ᠸᠠᠩ ᠸᠧᠢ ᠵᠦᠩ ᠪᠤᠤ ᠭᠠᠩ ᠰᠦᠨ ᠶᠦᠩ ᠼᠠᠢ᠎ᠲᠠᠢ ᠠᠭᠤᠯᠵᠠᠭᠰᠠᠨ ᠪᠥᠭᠡᠳ ᠭᠡᠷ᠎ᠡ ᠲᠣᠭᠲᠠᠬᠤ᠎ᠶᠢ ᠬᠠᠮᠲᠤ ᠪᠠᠷ ᠭᠡᠷᠡᠴᠢᠯᠡᠪᠡ
5 ᠰᠠᠷ᠎ᠠ᠎ᠶᠢᠨ 22᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠵᠥᠩ ᠴᠧ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠰᠦᠨ ᠶᠦᠩ ᠼᠠᠢ ᠨᠠᠷ᠎ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠳᠤᠮᠳᠠᠳᠤ ᠤᠯᠤᠰ᠎ᠤᠨ ᠵᠥᠩ ᠴᠧ ᠪᠦᠯᠦᠭᠯᠡᠯ᠎ᠲᠠᠢ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠦᠪᠯᠡᠯᠴᠡᠭᠡᠷ ᠲᠦ᠍ ᠭᠠᠷᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ᠃
ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠳᠡᠳ᠋ ᠲᠡᠷᠢᠭᠦᠯᠡᠭᠴᠢ ᠰᠦᠨ ᠵᠢᠶᠦᠢ᠍ᠨ ᠴᠢᠩ᠂ ᠳᠤᠮᠳᠠᠳᠤ ᠤᠯᠤᠰ᠎ᠤᠨ ᠵᠦᠩ ᠴᠸ ᠪᠦᠯᠦᠭᠯᠡᠯ᠎ᠤᠨ ᠨᠠᠮ᠎ᠤᠨ ᠬᠤᠷᠢᠶ᠎ᠠ ᠵᠢᠨ ᠪᠠᠢᠨᠭᠭᠤ ᠵᠢᠨ ᠭᠡᠰᠢᠬᠦᠨ᠂ ᠳᠡᠳ᠋ ᠶᠡᠷᠦᠨᠭᠬᠡᠢ ᠵᠠᠬᠢᠷᠤᠭᠴᠢ ᠯᠢᠦ ᠺᠸ ᠠᠨ ᠬᠤᠶᠠᠷ ᠲᠠᠯ᠎ᠠ ᠵᠢ ᠲᠦᠯᠦᠭᠡᠯᠡᠨ ᠭᠡᠷ᠎ᠡ ᠲᠤᠭᠳᠠᠪᠠ᠃

5 ᠰᠠᠷ᠎ᠠ᠎ᠶ᠋ᠢᠨ 22 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠵᠥᠩ ᠴᠧ ᠪᠦᠯᠦᠭ᠌ᠯᠡᠯ ᠬᠢᠵᠠᠭᠠᠷᠳᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠰᠦᠨ ᠶᠦᠩ ᠼᠠᠢ ᠨᠠᠷ᠎ᠲᠡᠶ ᠠᠭᠤᠯᠵᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠳᠤᠮᠳᠠᠳᠤ ᠤᠯᠤᠰ᠎ᠤᠨ ᠵᠥᠩ ᠴᠧ ᠪᠦᠯᠦᠭ᠌ᠯᠡᠯ ᠲᠠᠢ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠢ ᠵᠦᠩ ᠪᠣᠯᠣᠨ ᠪᠤᠤ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠰᠦᠨ ᠶᠦᠩ ᠼᠠᠢ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠳᠤᠮᠳᠠᠳᠤ ᠤᠯᠤᠰ᠎ᠤᠨ ᠵᠦᠩ ᠴᠧ ᠪᠦᠯᠦᠭᠯᠡᠯ᠎ᠦᠨ ᠥᠪᠥᠷ ᠮᠣᠩᠭᠣᠯ᠎ᠳᠤ ᠣᠯᠣᠭᠰᠠᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠳᠦ ᠪᠠᠶᠠᠷ ᠬᠦᠷᠭᠡᠵᠦ ᠪᠠᠢᠬᠤ᠎ᠪᠠᠨ ᠢᠯᠡᠳᠬᠡᠪᠡ᠃ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠠᠢᠵᠤ᠂ ᠨᠡᠭᠦᠷᠡᠰᠦᠨ᠎ᠦ ᠬᠠᠳᠠᠭᠠᠯᠠᠭᠳᠡᠴᠡ᠂ ᠰᠠᠯᠬᠢᠨ᠎ᠤ ᠡᠨᠧᠷᠭᠢ ᠪᠣᠯᠣᠨ ᠨᠡᠷᠡᠨ᠎ᠦ ᠡᠨᠧᠷᠭᠢ᠎ᠶᠢᠨ ᠮᠡᠷᠭᠡᠵᠢᠯ᠎ᠦᠨ ᠨᠡᠭᠡᠭᠡᠨ ᠠᠰᠢᠭ᠍ᠯᠠᠵᠤ ᠪᠣᠯᠬᠤ ᠬᠡᠮᠵᠢᠶ᠎ᠡ ᠴᠥᠮ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠡᠬᠢ ᠪᠠᠶᠠᠯᠢᠭ᠋᠎ᠤᠨ ᠳᠠᠪᠠᠭᠤᠯᠢᠭ᠋ ᠤᠯᠠᠨ᠎ᠡᠴᠡ ᠬᠡᠳᠦᠢᠳᠦᠭᠰᠡᠨ ᠶᠤᠮ᠃ ᠣᠳᠣᠬᠠᠨ᠎ᠳᠤ᠂ ᠪᠢᠳᠡ ᠶᠠᠭ ᠶᠡᠷᠦᠩᠬᠡᠢ ᠱᠦᠵᠢ᠎ᠰᠢ᠎ᠶᠢᠨ ᠫᠢᠩ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠶᠡᠬᠡ ᠪᠡᠷ ᠬᠥᠭᠵᠢᠭᠦᠯᠵᠦ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠵᠠᠩᠭᠢᠯᠠᠭ᠎ᠠ᠎ᠶᠢᠨ ᠮᠠᠲᠧᠷᠢᠶᠠᠯ᠂ ᠲᠤᠨᠤᠭᠯᠠᠯ ᠪᠠ ᠰᠡᠯᠪᠢᠭ ᠲᠤᠨᠤᠭ᠎ᠤᠨ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠪᠠᠢᠷᠢᠯᠠᠭᠤᠯᠤᠯᠲᠠ᠎ᠶᠢᠨ ᠬᠤᠷᠳᠤᠴᠠ᠎ᠶᠢ ᠨᠡᠮᠡᠭᠳᠡᠭᠦᠯᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠤᠯᠤᠰ᠎ᠤᠨ ᠲᠡᠰ᠎ᠤᠨ ᠰᠢᠨ᠎ᠡ ᠡᠨᠧᠷᠭᠢ᠎ᠶᠢᠨ ᠲᠤᠨᠤᠭᠯᠠᠯ ᠦᠢᠯᠡᠳᠬᠦ ᠰᠠᠭᠤᠷᠢᠨ᠎ᠢ ᠪᠦᠬᠦ ᠬᠦᠴᠦᠨ᠎ᠢᠶᠡᠷ᠎ᠢᠶᠡᠨ ᠴᠤᠭᠴᠠᠯᠠᠵᠤ ᠪᠠᠢᠨ᠎ᠠ᠃ ᠳᠤᠮᠳᠠᠳᠤ ᠤᠯᠤᠰ᠎ᠤᠨ ᠵᠥᠩ ᠴᠧ ᠪᠦᠯᠦᠭᠯᠡᠯ ᠥᠪᠥᠷ ᠮᠣᠩᠭᠣᠯ᠎ᠤᠨ ᠬᠥᠭᠵᠢᠯᠲᠡ᠎ᠶᠢᠨ ᠶᠡᠬᠡ ᠲᠠᠯ᠎ᠠ᠎ᠲᠠᠢ ᠭᠦᠨᠵᠡᠭᠡᠢ ᠠᠭᠤᠰᠤᠯᠴᠠᠵᠤ᠂ ᠰᠢᠨ᠎ᠡ ᠡᠨᠧᠷᠭᠢ᠎ᠶᠢᠨ ᠲᠤᠨᠤᠭᠯᠠᠯ ᠰᠤᠳᠤᠯᠤᠨ ᠨᠡᠭᠡᠭᠡᠵᠦ ᠦᠢᠯᠡᠳᠬᠦ᠂ ᠪᠣᠬᠢᠷᠲᠤᠯ ᠦᠭᠡᠢ ᠵᠠᠮ ᠬᠠᠷᠢᠯᠴᠠᠭ᠎ᠠ᠎ᠶᠢ ᠳᠡᠯᠭᠡᠷᠡᠭᠦᠯᠬᠦ᠂ ᠤᠰᠤᠲᠥ᠋ᠷᠥᠭᠴᠢ ᠡᠨᠧᠷᠭᠢ ᠬᠢᠭᠡᠳ ᠨᠦᠭᠡᠴᠡ ᠡᠨᠧᠷᠭᠢ ᠵᠢ ᠨᠡᠭᠡᠭᠡᠨ ᠬᠥᠭᠵᠢᠭᠦᠯᠬᠦ᠂ ᠣᠶᠤᠨᠴᠢ ᠴᠠᠬᠢᠯᠭᠠᠨ ᠲᠣᠣᠷ᠎ᠤᠨ ᠪᠦᠲᠦᠭᠡᠨ ᠪᠠᠢᠭᠤᠯᠤᠯᠲᠠ ᠵᠡᠷᠭᠡ ᠬᠦᠷᠢᠶᠡᠨ᠎ᠳᠦ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠨᠠᠩ ᠣᠯᠠᠨ ᠲᠡᠷᠢᠭᠦᠨ᠎ᠦ ᠮᠡᠷᠭᠡᠵᠢᠯ ᠪᠠ ᠴᠢᠨᠠᠷ ᠰᠠᠢᠲᠠᠢ ᠲᠥᠷᠥᠯ ᠵᠦᠢᠯ᠎ᠢ ᠮᠠᠨ᠎ᠤ ᠣᠷᠣᠨ᠎ᠳᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠥᠪᠥᠷ ᠮᠣᠩᠭᠣᠯ᠎ᠤᠨ ᠡᠨᠧᠷᠭᠢ᠎ᠶᠢᠨ ᠲᠤᠨᠤᠭᠯᠠᠯ᠎ᠤᠨ ᠠᠵᠤ ᠦᠢᠯᠡᠰ᠎ᠦᠨ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠥᠪᠦᠷᠢᠯᠡᠵᠦ ᠬᠡᠯᠬᠢᠶ᠎ᠡ ᠵᠢ ᠴᠢᠩᠭᠠᠳᠬᠠᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠦᠨ ᠪᠤᠵᠠᠭᠠᠢᠷᠠᠭᠤᠯᠬᠤ᠎ᠳᠤ ᠨᠠᠩ ᠰᠠᠢᠨ ᠬᠦᠴᠦᠨ ᠨᠡᠮᠡᠷᠢᠯᠡᠬᠦ ᠵᠢ ᠬᠦᠰᠡᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠵᠦᠪᠯᠡᠯᠴᠡᠭᠡᠷ ᠲᠦ᠍ ᠵᠦᠪᠯᠡᠨ ᠲᠣᠭᠲᠠᠭᠠᠭᠰᠠᠨ ᠤᠴᠢᠷ ᠶᠠᠪᠤᠳᠠᠯ᠎ᠢ ᠴᠢᠩᠭ᠎ᠠ ᠠᠩᠬᠠᠷᠴᠤ᠂ ᠨᠠᠢᠳᠠᠪᠤᠷᠢᠵᠢᠭᠤᠯᠤᠯᠲᠠ᠎ᠶᠢ ᠱᠠᠯᠠᠪᠳᠠᠭᠤᠯᠤᠨ ᠠᠬᠢᠭᠤᠯᠵᠤ᠂ ᠡᠷᠲᠡᠬᠡᠨ ᠨᠡᠩ ᠤᠯᠠᠨ ᠦᠨᠡᠨ ᠪᠣᠳᠠᠲᠦ ᠬᠠᠮᠲᠤᠷᠠᠯᠴᠠᠭᠠᠨ᠎ᠤ ᠦᠷ᠎ᠡ ᠪᠦᠲᠦᠭᠡᠯ ᠣᠯᠬᠤ᠎ᠶᠢ ᠬᠦᠰᠡᠵᠦ ᠪᠠᠢᠨ᠎ᠠ᠃ ᠪᠢᠳᠡ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢᠵᠢᠭᠰᠡᠨ ᠲᠡᠷᠢᠭᠦᠨ᠎ᠦ ᠡᠵᠡᠩᠨᠡᠯᠲᠡ᠎ᠶᠢᠨ ᠣᠷᠴᠢᠨ ᠨᠦᠭᠦᠴᠡᠯ᠎ᠢ ᠦᠷᠭᠦᠯᠵᠢᠯᠡᠨ ᠪᠤᠢ ᠪᠣᠯᠭᠠᠵᠤ᠂ ᠥᠷᠭᠡᠨ ᠤᠯᠠᠨ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠬᠥᠭᠵᠢᠯᠲᠡ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠨᠭᠭᠠᠬᠤ ᠪᠤᠯᠤᠨ᠎ᠠ ᠭᠡᠪᠡ᠃
ᠰᠦᠨ ᠶᠦᠩ ᠼᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠵᠦᠩ ᠴᠧ ᠪᠦᠯᠦᠭᠯᠡᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠦ ᠲᠠᠯᠠᠷᠬᠠᠬᠤ᠎ᠶᠢᠨ ᠬᠠᠮᠲᠤ ᠠᠵᠤ ᠠᠬᠤᠢᠯᠠᠯ᠎ᠤᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠵᠦᠩ ᠴᠧ ᠪᠦᠯᠦᠭᠯᠡᠯ ᠪᠣᠯᠣᠨ ᠥᠪᠥᠷ ᠮᠣᠩᠭᠣᠯ᠎ᠤᠨ ᠬᠠᠮᠲᠤᠷᠠᠯᠴᠠᠭ᠎ᠠ᠎ᠶᠢᠨ ᠰᠠᠭᠤᠷᠢ ᠪᠠᠲᠤ ᠪᠡᠬᠢ ᠪᠠᠢᠵᠤ᠂ ᠬᠠᠮᠲᠤᠷᠠᠯᠴᠠᠭ᠎ᠠ᠎ᠶᠢᠨ ᠦᠷ᠎ᠡ ᠪᠦᠲᠦᠮᠵᠢ ᠲᠣᠪᠣᠢᠮ᠎ᠠ ᠪᠠᠢᠨ᠎ᠠ᠃ ᠳᠠᠷᠠᠭᠠᠴᠢ᠎ᠶᠢᠨ ᠠᠯᠬᠤᠮ᠎ᠳᠤ ᠥᠪᠥᠷ ᠮᠣᠩᠭᠣᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠠᠵᠤ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠲᠠᠢ ᠭᠦᠨᠵᠡᠭᠡᠢ ᠵᠣᠯᠭᠠᠭᠤᠯᠵᠤ᠂ ᠣᠷᠣᠨ ᠪᠦᠰᠡ᠎ᠶᠢᠨ ᠪᠡᠯᠡ ᠣᠷᠣᠭᠤᠯᠤᠯᠲᠠ ᠪᠣᠯᠣᠨ ᠠᠵᠤ ᠦᠢᠯᠡᠰ᠎ᠦᠨ ᠪᠠᠢᠷᠢᠰᠢᠯ᠎ᠤᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠮᠲᠤ ᠵᠠᠮ ᠬᠠᠷᠢᠯᠴᠠᠭᠠᠨ᠎ᠤ ᠪᠥᠬᠥ ᠠᠵᠤ ᠦᠢᠯᠡᠰ᠎ᠦᠨ ᠬᠡᠯᠬᠢᠶ᠎ᠡ᠂ ᠡᠨᠧᠷᠭᠢ᠎ᠶᠢᠨ ᠠᠵᠤ ᠠᠬᠤᠢ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ᠂ ᠠᠭᠤᠷᠬᠠᠢ᠎ᠶᠢᠨ ᠳᠡᠭᠡᠳᠦ ᠲᠠᠰ᠎ᠤᠨ ᠲᠣᠨᠣᠭᠯᠠᠯ ᠦᠢᠯᠡᠳᠬᠦ ᠵᠡᠷᠭᠡ ᠬᠦᠷᠢᠶᠡᠨ᠎ᠦ ᠲᠣᠭᠣᠷᠢᠨ᠎ᠳᠤ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠲᠠᠰᠤᠷᠠᠯᠲᠠ ᠦᠭᠡᠢ ᠤᠷᠲᠤᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠪᠣᠭᠣᠮᠲᠠ ᠪᠠ ᠣᠷᠣᠨ ᠪᠠᠢᠷᠢ᠎ᠶᠢᠨ ᠳᠠᠪᠠᠭᠤᠯᠢᠭ᠋᠎ᠲᠤ ᠲᠦᠰᠢᠭᠯᠡᠨ ᠤᠮᠠᠷᠠᠰᠢ ᠨᠡᠭᠡᠭᠡᠯᠲᠡ ᠬᠢᠬᠦ ᠵᠠᠬ᠎ᠠ ᠳᠡᠯᠭᠡᠭᠦᠷ᠎ᠢ ᠭᠠᠷ ᠬᠣᠯᠪᠣᠯᠴᠠᠨ ᠥᠷᠭᠡᠳᠬᠡᠵᠦ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠥᠬᠥ ᠬᠦᠴᠦᠨ᠎ᠢᠶᠡᠷ᠎ᠢᠶᠡᠨ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠵᠦᠩ ᠴᠧ ᠪᠦᠯᠦᠭᠯᠡᠯ᠎ᠦᠨ ᠲᠡᠷᠢᠭᠦᠨ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠹᠸᠩ ᠵᠢᠶᠠᠩ ᠬᠤᠸᠠ ᠣᠷᠣᠯᠴᠠᠵᠠᠢ᠃