ᠪᠥᠬᠥ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠣᠶ
ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶᠢ ᠪᠣᠶ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠣᠨᠣᠯ᠎ᠢᠶᠠᠷ ᠨᠠᠮᠴᠢ ᠴᠢᠨᠠᠷ᠎ᠤᠨ ᠰᠠᠭᠤᠷᠢ᠎ᠶᠢ ᠪᠡᠬᠢᠵᠢᠬᠦᠯᠬᠦ᠂ ᠪᠤᠳᠠᠳᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠠᠰᠠᠭᠤᠳᠠᠯ᠎ᠳᠤ ᠰᠢᠭᠤᠳ ᠬᠠᠨᠳᠤᠬᠤ᠂ ᠪᠣᠳᠠᠲᠠᠢ᠎ᠶᠢ ᠡᠷᠬᠢᠮᠯᠡᠬᠦ᠎ᠶᠢ ᠢᠯᠡᠷᠡᠭᠦᠯᠵᠦ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠦᠨ᠂ ᠭᠣᠣᠯᠳᠠᠯᠭ᠎ᠠ ᠵᠢ ᠳᠣᠪᠣᠶ᠋ᠢᠯᠭᠠᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠬᠦ ᠪᠠ ᠦᠢᠯᠡᠳᠦᠯᠭᠡ᠎ᠶᠢᠨ ᠬᠡᠷᠡᠭᠯᠡᠯᠲᠡ᠎ᠶᠢ ᠭᠦᠨᠵᠡᠭᠡᠢᠷᠡᠭᠦᠯᠬᠦ᠎ᠶᠢ ᠬᠠᠷᠢᠯᠴᠠᠨ ᠵᠣᠯᠭᠠᠭᠤᠯᠬᠤ᠂ ᠲᠣᠰ ᠪᠡᠶ᠎ᠡ᠎ᠶᠢᠨ ᠠᠰᠠᠭᠤᠳᠠᠯ᠎ᠢᠶᠠᠨ ᠰᠢᠢᠳᠪᠦᠷᠢᠯᠡᠬᠦ ᠪᠠ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠬᠠᠷᠢᠯᠴᠠᠨ ᠠᠬᠢᠭᠤᠯᠬᠤ᠎ᠶᠢ ᠪᠠᠷᠢᠮᠲᠠᠯᠠᠵᠤ᠂ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠠᠳᠬᠤᠬᠤ ᠪᠠ ᠵᠤᠨᠭᠭᠢᠯᠠᠬᠤ ᠣᠯᠠᠨ ᠲᠣᠭᠠᠲᠠᠨ᠎ᠢ ᠳᠠᠢᠴᠢᠯᠠᠬᠤ᠎ᠶᠢ ᠬᠠᠷᠢᠯᠴᠠᠨ ᠨᠢᠭᠡᠳᠬᠡᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠪᠠᠷ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠰᠠᠢᠲᠤᠷ ᠠᠳᠬᠤᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠠᠵᠢᠯ᠎ᠢ ᠨᠢᠭᠡ ᠴᠣᠭᠴᠠᠵᠢᠭᠤᠯᠤᠨ ᠨᠡᠪᠲᠡᠷᠡᠯᠴᠡᠭᠦᠯᠦᠨ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠵᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠪᠠ᠃ ᠨᠢᠭᠡᠳᠦᠯᠲᠡᠢ ᠲᠥᠯᠥᠪᠵᠢᠭᠦᠯᠦᠨ ᠨᠡᠶ᠋ᠢᠳᠡᠮ ᠳ᠋ᠦ᠍ᠨᠢ ᠬᠠᠷᠠᠭᠠᠯᠵᠠᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠲᠣᠭᠣᠷᠢᠨ ᠪᠠᠢᠴᠠᠭᠠᠯᠲᠠ᠎ᠶᠢ ᠬᠦᠯᠢᠶᠡᠬᠦ᠎ᠲᠠᠢ ᠤᠶᠠᠯᠳᠤᠭᠤᠯᠵᠤ᠂ ᠨᠢᠬᠡ ᠰᠡᠳᠦᠪᠲᠦ ᠬᠠᠮᠲᠤ᠎ᠪᠠᠷ ᠬᠠᠷᠢᠭᠤᠯᠲᠠ ᠥᠭᠴᠦ᠂ ᠠᠳᠠᠯᠢ ᠠᠯᠬᠤᠮᠵᠢᠡᠷ ᠬᠠᠮᠲᠤ᠎ᠪᠠᠷ ᠤᠷᠤᠭᠰᠢᠯᠠᠵᠤ᠂ ᠠᠰᠠᠭᠤᠳᠠᠯ᠎ᠢ ᠢᠯᠡᠷᠡᠭᠦᠯᠬᠦ᠎ᠪᠡᠷ ᠵᠣᠷᠢᠯᠲᠠ᠎ᠪᠠᠨ ᠪᠣᠯᠭᠠᠵᠤ᠂ ᠠᠰᠠᠭᠤᠳᠠᠯ᠎ᠢ ᠰᠢᠢᠳᠪᠦᠷᠢᠯᠡᠬᠦ᠎ᠪᠡᠷ ᠲᠤᠰᠤᠯᠲᠠ᠎ᠪᠠᠨ ᠪᠣᠯᠭᠠᠵᠤ᠂ ᠤᠯᠤᠰ ᠲᠥᠷᠥ᠎ᠶᠢᠨ ᠰᠠᠬᠢᠯᠭ᠎ᠠ ᠪᠠᠲᠤ ᠪᠠ ᠤᠯᠤᠰ ᠲᠥᠷᠥ᠎ᠶᠢᠨ ᠶᠣᠰᠣ᠌ ᠳᠦᠷᠢᠮ᠎ᠢ ᠤᠯᠠᠮ ᠴᠢᠨᠠᠭᠰᠢᠳᠠ ᠴᠢᠩᠳᠠᠯᠠᠵᠤ᠂ ᠠᠵᠢᠯ᠎ᠢᠶᠠᠨ ᠪᠣᠳᠠᠲᠠᠢ ᠠᠳᠬᠤᠵᠤ᠂ ᠰᠠᠭᠤᠷᠢ᠎ᠪᠠᠨ ᠪᠠᠲᠤ ᠲᠠᠯᠪᠢᠵᠤ᠂ ᠠᠯᠬᠤᠮ ᠠᠯᠬᠤᠮ᠎ᠢᠶᠠᠷ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠤ ᠲᠣᠰ ᠪᠡᠶ᠎ᠡ᠎ᠶᠢᠨ ᠪᠠᠢᠭᠤᠯᠤᠯᠲᠠ ᠪᠠ ᠨᠠᠮ᠎ᠤᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠳᠠᠬᠢᠨ ᠰᠢᠨ᠎ᠡ ᠳᠡᠭᠲᠡᠷ᠎ᠲᠦ ᠭᠠᠷᠭᠠᠬᠤ᠎ᠶᠢ ᠬᠦᠴᠦᠲᠡᠢ ᠠᠬᠢᠭᠤᠯᠪᠠ; ᠰᠤᠷᠤᠯᠴᠠᠯᠭ᠎ᠠ ᠬᠥᠮᠦᠵᠢᠯ᠎ᠢ ᠬᠥᠮᠦᠨ ᠰᠣᠩᠭᠣᠵᠤ ᠬᠥᠮᠦᠨ ᠬᠡᠷᠡᠭᠯᠡᠬᠦ᠌ ᠲᠤᠮᠳᠠᠬᠢ ᠲᠥᠪ ᠪᠤᠰᠤ ᠰᠤᠷᠲᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠲᠠᠢ ᠤᠶᠠᠯᠳᠤᠭᠤᠯᠵᠤ᠂ ᠬᠠᠷᠢᠭᠤᠴᠠᠯᠭ᠎ᠠ᠎ᠶ᠋ᠢᠨ ᠤᠬᠠᠮᠰᠠᠷ᠎ᠢᠶᠡᠨ ᠴᠢᠩᠭᠠᠳᠭᠠᠵᠤ᠂ ᠴᠢᠩᠭ᠎ᠠ ᠪᠣᠳᠠᠲᠠᠶ᠂ ᠪᠠᠢᠩᠭᠤ ᠪᠦᠲᠦᠮᠵᠢᠲᠡᠶ᠂ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠲᠠᠩᠰᠠ ᠡᠪᠬᠡᠮᠡᠯ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠡ; ᠰᠤᠷᠤᠯᠴᠠᠯᠭ᠎ᠠ ᠬᠥᠮᠦᠵᠢᠯ᠎ᠢ ᠰᠤᠷᠲᠠᠯ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠲᠠᠶ ᠤᠶᠠᠯᠳᠤᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠬᠤᠪᠢᠶᠠᠷᠢᠴᠢᠯᠠᠬᠰᠠᠨ ᠰᠤᠷᠭᠠᠨ ᠬᠥᠮᠦᠵᠢᠯ᠎ᠦᠨ ᠬᠢᠨᠡᠯᠳᠡ ᠬᠠᠮᠢᠶᠠᠷᠤᠯᠲᠠ᠎ᠶ᠋ᠢ ᠴᠢᠩᠭᠠᠳᠭᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠪᠠ᠃
ᠪᠠᠶᠠᠨᠨᠠᠭᠤᠷ ᠬᠣᠲᠠ ᠡᠭᠦᠳᠡ᠎ᠪᠡᠨ ᠨᠡᠭᠡᠭᠡᠵᠤ ᠬᠥᠮᠦᠵᠢᠯ ᠬᠢᠬᠦ᠎ᠵᠢ ᠵᠠᠰᠠᠭ ᠤ᠋ᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠪᠥᠬᠥ᠌ ᠶᠠᠪᠤᠴᠠ᠎ᠳᠤ ᠲᠤᠭᠤᠰᠢᠯᠠᠭᠤᠯᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠨᠥᠯᠥᠭᠡᠯᠡᠬᠦ᠌ ᠲᠦᠭ᠌ᠵᠢᠷᠡᠯ ᠴᠡᠭ ᠬᠣᠷᠢᠭ᠎ᠠ ᠴᠡᠭ ᠪᠣᠯᠤᠨ ᠣᠯᠠᠨ ᠲᠦᠮᠡᠨ᠎ᠦ ᠬᠠᠯᠠᠮᠵᠢᠯᠠᠨ ᠠᠩᠬᠠᠷᠴᠤ᠌ ᠪᠠᠢᠭ᠎ᠠ ᠬᠠᠯᠠᠮᠱᠢᠯ ᠴᠡᠭ ᠲᠥᠪᠯᠡᠷᠡᠯ ᠴᠡᠭ ᠲᠤ᠌ ᠠᠩᠬᠠᠷᠤᠯ᠎ᠢᠶᠠᠨ ᠲᠥᠪᠯᠡᠷᠡᠭᠦᠯᠵᠦ᠍᠂ 《ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ》 ᠵᠡᠷᠭᠡ᠎ᠪᠡᠷ ᠬᠦᠴᠦᠯᠡᠵᠦ᠍᠂ 《ᠠᠷᠠᠳ᠎ᠤᠨ ᠰᠠᠨᠠᠭ᠎ᠠ᠎ᠶ᠋ᠢ ᠰᠣᠨᠣᠰᠭᠤ᠂ ᠵᠥᠷᠢᠶ᠎ᠡ᠎ᠪᠡᠨ ᠡᠷᠢᠬᠦ᠌᠂ ᠪᠣᠳᠠᠲᠤ ᠶᠠᠪᠤᠳᠠᠯ ᠬᠢᠬᠦ᠌᠂ ᠬᠥᠭ᠌ᠵᠢᠯᠲᠡ᠎ᠶ᠋ᠢ ᠠᠬᠢᠭᠤᠯᠬᠤ》 ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠬᠤᠷᠢᠶᠠᠨ ᠴᠤᠬᠯᠠᠭᠤᠯᠤᠬᠰᠠᠨ 487 ᠠᠰᠠᠭᠤᠳᠠᠯ᠎ᠤᠨ ᠰᠠᠨᠠᠯ᠎ᠢ ᠱᠢᠰᠲ᠋ᠧᠮ᠎ᠲᠡᠶ ᠡᠮᠬᠢᠯᠡᠨ ᠳᠢᠭ᠌ᠯᠡᠵᠦ᠍᠂ ᠮᠥᠷᠳᠡᠨ ᠱᠢᠶ᠋ᠳᠪᠦᠷᠢᠯᠡᠵᠦ᠍᠂ ᠨᠥᠬᠥᠴᠡᠯ ᠪᠦᠷᠢ᠎ᠶ᠋ᠢ ᠨᠠᠢᠳᠠᠪᠤᠷᠢᠵᠢᠭᠤᠯᠵᠤ᠂ ᠵᠦᠢᠯ ᠵᠤᠷᠪᠤᠰ ᠪᠦᠷᠢ ᠳ᠋ᠤ ᠬᠠᠷᠢᠭᠤ ᠲᠤᠰᠭᠠᠯ ᠭᠠᠷᠬᠤ᠎ᠶ᠋ᠢ ᠦᠨᠡᠨ ᠬᠦ᠌ ᠪᠠᠲᠤᠯᠠᠪᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠳᠤᠷᠢᠳᠭᠤ ᠺᠠᠳ᠋ᠷᠴᠤᠳ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠶ᠋ᠢ ᠪᠡᠶ᠎ᠡ ᠪᠡᠷ᠎ᠢᠶᠡᠨ ᠲᠦᠷᠦᠭᠦᠯᠡᠨ ᠨᠠᠢᠳᠠᠪᠤᠷᠢᠵᠢᠭᠤᠯᠵᠤ᠂ ᠲᠢᠩᠬᠢᠮ᠎ᠦᠨ ᠱᠠᠲᠤᠨ᠎ᠤ ᠤᠳᠤᠷᠢᠳᠤᠯᠭ᠎ᠠ ᠵᠠᠬᠢᠳᠠᠯ ᠰᠤᠷᠪᠤᠯᠵᠢᠯᠠᠯ ᠤ᠋ᠨ ᠵᠦᠢᠯᠡᠰ᠎ᠢ ᠳᠠᠭᠠᠭᠠᠴᠢᠯᠠᠨ ᠬᠠᠷᠢᠯᠴᠠᠵᠤ ᠱᠢᠶ᠋ᠳᠪᠦᠷᠢᠯᠡᠪᠡ; ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠶ᠋ᠯ᠎ᠢ 761 ᠳᠠᠭᠠᠭᠤᠯᠤᠨ ᠭᠦᠶ᠋ᠴᠡᠳᠭᠡᠬᠦ᠌᠎ᠪᠡᠷ ᠠᠮᠠᠯᠳᠠᠵᠤ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠢᠵᠢ ᠪᠥᠷᠢᠳᠦᠭ᠌ᠰᠡᠨ ᠲᠤᠨᠤᠭ ᠲᠥᠬᠥᠭᠡᠷᠦᠮᠵᠢ ᠬᠣᠴᠣᠷᠤᠩᠭᠤᠶ ᠪᠠᠢᠬᠤ᠂ ᠬᠥᠳᠡᠭᠡ ᠲᠣᠰᠭᠣᠨ᠎ᠤ ᠠᠮᠢᠳᠤᠷᠠᠯ᠎ᠤᠨ ᠬᠣᠭ ᠨᠣᠪᠰᠢ᠎ᠶ᠋ᠢ ᠬᠣᠷᠢᠶᠠᠨ ᠴᠤᠭ᠍ᠯᠠᠭᠤᠯᠵᠤ ᠱᠢᠶ᠋ᠳᠪᠦᠷᠢᠯᠡᠬᠦ᠌ ᠴᠢᠳᠠᠪᠤᠷᠢ ᠪᠠᠭᠤᠷᠠᠶ ᠪᠠᠢᠬᠤ ᠵᠡᠷᠭᠡ ᠠᠰᠠᠭᠤᠳᠠᠯ᠎ᠢ ᠬᠠᠨᠳᠤᠯᠭᠠᠲᠤ ᠴᠢᠨᠠᠷᠲᠠᠶ ᠱᠢᠶ᠋ᠳᠪᠦᠷᠢᠯᠡᠪᠡ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠨᠢᠭᠡ ᠨᠠᠮ᠎ᠤᠨ ᠡᠭᠦᠷ ᠨᠢᠭᠡ ᠪᠣᠳᠠᠲᠤ ᠶᠠᠪᠤᠳᠠᠯ᠂ ᠨᠢᠭᠡ ᠨᠠᠮ᠎ᠤᠨ ᠭᠡᠱᠢᠭᠦᠨ ᠨᠢᠭᠡ ᠠᠮᠠᠯᠠᠯᠲᠠ》᠂ 《ᠬᠤᠶᠠᠷ ᠦᠶ᠋ᠯᠡᠴᠢᠯᠡᠭᠡ ᠬᠤᠶᠠᠷ ᠨᠡᠷ᠎ᠡ ᠮᠡᠳᠡᠬᠦᠯᠬᠦ ᠬᠤᠶᠠᠷ ᠮᠡᠳᠡᠭᠦᠯᠦᠯᠲᠡ》 ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ 5463 ᠬᠤᠪᠢ ᠲᠣᠭ᠍ᠲᠠᠭᠠᠵᠤ᠂ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠶ᠋ᠢ ᠣᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠶᠠᠪᠤᠴᠠ ᠪᠣᠯᠭᠠᠵᠤ᠂ ᠥᠷᠭᠡᠨ ᠣᠯᠠᠨ ᠲᠦᠮᠡᠨ᠎ᠤ ᠰᠡᠳᠬᠢᠯ ᠳ᠋ᠤ ᠰᠠᠭᠤᠭ᠍ᠳᠠᠬᠰᠠᠨ ᠦᠨᠡᠨ ᠪᠤᠳᠠᠳᠠᠢ ᠠᠵᠢᠯ ᠬᠢᠭᠰᠡᠨ ᠪᠠᠢᠨ᠎ᠠ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠳᠤᠮᠳᠠ᠂ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ ᠠᠷᠠᠳ᠎ᠲᠤ ᠪᠣᠳᠠᠲᠤ ᠶᠠᠪᠤᠳᠠᠯ ᠬᠢᠵᠦ᠍ ᠥᠭ᠌ᠬᠦ 《ᠵᠠᠰᠠᠭ᠎ᠤᠨ ᠶᠠᠪᠤᠳᠠᠯ᠎ᠢ ᠠᠰᠠᠭᠤᠬᠤ ᠬᠤᠷᠠᠯ》᠎ᠢ᠋ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠦᠶ᠋ᠯᠡᠳᠦᠯᠭᠡᠵᠢᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢ ᠭᠦᠨᠵᠡᠭᠡᠢᠷᠡᠭᠦᠯᠬᠦ᠌ ᠴᠢᠬᠤᠯᠠ ᠠᠴᠢᠶᠠᠯᠠᠪᠤᠷᠢ ᠪᠠ ᠦᠶ᠋ᠯᠡᠳᠦᠯᠭᠡ᠎ᠶ᠋ᠢᠨ ᠲᠠᠪᠴᠠᠩ ᠪᠣᠯᠭᠠᠵᠤ᠂ ᠰᠤᠷᠤᠯᠴᠠᠯᠭ᠎ᠠ ᠬᠥᠮᠦᠵᠢᠯ᠎ᠢ 《ᠪᠠᠢᠭᠤᠯᠭ᠎ᠠ᠎ᠶ᠋ᠢᠨ ᠬᠤᠷᠠᠯ᠎ᠤᠨ ᠲᠠᠯᠠᠪᠠᠶ》 ᠡᠴᠡ 《ᠦᠨᠳᠦᠰᠦᠨ ᠱᠠᠲᠤᠨ᠎ᠤ ᠲᠤᠬᠠᠶ᠎ᠶ᠋ᠢᠨ ᠲᠠᠯᠠᠪᠠᠶ》 ᠳ᠋ᠤ ᠰᠢᠯᠵᠢᠬᠦᠯᠬᠦ᠎ᠶ᠋ᠢ ᠠᠬᠢᠭᠤᠯᠪᠠ᠃ 4 ᠰᠠᠷ᠎ᠠ᠎ᠶ᠋ᠢᠨ 11᠎ᠤ᠋ ᠡᠳᠦᠷ᠂ ᠬᠠᠢ᠌ᠷᠤᠪ᠎ᠤᠨ ᠲᠤᠬᠤᠢ ᠲᠣᠭᠣᠷᠢᠭ᠎ᠤᠨ ᠪᠠᠯᠭᠠᠰᠤ᠂ ᠵᠡᠭᠡᠯᠢ ᠭᠤᠳᠤᠮᠵᠢ᠎ᠶ᠋ᠢᠨ ᠠᠷᠠᠳ᠎ᠲᠤ ᠪᠣᠳᠠᠲᠤ ᠶᠠᠪᠤᠳᠠᠯ ᠬᠢᠵᠦ᠍ ᠥᠭ᠌ᠬᠦ 《ᠵᠠᠰᠠᠭ᠎ᠤᠨ ᠶᠠᠪᠤᠳᠠᠯ᠎ᠢ ᠠᠰᠠᠭᠤᠬᠤ ᠬᠤᠷᠠᠯ》 ᠬᠤᠷᠠᠯᠳᠤᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ᠎ᠶ᠋ᠢᠨ ᠨᠠᠮ ᠵᠠᠰᠠᠭ᠎ᠤᠨ ᠤᠳᠤᠷᠢᠳᠭᠤ ᠪᠠᠭ᠎ᠤᠨ ᠪᠦᠷᠢᠯᠳᠦᠬᠦᠨ ᠤᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠳᠦ ᠱᠢᠭᠤᠳ ᠬᠠᠨᠳᠤᠵᠤ᠂ ᠡᠭᠦᠷᠭᠡ ᠲᠤᠰᠢᠶᠠᠯ᠎ᠳᠤ ᠰᠠᠯᠠᠭ᠎ᠠ ᠮᠥᠴᠢᠷ ᠬᠠᠮᠵᠢᠯᠴᠠᠵᠤ᠂ ᠲᠤᠬᠠᠢ᠎ᠶ᠋ᠢᠨ ᠲᠠᠯᠠᠪᠠᠢ᠎ᠳᠤ ᠮᠠᠳᠠᠭ᠎ᠲᠠᠶ ᠠᠰᠠᠭᠤᠳᠠᠯ᠎ᠢ ᠱᠢᠢᠳᠪᠦᠷᠢᠯᠡᠵᠦ᠍᠂ ᠲᠤᠭᠤᠷᠢᠭ᠎ᠤᠨ ᠲᠡᠰ᠎ᠤᠨ ᠤᠳᠤᠷᠢᠳᠤᠯᠭ᠎ᠠ ᠪᠦᠬᠦ᠌ ᠶᠠᠪᠤᠴᠠ᠎ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠣᠨᠣᠪᠴᠢᠲᠠᠢ ᠬᠠᠷᠢᠭᠤᠯᠲᠠ ᠥᠭ᠌ᠴᠦ᠂ ᠠᠰᠠᠭᠤᠳᠠᠯ᠎ᠢ 《ᠥᠪᠡᠷ᠎ᠢᠶᠡᠨ ᠡᠷᠢᠬᠦ᠌》 ᠡᠴᠡ 《ᠤᠯᠠᠨ ᠲᠦᠮᠡᠨ ᠠᠰᠠᠭᠤᠯᠳᠠ ᠳᠤᠷᠠᠳᠬᠤ》 ᠲᠡᠢᠰᠢ ᠬᠤᠪᠢᠷᠠᠬᠤ᠎ᠶ᠋ᠢ ᠠᠬᠢᠭᠤᠯᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ 《ᠳᠣᠲᠣᠭᠠᠳᠤ᠎ᠳᠠᠭᠠᠨ ᠠᠬᠢᠭᠤᠯᠬᠤ》 ᠡᠴᠡ 《ᠢᠯᠡ᠎ᠪᠡᠷ ᠬᠢᠨᠠᠯᠲᠠ ᠲᠠᠯᠪᠢᠬᠤ》 ᠲᠡᠢᠰᠢ ᠬᠤᠪᠢᠷᠠᠭᠤᠯᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠨᠡᠩ ᠣᠨᠣᠪᠴᠢᠲᠠᠢ᠂ ᠨᠡᠩ ᠪᠣᠳᠠᠲᠠᠢ᠂ ᠨᠡᠩ ᠠᠷᠠᠳ᠎ᠤᠨ ᠰᠡᠳᠬᠢᠯ ᠲᠠᠢ ᠤᠢᠷᠠᠳᠤᠭᠤᠯᠪᠠ᠃ 《ᠵᠠᠰᠠᠭ᠎ᠤᠨ ᠶᠠᠪᠤᠳᠠᠯ᠎ᠢ ᠠᠰᠠᠭᠤᠬᠤ ᠬᠤᠷᠠᠯ》ᠵᠢᠡᠷ ᠳᠠᠮᠵᠢᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 40 ᠵᠤᠷᠪᠤᠰ ᠴᠤᠭ᠍ᠯᠠᠭᠤᠯᠵᠤ᠂ ᠣᠳᠣᠬᠠᠨ᠎ᠳᠤ ᠨᠢᠭᠡᠨᠲᠡ 21 ᠵᠤᠷᠪᠤᠰ᠎ᠢ ᠨᠢ ᠪᠡᠶᠡᠯᠡᠭᠦᠯᠵᠦ᠍᠂ 19 ᠵᠤᠷᠪᠤᠰ᠎ᠢ ᠨᠢ ᠠᠬᠢᠭᠤᠯᠵᠤ ᠪᠠᠢᠨ᠎ᠠ᠃ ᠬᠠᠢ᠌ᠷᠤᠪ᠎ᠤᠨ ᠲᠣᠬᠣᠶ ᠲᠣᠭᠣᠷᠢᠭ ᠪᠠᠰᠠ 《ᠣᠯᠠᠨ ᠲᠦᠮᠡᠨ᠎ᠦ ᠬᠡᠷᠡᠭ ᠵᠥᠪᠯᠡᠬᠦ᠌ ᠲᠢᠩᠬᠢᠮ》 ᠵᠡᠷᠭᠡ ᠠᠷᠭ᠎ᠠ ᠵᠠᠮ᠎ᠢᠶᠠᠷ ᠳᠠᠮᠵᠢᠨ ᠣᠯᠠᠨ ᠲᠦᠮᠡᠨ᠎ᠦ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ ᠨᠡᠢᠲᠡ 2945 ᠵᠤᠷᠪᠤᠰ ᠬᠣᠷᠢᠶᠠᠨ ᠴᠤᠭ᠍ᠯᠠᠭᠤᠯᠵᠤ᠂ 《ᠣᠯᠠᠨ ᠰᠠᠯᠠᠭ᠎ᠠ ᠮᠦᠴᠢᠷ ᠲᠤ᠌ ᠬᠤᠪᠢᠶᠠᠷᠢᠯᠠᠨ ᠰᠠᠯᠭᠠᠵᠤ》 ᠱᠢᠶ᠋ᠳᠪᠦᠷᠢᠯᠡᠬᠦ᠌ ᠲᠣᠭ᠍ᠲᠠᠴᠠ᠎ᠶ᠋ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠤᠨᠢᠨ ᠲᠡᠬᠡᠷ᠎ᠡ ᠨᠢ ᠬᠦᠴᠦᠯᠡᠵᠦ᠍᠂ ᠬᠦᠰᠡᠯ ᠱᠠᠭᠠᠷᠳᠠᠯᠭ᠎ᠠ᠎ᠶ᠋ᠢ ᠱᠢᠶ᠋ᠳᠪᠦᠷᠢᠯᠡᠬᠦ᠌ᠬᠦᠮᠦᠨ ᠲᠠᠢ ᠪᠠᠢᠬᠤ᠂ ᠤᠳᠠᠭᠠᠱᠢᠷᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠳᠤ᠂ 1866 ᠠᠰᠠᠭᠤᠳᠠᠯ᠎ᠢ 《ᠭᠤᠮᠤᠳᠠᠯ ᠲᠤᠭᠠᠴᠢᠯᠳᠠ᠎ᠶ᠋ᠢ ᠬᠦᠯᠢᠶᠡᠨ ᠠᠪᠤᠬᠰᠠᠨ ᠳᠠᠷᠤᠢ ᠱᠢᠢᠳᠪᠦᠷᠢᠯᠡᠬᠦ᠌》 ᠵᠠᠮ ᠰᠤᠪᠠᠭ᠎ᠢᠶᠡᠷ ᠰᠢᠢᠳᠪᠦᠷᠢᠯᠡᠵᠤ᠂ 1695 ᠵᠦᠢᠯ᠎ᠢ ᠨᠢ ᠱᠢᠢᠳᠪᠦᠷᠢᠯᠡᠵᠦ᠍ ᠳᠠᠭᠤᠰᠭᠠᠪᠠ; 708 ᠠᠰᠠᠭᠤᠳᠠᠯ᠎ᠢ ᠣᠯᠠᠨ ᠲᠦᠮᠡᠨ᠎ᠦ ᠬᠡᠷᠡᠭ ᠵᠥᠪᠯᠡᠬᠦ᠌ ᠬᠤᠷᠠᠯ᠎ᠤᠨ ᠵᠥᠪᠳᠡᠯᠴᠡᠬᠦ ᠬᠡᠪᠴᠢᠶᠠᠨ᠎ᠳᠦ ᠣᠷᠣᠭᠤᠯᠵᠤ᠂ ᠨᠢᠭᠡᠨᠲᠡ 412 ᠵᠦᠶ᠋ᠯ᠎ᠢ ᠱᠢᠶ᠋ᠳᠪᠦᠷᠢᠯᠡᠪᠡ; ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠦᠨ ᠬᠥᠮᠥᠷᠭᠡ᠎ᠳᠦ 279 ᠵᠦᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 150 ᠵᠦᠢᠯ᠎ᠢ ᠪᠣᠭᠣᠮᠲᠠ ᠱᠢᠪᠲᠤᠯᠤᠨ ᠨᠠᠢᠳᠠᠪᠤᠷᠢᠵᠢᠭᠤᠯᠪᠠ; 92 ᠵᠦᠶ᠋ᠯ᠎ᠢ 《ᠠᠰᠠᠭᠤᠳᠠᠯ᠎ᠢ ᠮᠡᠳᠡᠬᠦᠯᠵᠤ ᠬᠠᠷᠢᠭᠤᠯᠲᠠ ᠦᠭᠬᠦ》 ᠲᠠᠪᠴᠠᠩ᠎ᠳᠤ ᠮᠡᠳᠡᠭᠦᠯᠦᠨ ᠬᠠᠮᠲᠤᠷᠠᠨ ᠬᠥᠳᠡᠯᠦᠯᠴᠡᠵᠦ᠍ ᠰᠢᠢᠳᠪᠦᠷᠢᠯᠡᠵᠤ᠂ ᠤᠳᠤ ᠨᠢᠬᠡᠨᠳᠡ 53 ᠵᠦᠶ᠋ᠯ᠎ᠢ ᠨᠢ ᠱᠢᠶ᠋ᠳᠪᠦᠷᠢᠯᠡᠪᠡ᠃ ᠡᠭᠦᠨ᠎ᠦ ᠬᠠᠮᠲᠤ᠂ ᠡᠯ᠎ᠡ ᠪᠠᠯᠭᠠᠰᠤ (ᠵᠡᠭᠡᠯᠢ ᠭᠤᠳᠤᠮᠵᠢ) ᠵᠢᠨ ᠲᠦᠷᠦᠬᠦᠦ ᠤᠯᠠᠷᠢᠯ᠎ᠳᠤ ᠵᠠᠷᠯᠠᠨ ᠨᠡᠢᠲᠡᠯᠡᠵᠦ᠍ ᠠᠮᠠᠯᠳᠠᠭ᠍ᠰᠠᠨ 41 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ 40 ᠵᠦᠶ᠋ᠯ᠎ᠢ ᠨᠢ ᠨᠢᠭᠡᠨᠲᠡ ᠤᠷᠤᠭ᠍ᠰᠢᠲᠠᠶ ᠱᠢᠶ᠋ᠳᠪᠦᠷᠢᠯᠡᠵᠦ᠍᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠨᠢ 97.56%᠎ᠳᠦ ᠬᠦᠷᠪᠡ; ᠬᠣᠶᠠᠳᠤᠭᠠᠷ ᠤᠯᠠᠷᠢᠯ᠎ᠳᠤ ᠵᠠᠷᠯᠠᠨ ᠨᠡᠢᠲᠡᠯᠡᠵᠦ᠍ ᠠᠮᠠᠯᠳᠠᠭ᠍ᠰᠠᠨ 39 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ 27 ᠵᠦᠶ᠋ᠯ᠎ᠢ ᠨᠢ ᠨᠢᠭᠡᠨᠲᠡ ᠤᠷᠤᠭ᠍ᠰᠢᠲᠠᠶ ᠱᠢᠶ᠋ᠳᠪᠦᠷᠢᠯᠡᠵᠦ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ ᠨᠢ 69.23%᠎ᠳᠦ ᠬᠦᠷᠴᠡᠶ᠃