ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ
2026-05-23 09:31:17
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠪᠡ


5 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠦᠬᠦᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ᠎ᠤᠨ ᠮᠠᠨ᠎ᠤ ᠣᠷᠣᠨ᠎ᠳᠤ ᠪᠠᠢᠴᠠᠭᠠᠨ ᠰᠤᠳᠤᠯᠤᠯᠲᠠ ᠬᠢᠬᠦ᠌ ᠦᠶ᠎ᠡ᠎ᠶ᠋ᠢᠨ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠥᠬᠥ᠌ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠹᠷᠣᠨᠲ᠎ᠤᠨ᠎ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠱᠢᠨ᠎ᠡ᠎ᠡᠭᠦᠳᠦᠯᠲᠡ ᠵᠢᠨ ᠣᠨᠣᠯ᠎ᠤᠨ ᠱᠢᠰᠲ᠋ᠧᠮᠴᠢᠯᠡᠭᠰᠡᠨ ᠶᠤᠰᠤᠴᠢᠯᠠᠭᠰᠠᠨ ᠰᠤᠳᠤᠯᠭᠠᠨ ᠲᠠᠢᠯᠪᠤᠷᠢᠯᠠᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌ ᠬᠡᠷᠡᠭ᠌ᠲᠡᠶ᠃ ᠡᠯ᠎ᠡ ᠲᠥᠷᠥᠯ᠎ᠦᠨ ᠰᠤᠳᠤᠯᠭᠠᠨ᠎ᠤ ᠲᠠᠪᠴᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠶᠡᠬᠡ ᠣᠨᠣᠯ ᠪᠣᠯᠤᠨ ᠦᠶ᠋ᠯᠡᠳᠦᠯᠭᠡ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠤᠳᠤᠯᠭᠠᠨ᠎ᠢ ᠴᠢᠩᠭᠠᠳᠭᠠᠵᠤ᠂ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠨᠠᠩ ᠣᠯᠠᠨ ᠱᠢᠯᠢᠳᠡᠭ ᠦᠷ᠎ᠡ ᠪᠦᠲᠦᠭᠡᠯ᠎ᠢ ᠴᠢᠷᠮᠠᠢᠨ ᠡᠭᠦᠳᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠳᠤᠭᠠᠷ ᠬᠤᠭᠤᠴᠠᠭᠠᠨ᠎ᠤ ᠳᠤᠮᠳᠠᠳᠤ ᠤᠷᠤᠰ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠢᠯᠡᠭᠡᠭ᠌ᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠭ᠎ᠠ ᠪᠤᠯᠭᠠᠵᠤ᠂ ᠣᠷᠣᠰ᠎ᠤᠨ ᠬᠣᠯᠪᠣᠭ᠍ᠳᠠᠯ ᠪᠦᠬᠦᠢ ᠲᠠᠯ᠎ᠠ᠎ᠯᠤᠭ᠎ᠠ᠎ᠶ᠋ᠢᠨ ᠮᠠᠯ ᠠᠵᠤ ᠠᠬᠤᠶ ᠲᠠᠷᠢᠶᠠᠯᠠᠩ᠂ ᠡᠨᠧᠷᠭᠢ᠂ ᠬᠢᠯᠢ᠎ᠶ᠋ᠢᠨ ᠠᠷᠠᠯᠵᠢᠶ᠎ᠠ᠂ ᠵᠢᠭᠤᠯᠴᠢᠯᠠᠯ ᠵᠡᠷᠭᠡ ᠬᠦᠷᠢᠶᠡᠨ᠎ᠳᠡᠬᠢ ᠪᠣᠳᠠᠲᠠᠶ ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠵᠢ ᠦᠷᠭᠦᠯᠵᠢᠯᠡᠨ ᠦᠷᠭᠡᠳᠭᠡᠵᠦ᠂ ᠭᠠᠳᠠᠭᠠᠳᠤ᠎ᠤᠷᠤᠭᠤᠯᠤᠯᠲᠠ ᠵᠢᠨ ᠡᠬᠢ ᠪᠠᠶᠠᠯᠢᠭ᠎ᠢ ᠪᠣᠳᠠᠲᠠᠢᠵᠢᠭᠤᠯᠤᠨ ᠪᠤᠯᠪᠠᠰᠤᠷᠠᠭᠤᠯᠬᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠂ ᠤᠶᠤᠨᠴᠢ ᠪᠠᠷᠠᠭᠠᠨ᠎ᠤ ᠭᠦᠶ᠋ᠯᠭᠡᠭᠡ᠂ ᠭᠠᠢᠯᠢ ᠦᠭᠡᠢ ᠪᠣᠯᠪᠠᠰᠤᠷᠠᠭᠤᠯᠬᠤ ᠵᠡᠷᠭᠡ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠱᠢᠨ᠎ᠡ ᠵᠠᠭ᠍ᠪᠤᠷ᠎ᠢ ᠢᠳᠡᠪᠬᠢᠲᠡᠶ᠎ᠪᠡᠷ ᠰᠦᠪᠡᠭ᠌ᠴᠢᠯᠡᠵᠦ᠂ ᠣᠷᠣᠰ᠎ᠯᠤᠭ᠎ᠠ ᠨᠡᠭᠡᠭᠡᠯᠲᠡ ᠬᠢᠵᠦ᠍ ᠬᠠᠮᠲᠤᠷᠠᠯᠴᠠᠬᠤ ᠬᠣᠱᠢᠭᠤᠷᠠᠯ ᠴᠣᠩᠬᠣᠪᠴᠢ ᠬᠢᠭᠡᠳ ᠠᠵᠤ ᠦᠢᠯᠡᠰ ᠲᠥᠪᠯᠡᠷᠡᠭᠰᠡᠨ ᠥᠨᠳᠥᠷᠯᠢᠭ᠎ᠢ ᠴᠢᠷᠮᠠᠢᠨ ᠴᠤᠭᠴᠠᠯᠠᠵᠤ᠂ ᠳᠤᠮᠳᠠᠳᠤ ᠣᠷᠣᠰ᠎ᠤᠨ ᠱᠢᠨ᠎ᠡ ᠴᠠᠭ ᠦᠶ᠎ᠡ᠎ᠶ᠋ᠢᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠥᠪᠥᠷ ᠮᠣᠩᠭᠣᠯ᠎ᠤᠨ ᠬᠦᠴᠦᠨ ᠴᠢᠳᠠᠯ᠎ᠢ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ᠎ᠤᠨ ᠮᠠᠨ᠎ᠤ ᠣᠷᠣᠨ᠎ᠳᠤ ᠪᠠᠢᠴᠠᠭᠠᠨ ᠰᠤᠳᠤᠯᠤᠯᠲᠠ ᠬᠢᠬᠦ᠌ ᠦᠶ᠎ᠡ᠎ᠶ᠋ᠢᠨ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠤᠳᠤᠯᠲᠠ ᠵᠢᠨ ᠬᠦᠴᠦᠨ᠎ᠦ ᠲᠣᠣᠷ᠎ᠤᠨ ᠪᠦᠳᠦᠭᠡᠨ ᠪᠠᠢᠭᠤᠯᠤᠯᠲᠠ ᠪᠠ ᠰᠠᠭᠤᠷᠢ ᠰᠤᠳᠤᠯᠭᠠᠨ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠴᠠᠭ ᠦᠶ᠎ᠡ᠎ᠶ᠋ᠢᠨ ᠬᠦᠭᠵᠢᠯᠳᠡ ᠵᠢᠨ ᠠᠵᠠ ᠲᠤᠬᠢᠶᠠᠯ ᠪᠠ ᠠᠵᠢᠯ ᠲᠦᠷᠦᠯ᠎ᠤᠨ ᠬᠠᠨᠳᠤᠰᠢ᠎ᠶᠢ ᠡᠵᠡᠮᠳᠡᠵᠦ᠍᠂ ᠳᠠᠪᠠᠭᠤᠯᠢᠭ᠎ᠢᠶᠠᠨ ᠪᠠᠳᠠᠷᠠᠭᠤᠯᠵᠤ᠂ ᠠᠵᠠ ᠲᠣᠬᠢᠶᠠᠯ᠎ᠢ ᠠᠮᠵᠢᠵᠤ᠂ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠪᠦᠬᠦ᠌ ᠤᠯᠤᠰ᠎ᠤᠨ ᠨᠢᠭᠡ ᠴᠤᠬ᠍ᠴᠠᠵᠢᠬ᠍ᠰᠡᠨ ᠪᠤᠳᠤᠯᠲᠠ ᠵᠢᠨ ᠬᠦᠴᠦᠨ᠎ᠦ ᠲᠣᠣᠷ᠎ᠤᠨ ᠪᠦᠳᠦᠭᠡᠨ ᠪᠠᠢᠭᠤᠯᠤᠯᠲᠠ᠎ᠳᠤ ᠨᠡᠩ ᠤᠯᠠᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ᠃ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠤᠳᠤᠯᠲᠠ ᠵᠢᠨ ᠬᠦᠴᠦᠨ᠎ᠦ ᠲᠣᠨᠣᠭ᠍ᠯᠠᠯ ᠦᠶ᠋ᠯᠡᠳᠬᠦ᠌ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠬᠡᠷᠡᠭ᠌ᠯᠡᠭᠡᠨ᠎ᠦ ᠠᠬᠤᠢ ᠪᠠᠢᠳᠠᠯ᠎ᠢ ᠪᠥᠬᠥ᠌ ᠲᠠᠯ᠎ᠠ᠎ᠪᠠᠷ ᠥᠷᠭᠡᠳᠭᠡᠨ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠵᠤ᠂ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠪᠤᠳᠤᠯᠲᠠ ᠵᠢᠨ ᠬᠦᠴᠦᠨ ᠪᠠ ᠪᠤᠬᠢᠷᠳᠤᠯ ᠦᠭᠡᠢ ᠴᠠᠬᠢᠯᠭᠠᠨ᠎ᠤ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠭᠠᠵᠠᠷ ᠱᠢᠷᠣᠶ᠎ᠶ᠋ᠢ ᠠᠷᠪᠢᠲᠠᠶ ᠡᠷᠴᠢᠮᠵᠢᠭᠦᠯᠦᠨ ᠠᠱᠢᠭ᠍ᠯᠠᠬᠤ᠎ᠶ᠋ᠢ ᠰᠠᠢᠲᠤᠷ ᠠᠳᠭᠤᠵᠤ᠂ ᠪᠤᠳᠤᠯᠲᠠ ᠵᠢᠨ ᠬᠦᠴᠦᠨ᠎ᠦ ᠰᠦᠯᠵᠢᠶᠡᠨ᠎ᠦ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ᠃ ᠱᠢᠨ᠎ᠡ᠎ᠶ᠋ᠢ ᠡᠭᠦᠳᠬᠦ᠌ ᠰᠠᠢ᠌ᠨ ᠰᠠᠢᠬᠠᠨ ᠠᠮᠢ ᠠᠬᠤᠢ᠎ᠶ᠋ᠢ ᠪᠤᠢ ᠪᠣᠯᠭᠠᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ᠎ᠤ ᠬᠠᠮᠵᠢᠯᠴᠠᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠬᠦᠴᠢᠷ ᠠᠰᠠᠭᠤᠳᠠᠯ᠎ᠢ ᠱᠠᠯᠠᠪᠳᠠᠨ ᠱᠢᠢᠳᠪᠦᠷᠢᠯᠡᠵᠦ᠍᠂ ᠠᠵᠤ ᠦᠢᠯᠡᠰ ᠪᠠ ᠵᠢᠭᠠᠨ ᠰᠤᠷᠭᠠᠯᠲᠠ᠎ᠶ᠋ᠢᠨ ᠠᠭᠤᠰᠤᠯᠴᠠᠯ᠎ᠢ ᠴᠢᠬᠤᠯᠠᠴᠢᠯᠠᠵᠤ᠂ ᠪᠤᠳᠤᠯᠲᠠ ᠵᠢᠨ ᠬᠦᠴᠦᠨ᠎ᠤ ᠲᠠᠯ᠎ᠠ᠎ᠶ᠋ᠢᠨ ᠴᠢᠳᠠᠪᠤᠷᠢᠲᠠᠨ᠎ᠢ ᠢᠯᠡᠭᠦᠬᠡᠨ ᠬᠥᠮᠦᠵᠢᠭᠦᠯᠬᠦ᠌ ᠬᠡᠷᠡᠭ᠌ᠲᠡᠢ᠃ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠲᠥᠬᠥᠭᠡᠷᠦᠮᠵᠢ᠂ ᠵᠠᠭ᠍ᠪᠤᠷ᠂ ᠲᠣᠭ᠎ᠠ ᠪᠠᠷᠢᠮᠲᠠ᠂ ᠰᠦᠯᠵᠢᠶᠡᠨ᠎ᠦ ᠠᠮᠤᠷ ᠲᠦᠪᠱᠢᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号