᠪᠣᠳᠠᠲᠠᠶ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ ᠶᠠᠪᠤᠴᠠ᠎ᠳᠤ ᠱᠢᠶᠠᠩ ᠪᠠᠯᠭᠠᠰᠤ (ᠵᠡᠭᠡᠯᠢ ᠭᠤᠳᠤᠮᠵᠢ)᠎ᠶ᠋ᠢᠨ  ᠦᠨᠡᠨ᠎ᠬᠦ᠌ ᠨᠠᠢᠳᠠᠪᠤᠷᠢᠵᠢᠭᠤᠯᠬᠤ ᠴᠢᠬᠤᠯᠠᠲᠠᠶ ᠠᠵᠢᠯ᠎ᠳᠤ ᠪᠣᠳᠠᠲᠠᠶ ᠡᠭᠦᠷᠭᠡ᠎ᠶ᠋ᠢ ᠲᠣᠳᠣᠷᠬᠠᠢᠯᠠᠨ᠂ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢ ᠨᠠᠷᠢᠨ ᠳᠠᠩᠰᠠ᠎ᠳᠤ ᠣᠷᠣᠭᠤᠯᠬᠤ᠎ᠪᠠᠷ ᠱᠢᠭᠤᠳ ᠱᠠᠭᠠᠷᠳᠠᠵᠤ ᠪᠣᠯᠬᠤ ᠥᠬᠡᠶ᠂ 《ᠵᠤᠷᠪᠤᠰ ᠪᠤᠯᠭᠠᠨ᠎ᠳᠦ ᠭᠠᠷ ᠲᠦᠷᠦᠭᠦ᠌》 ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠳᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠲᠠᠩᠰᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠵᠡᠷᠭᠡ᠎ᠶᠢᠨ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠶ᠃ ᠪᠠᠢᠭᠤᠯᠤᠮᠵᠢ ᠣᠷᠣᠨ ᠲᠣᠭᠠᠨ᠎ᠤ ᠰᠠᠯᠠᠭ᠎ᠠ ᠮᠥᠴᠢᠷ᠎ᠦᠨ 《12310》 ᠢᠯᠡᠴᠢᠯᠡᠨ ᠮᠡᠳᠡᠭᠦᠯᠬᠦ᠌ ᠤᠳᠠᠰᠤ᠎ᠶ᠋ᠢ ᠰᠠᠭᠠᠳ ᠦᠭᠡᠶ ᠨᠡᠪᠲᠡᠷᠡᠭᠦᠯᠵᠦ᠍᠂ ᠨᠡᠢᠲᠡᠯᠢᠭ ᠠᠰᠠᠭᠤᠳᠠᠯ᠎ᠢ ᠢᠯᠡ ᠵᠠᠷᠯᠠᠵᠤ᠂ ᠬᠦᠨᠳᠦ ᠨᠣᠴᠢᠲᠠᠶ ᠦᠷ᠎ᠡ ᠤᠷᠱᠢᠭ ᠭᠠᠷᠭᠠᠭ᠍ᠰᠠᠨ᠎ᠢ ᠴᠢᠩᠭ᠎ᠠ ᠱᠢᠶ᠋ᠳᠪᠦᠷᠢᠯᠡᠬᠦ᠌ ᠬᠡᠷᠡᠭ᠌ᠲᠡᠶ ᠭᠡᠵᠦ ᠱᠠᠭᠠᠷᠳᠠᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 19 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号