ᠸᠠᠩ ᠸᠧᠢ ᠵᠦᠩ ᠪᠦᠦ ᠭᠠᠩ ᠵᠠᠩ ᠶᠠᠨ ᠺᠦᠨ ᠱᠢ ᠭᠤᠸᠠᠩ ᠬᠣᠶ ᠣᠷᠣᠯᠴᠠᠪᠠ
5 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠶ᠋ᠢᠨ ᠱᠦᠵᠢ ᠱ᠌ᠢ ᠭᠤᠸᠠᠩ ᠬᠣᠶ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠠᠰ᠎ᠤᠨ ᠤᠳᠤᠷᠢᠳᠤᠯᠭ᠎ᠠ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠴᠢᠬᠡᠴᠢ ᠵᠠᠰᠠᠭ᠎ᠤᠨ ᠬᠥᠮᠦᠵᠢᠯ᠎ᠦᠨ ᠦᠵᠡᠭᠦᠯᠭᠡ᠎ᠶ᠋ᠢ ᠲᠣᠭᠣᠷᠢᠨ ᠦᠵᠡᠪᠡ᠃

5 ᠰᠠᠷ᠎ᠠ᠎ᠶ᠋ᠢᠨ 22᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠶ᠋ᠢᠨ ᠱᠦᠵᠢ ᠱ᠌ᠢ ᠭᠤᠸᠠᠩ ᠬᠣᠶ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠠᠰ᠎ᠤᠨ ᠤᠳᠤᠷᠢᠳᠤᠯᠭ᠎ᠠ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠴᠢᠬᠡᠴᠢ ᠵᠠᠰᠠᠭ᠎ᠤᠨ ᠬᠥᠮᠦᠵᠢᠯ᠎ᠦᠨ ᠦᠵᠡᠭᠦᠯᠭᠡ᠎ᠶ᠋ᠢ ᠲᠣᠭᠣᠷᠢᠨ ᠦᠵᠡᠪᠡ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠦᠵᠡᠭᠦᠯᠭᠡ ᠨᠢ 《ᠦᠵᠡᠯ ᠰᠠᠨᠠᠭᠠᠨ ᠤ᠋ ᠵᠢᠯᠤᠭᠤᠳᠤᠮᠵᠢ》᠂ 《ᠠᠭᠤᠤ ᠶᠡᠬᠡ ᠠᠮᠵᠢᠯᠲᠠ ᠪᠦᠲᠦᠮᠵᠢ》᠂ 《ᠥᠪᠥᠷ ᠮᠣᠩᠭᠣᠯᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ》᠂ 《ᠰᠡᠷᠡᠮᠵᠢᠯᠡᠭᠦᠯᠬᠦ᠌ ᠬᠥᠮᠦᠵᠢᠯ》᠂ 《ᠱᠢᠨ᠎ᠡ ᠴᠠᠭ ᠦᠶ᠎ᠡ᠎ᠶ᠋ᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ》᠂ 《ᠴᠠᠭ ᠦᠶ᠎ᠡ᠎ᠶ᠋ᠢᠨ ᠬᠣᠱᠢᠭᠤᠴᠢ》ᠵᠡᠷᠭᠡ 6 ᠭᠣᠣᠯ ᠰᠡᠳᠦᠪᠲᠦ ᠦᠵᠡᠭᠦᠯᠭᠡ᠎ᠶ᠋ᠢᠨ ᠲᠣᠭᠣᠷᠢᠭ ᠬᠤᠪᠢᠶᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠤᠨ ᠲᠤᠬᠠᠢ ᠴᠢᠬᠤᠯᠠ ᠦᠵᠡᠯ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠎ᠢ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠵᠦ᠍᠂ ᠨᠠᠮ᠎ᠤᠨ ᠲᠥᠪ ᠬᠤᠷᠢᠶ᠎ᠠ᠎ᠶᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠤᠭ᠍ᠰᠠᠨ ᠠᠵᠢᠯ᠎ᠤᠨ ᠪᠠᠢᠳᠠᠯ᠎ᠢ ᠲᠥᠪᠯᠡᠷᠡᠩᠭᠦᠢ ᠢᠯᠡᠷᠡᠭᠦᠯᠪᠡ᠃
ᠸᠠᠩ ᠸᠧᠢ ᠵᠦᠩ᠂ ᠪᠦᠦ ᠭᠠᠩ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠡᠰ᠎ᠤᠨ ᠤᠳᠤᠷᠢᠳᠤᠯᠭ᠎ᠠ ᠡᠯ᠎ᠡ ᠦᠵᠡᠭᠦᠯᠭᠡ᠎ᠶ᠋ᠢᠨ ᠲᠣᠭᠣᠷᠢᠭ᠎ᠢ ᠨᠢᠭᠡᠳ ᠨᠢᠭᠡ᠎ᠪᠡᠷ ᠲᠣᠭᠣᠷᠢᠨ ᠦᠵᠡᠵᠦ᠍᠂ ᠲᠠᠢᠯᠪᠤᠷᠢᠯᠠᠯᠲᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠵᠤᠭᠰᠤᠨ ᠬᠣᠯᠪᠣᠭ᠍ᠳᠠᠯ ᠪᠦᠬᠦᠢ ᠮᠠᠲᠧᠷᠢᠶᠠᠯ᠎ᠢ ᠨᠠᠷᠢᠪᠴᠢᠯᠠᠨ ᠦᠵᠡᠵᠦ᠍᠂ ᠬᠣᠯᠪᠣᠭ᠍ᠳᠠᠯ ᠪᠦᠬᠦᠢ ᠪᠠᠢᠳᠠᠯ᠎ᠢ ᠨᠠᠷᠢᠨ ᠯᠠᠪᠯᠠᠨ ᠠᠰᠠᠭᠤᠬᠤ᠎ᠶ᠋ᠢᠨ ᠬᠠᠮᠲᠤ ᠣᠯᠤᠯᠲᠠ ᠲᠦᠷᠦᠭ᠌ᠳᠡᠯ᠎ᠢᠶᠡᠨ ᠰᠣᠯᠢᠯᠴᠠᠪᠠ᠃ ᠰᠡᠷᠡᠮᠵᠢᠯᠡᠭᠦᠯᠬᠦ ᠦᠭᠡ ᠶᠠᠷᠢᠶᠠᠨᠤᠭᠤᠳ᠂ ᠠᠮᠢᠳᠤᠯᠢᠭ ᠵᠢᠱ᠌ᠢᠶ᠎ᠡ ᠨᠢᠭᠡᠪᠦᠷᠢ ᠨᠢ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠨᠥᠬᠥᠳ ᠨᠢᠭᠡᠪᠦᠷᠢ᠎ᠳᠦ ᠴᠥᠮ ᠨᠢᠭᠡ ᠤᠳᠠᠭᠠᠨ᠎ᠤ ᠨᠠᠮᠴᠢ ᠴᠢᠨᠠᠷ᠎ᠤᠨ ᠭᠦᠨᠵᠡᠭᠡᠢ ᠬᠥᠮᠦᠵᠢᠯ ᠪᠠ ᠤᠶᠤᠨ ᠰᠠᠨᠠᠭᠠᠨ᠎ᠤ ᠬᠥᠮᠦᠵᠢᠯ᠎ᠢ ᠬᠦᠷᠲᠡᠭᠡᠪᠡ᠃ ᠣᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠤᠨ ᠲᠤᠬᠠᠶ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠦᠨᠡᠨᠬᠦ᠌ ᠪᠣᠶ ᠪᠣᠯᠭᠠᠨ ᠦᠶ᠋ᠯᠡᠳᠦᠯᠭᠡᠵᠢᠭᠦᠯᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠨ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ ᠢᠳᠡᠪᠬᠢᠲᠡᠶ ᠥᠭᠡᠳᠡᠯᠡᠨ ᠳᠠᠪᠱᠢᠬᠤ᠂ ᠠᠵᠢᠯ ᠬᠢᠵᠦ᠍ ᠦᠢᠯᠡᠰ ᠪᠤᠰᠬᠠᠬᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ ᠵᠢ ᠬᠠᠮᠳᠤ ᠪᠡᠷ ᠪᠤᠢ ᠪᠤᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢ᠌ᠳᠤᠷ ᠡᠬᠢᠯᠡᠬᠦᠯᠬᠦ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠰᠠᠨᠠᠯ ᠨᠢᠭᠡᠳᠡᠢ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠶ᠎ᠠ ᠵᠢᠨ ᠲᠠᠷᠤᠭ᠎ᠠ᠂ ᠪᠠᠢᠴᠠᠭᠠᠬᠤ ᠬᠣᠷᠢᠶ᠎ᠠ᠎ᠶ᠋ᠢᠨ ᠪᠠᠢᠴᠠᠭᠠᠬᠤ ᠳᠠᠷᠤᠭ᠎ᠠ ᠠᠵᠢᠯᠯᠠᠭ᠎ᠠ᠎ᠳᠤ ᠣᠷᠣᠯᠴᠠᠪᠠ᠃