— ᠬᠥᠬᠡᠬᠣᠲᠠ ᠪᠣᠭᠣᠮᠲᠠ ᠢ᠋ᠢᠨ ᠨᠠᠮ ᠤ᠋ᠨ ᠬᠤᠷᠢᠶᠡ ᠢ᠋ᠢᠨ ᠭᠡᠱᠢᠭᠦᠨ᠂ ᠳᠡᠳ᠋ ᠪᠣᠭᠣᠮᠲᠠ ᠢ᠋ᠢᠨ ᠳᠠᠷᠤᠭᠠ ᠵᠠᠩ ᠵᠢᠩ ᠵᠧᠸ᠋ ᠢ᠋ᠢ ᠰᠤᠷᠪᠤᠯᠵᠢᠯᠠᠭ᠍ᠰᠠᠨ ᠨᠢ
ᠳᠣᠲᠣᠭᠠᠳᠤ ᠭᠠᠳᠠᠭᠠᠳᠤ ᠢ᠋ᠢ ᠬᠣᠯᠪᠣᠭ᠍ᠰᠠᠨ ᠴᠢᠬᠤᠯᠠ ᠠᠷᠠᠯᠵᠢᠶᠠᠨ ᠤ᠋ ᠵᠠᠩᠭᠢᠯᠠᠭᠠ ᠢ᠋ᠢᠨ ᠴᠡᠭᠢ ᠴᠣᠭ᠍ᠴᠠᠯᠠᠨᠠ᠃
— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠢ ᠲᠥᠰᠦᠯ》 ᠡᠴᠡ ᠡᠰᠢᠯᠡᠪᠡ
2026 ᠣᠨ ᠤ᠋ 4 ᠰᠠᠷᠠ ᠢ᠋ᠢᠨ 9 ᠤ᠋ ᠡᠳᠦᠷ᠂ ᠲᠥᠷᠥ ᠢ᠋ᠢᠨ ᠶᠠᠪᠤᠳᠠᠯ ᠤ᠋ᠨ ᠬᠣᠷᠢᠶᠠ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭ᠍ᠰᠢ 《ᠶᠡᠷᠦᠩᠬᠡᠶ ᠲᠥᠰᠦᠯ》᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠭᠡᠵᠦ᠍ ᠲᠣᠪᠴᠢᠯᠠᠨᠠ) ᠢ᠋ ᠨᠡᠢᠲᠡᠯᠡᠭ᠌ᠰᠡᠨᠨᠢ ᠮᠠᠨ ᠤ᠋ ᠤᠯᠤᠰ ᠤ᠋ᠨ 23 ᠳ᠋ᠤᠭᠠᠷ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠥᠪᠥᠷ ᠮᠣᠩᠭᠣᠯᠳ᠋ᠤ᠌ ᠪᠠᠢᠷᠢᠰᠢᠭᠰᠠᠨ ᠢ᠋ ᠬᠠᠷᠠᠭᠤᠯᠵᠤ ᠪᠠᠢᠨᠠ᠃ 《ᠶᠡᠷᠦᠩᠬᠡᠶ ᠲᠥᠰᠦᠯ》 ᠤ᠋ᠨ ᠡᠯᠡ ᠵᠦᠶ᠋ᠯᠦᠨ ᠥᠭᠡᠷᠡᠴᠢᠯᠡᠯᠲᠡ ᠢ᠋ᠢᠨ ᠡᠭᠦᠷᠭᠡ ᠢ᠋ᠢ ᠬᠡᠷᠬᠢᠨ ᠲᠦᠷᠭᠡᠳᠭᠡᠨ ᠨᠠᠢᠳᠠᠪᠤᠷᠢᠵᠢᠭᠤᠯᠵᠤ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠢ᠋ᠢ ᠬᠡᠷᠬᠢᠨ ᠠᠬᠢᠭᠤᠯᠬᠤ ᠲᠤᠬᠠᠶ ᠬᠥᠬᠡᠬᠣᠲᠠ ᠪᠣᠭᠣᠮᠲᠠ ᠢ᠋ᠢᠨ ᠨᠠᠮ ᠤ᠋ᠨ ᠬᠤᠷᠢᠶᠡ ᠢ᠋ᠢᠨ ᠭᠡᠱᠢᠭᠦᠨ᠂ ᠳᠡᠳ᠋ ᠪᠣᠭᠣᠮᠲᠠ ᠢ᠋ᠢᠨ ᠳᠠᠷᠤᠭᠠ ᠵᠠᠩ ᠵᠢᠩ ᠵᠧᠸ᠋ ᠢ᠋ᠢ ᠰᠤᠷᠪᠤᠯᠵᠢᠯᠠᠪᠠ᠃
ᠵᠠᠩ ᠵᠢᠩ ᠵᠧᠸ᠋᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨᠢ ᠵᠥᠪᠱᠢᠶᠡᠷᠡᠭ᠌ᠰᠡᠨ ᠡᠴᠡ ᠨᠠᠭᠠᠰᠢ᠂ ᠬᠥᠬᠡᠬᠣᠲᠠ ᠪᠣᠭᠣᠮᠲᠠᠵᠢᠨ ᠬᠢᠨ ᠥᠭᠡᠷᠡᠴᠢᠯᠡᠯᠲᠡ ᠢ᠋ᠢᠨ ᠲᠤᠷᠱᠢᠯᠲᠠ ᠢ᠋ᠢᠨ ᠴᠡᠭᠦᠨ ᠡᠭᠦᠷᠭᠡ ᠢ᠋ᠢᠨ ᠨᠠᠢᠳᠠᠪᠤᠷᠢᠵᠢᠭᠤᠯᠤᠯᠲᠠ ᠢ᠋ᠢ ᠲᠦᠷᠭᠡᠨ ᠠᠬᠢᠭᠤᠯᠵᠤ᠂ ᠤᠶᠤᠨᠲᠤ ᠪᠣᠭᠣᠮᠲᠠ ᠢ᠋ᠢᠨ ᠪᠥᠲᠥᠭᠡᠨ ᠪᠠᠢᠭᠤᠯᠤᠯᠲᠠ ᠪᠠ 《ᠤᠶᠤᠨᠲᠤ ᠪᠣᠭᠣᠮᠲᠠ ᠢ᠋ᠢᠨ ᠬᠦᠴᠦᠷᠬᠡᠭ ᠤᠯᠤᠰ》 ᠤ᠋ᠨ ᠠᠵᠢᠯᠯᠠᠭᠠ ᠢ᠋ᠢ ᠲᠦᠷᠭᠡᠳᠭᠡᠨ ᠠᠬᠢᠭᠤᠯᠵᠤ᠂ ᠦᠷᠭᠦᠯᠵᠢᠯᠡᠨ ᠥᠭᠡᠷᠡᠴᠢᠯᠡᠯᠲᠡ ᠪᠡᠷ ᠪᠣᠭᠣᠮᠲᠠ ᠱᠢᠪᠲᠤᠯᠵᠤ᠂ ᠦᠶ᠋ᠯᠡᠴᠢᠯᠡᠭᠡ ᠪᠡᠷ ᠬᠦᠴᠦᠨ ᠣᠯᠭᠣᠵᠤ᠂ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨᠢ ᠳᠡᠭᠡᠭ᠌ᠰᠢᠯᠡᠭᠦᠯᠬᠦ᠌ ᠪᠠᠢᠯᠳᠤᠬᠤ ᠪᠣᠳᠣᠯᠭᠠ ᠢ᠋ᠢ ᠭᠦᠨᠵᠡᠭᠡᠶ ᠬᠡᠷᠡᠭ᠌ᠵᠢᠭᠦᠯᠵᠦ᠍᠂ ᠥᠨᠳᠥᠷ ᠲᠦᠪᠱᠢᠨ ᠪᠥᠬᠥᠶ ᠨᠡᠭᠡᠭᠡᠯᠲᠡ ᠢ᠋ᠢ ᠠᠬᠢᠭᠤᠯᠬᠤ᠂ ᠪᠣᠭᠣᠮᠲᠠ ᠢ᠋ᠢᠨ ᠬᠤᠳᠠᠯᠳᠤᠭᠠ ᠡᠷᠬᠢᠯᠡᠬᠦ ᠣᠷᠴᠢᠨ ᠨᠥᠬᠥᠴᠡᠯᠢ ᠱᠢᠯᠢᠳᠡᠭ᠌ᠵᠢᠭᠦᠯᠬᠦ᠌᠂ ᠭᠠᠳᠠᠭᠠᠳᠤ ᠠᠷᠠᠯᠵᠢᠶᠠᠨ ᠤ᠋ ᠶᠠᠰᠤ ᠴᠢᠨᠠᠷᠢ ᠲᠣᠭ᠍ᠲᠠᠪᠤᠷᠢᠵᠢᠭᠤᠯᠤᠨ ᠶᠠᠰᠤ ᠴᠢᠨᠠᠷᠢ ᠳᠡᠭᠡᠭ᠌ᠰᠢᠯᠡᠭᠦᠯᠬᠦ᠌ ᠵᠡᠷᠭᠡ ᠭᠤᠤᠯᠳᠠᠯᠭᠠᠲᠠᠶ ᠠᠵᠢᠯ ᠳ᠋ᠤ᠌ ᠠᠩᠬᠠᠷᠤᠯᠢᠶᠠᠨ ᠲᠥᠪᠯᠡᠷᠡᠭᠦᠯᠵᠦ᠍᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠥᠨᠳᠥᠷ ᠲᠦᠪᠱᠢᠨ ᠪᠥᠬᠥᠶ ᠨᠡᠭᠡᠭᠡᠯᠲᠡ᠂ ᠴᠢᠨᠠᠷ ᠰᠠᠢᠲᠠᠶ ᠬᠥᠭ᠌ᠵᠢᠯᠲᠡ ᠳ᠋ᠤ᠌ ᠬᠦᠴᠦᠨ ᠨᠡᠮᠡᠷᠢᠯᠡᠨᠡ ᠬᠡᠵᠤ ᠶᠠᠷᠢᠵᠤ ᠪᠡᠢᠯᠡ᠃
— ᠬᠦᠷᠰᠢ ᠵᠡᠷᠬᠡᠯᠡᠳᠡᠬᠡ ᠤᠯᠤᠰ ᠤ᠋ᠳ ᠤ᠋ᠨ ᠴᠢᠨᠠᠷ ᠰᠠᠢᠲᠠᠢ ᠲᠠᠷᠢᠶᠠᠯᠠᠩ ᠤ᠋ᠨ ᠪᠦᠲᠦᠭᠡᠭ᠌ᠳᠡᠬᠦᠨᠢ ᠳᠤᠮᠳᠠᠳᠤ ᠤᠯᠤᠰ ᠲᠦ᠍ ᠣᠷᠣᠭᠤᠯᠬᠤ ᠪᠠ ᠬᠢᠵᠢᠭ ᠪᠠᠢᠴᠠᠭᠠᠬᠤ ᠵᠥᠪᠱᠢᠶᠡᠷᠡᠯᠢ ᠠᠬᠢᠭᠤᠯᠵᠤ᠂ ᠴᠢᠨᠠᠷ ᠰᠠᠢᠲᠠᠢ ᠲᠠᠷᠢᠶᠠᠯᠠᠩ ᠤ᠋ᠨ ᠪᠦᠲᠦᠭᠡᠭ᠌ᠳᠡᠬᠦᠨᠢ ᠭᠠᠳᠠᠭᠠᠳᠤ ᠡᠴᠡ ᠣᠷᠣᠭᠤᠯᠬᠤ ᠢ᠋ᠢ ᠥᠷᠭᠡᠳᠭᠡᠨᠡ᠃ ᠭᠠᠳᠠᠭᠠᠳᠤ ᠡᠴᠡ ᠣᠷᠣᠭᠤᠯᠬᠤ ᠢᠳᠡᠭᠡᠨᠦ ᠬᠢᠨᠠᠯᠲᠠ ᠬᠠᠮᠢᠶᠠᠷᠤᠯᠲᠠ ᠢ᠋ᠢᠨ ᠦᠷᠡ ᠪᠦᠲᠦᠮᠵᠢ ᠢ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠮᠣᠷᠢᠨ ᠮᠢᠬᠠᠨ ᠤ᠋ ᠱᠣᠱᠢᠭᠠ ᠲᠡᠮᠳᠡᠭᠢ ᠱᠢᠯᠭᠠᠨ ᠪᠠᠢᠴᠠᠭᠠᠬᠤ ᠠᠵᠢᠯ ᠤ᠋ᠨ ᠲᠠᠷᠠᠭᠠᠯᠠᠯ ᠢ᠋ ᠱᠢᠯᠢᠳᠡᠭ᠌ᠵᠢᠭᠦᠯᠦᠨ᠂ᠬᠢᠯᠢ ᠢ᠋ᠢᠨ ᠭᠠᠳᠠᠨᠠᠬᠢ ᠮᠢᠬᠠᠨ ᠤ᠋ ᠲᠥᠷᠥᠯ᠂ ᠴᠠᠭᠠᠨ ᠢᠳᠡᠭᠡᠨ ᠤᠢᠯᠡᠳᠪᠤᠷᠢᠯᠡᠬᠦ 3 ᠠᠵᠤ ᠠᠬᠤᠢᠯᠠᠯᠢ ᠳᠡᠩᠰᠡᠯᠡᠵᠦ᠍ ᠬᠢᠨᠠᠨ ᠲᠣᠭ᠍ᠲᠠᠭᠠᠬᠤ ᠠᠵᠢᠯᠢ ᠨᠢᠭᠡᠨᠳᠡ ᠥᠷᠨᠢᠭᠦᠯᠪᠡ᠃ 5 ᠰᠠᠷᠠ ᠢ᠋ᠢᠨ ᠡᠬᠢ ᠪᠡᠷ᠂ ᠮᠣᠩᠭᠣᠯ ᠤᠯᠤᠰ ᠤ᠋ᠨ ᠢᠳᠡᠭᠡᠨᠦ ᠠᠮᠤᠷ ᠲᠦᠪᠱᠢᠨᠦ ᠭᠤᠤᠯᠯᠠᠨ ᠬᠠᠮᠢᠶᠠᠷᠬᠤ ᠰᠠᠯᠠᠭᠠ ᠮᠥᠴᠢᠷ ᠪᠣᠯᠤᠨ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠳ᠋ᠤ᠌ ᠬᠠᠨᠳᠤᠭᠤᠯᠤᠨ ᠲᠤᠰᠭᠠᠶ ᠤᠬᠠᠭᠤᠯᠤᠨ ᠲᠠᠨᠢᠯᠴᠠᠭᠤᠯᠬᠤ ᠰᠣᠯᠢᠯᠴᠠᠭᠠᠨ ᠤ᠋ ᠬᠤᠷᠠᠯ ᠥᠷᠨᠢᠭᠦᠯᠵᠦ᠍᠂ ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠢᠳᠡᠭᠡᠨᠦ ᠠᠷᠠᠯᠵᠢᠶᠡ ᠢ᠋ᠢᠨ ᠠᠮᠤᠷ ᠲᠦᠪᠱᠢᠨ ᠰᠠᠭᠠᠳ ᠥᠬᠡᠶ ᠪᠠᠢᠬᠤ ᠪᠠᠲᠤ ᠰᠠᠭᠤᠷᠢ ᠢ᠋ᠢ ᠲᠠᠯᠪᠢᠪᠠ᠃
— ᠬᠦᠷᠰᠢ ᠵᠡᠷᠬᠡᠯᠡᠳᠡᠬᠡ ᠤᠯᠤᠰᠯᠤᠭᠠ ᠪᠠᠢᠴᠠᠭᠠᠨ ᠱᠢᠯᠭᠠᠵᠤ ᠪᠠᠢᠴᠠᠭᠠᠨ ᠬᠡᠮᠵᠢᠬᠦ ᠭᠡᠷᠡᠴᠢᠯᠡᠭᠡ ᠢ᠋ᠢᠨ ᠬᠠᠮᠳᠤᠷᠠᠯᠴᠠᠭᠠᠨ ᠤ᠋ ᠲᠣᠭ᠍ᠲᠠᠴᠠ ᠢ᠋ᠢ ᠪᠠᠢᠭᠤᠯᠵᠤ᠂ ᠮᠣᠩᠭᠣᠯ ᠤᠯᠤᠰᠤᠨ ᠨᠡᠭᠦᠷᠡᠰᠤᠨ ᠤ᠋ ᠲᠤᠬᠠᠢ ᠱᠢᠰᠲ᠋ᠧᠮᠲᠦ ᠴᠢᠨᠠᠷᠲᠠᠶ ᠰᠤᠳᠤᠯᠭᠠᠨ ᠢ᠋ ᠥᠷᠨᠢᠭᠦᠯᠦᠨ᠂ ᠠᠳᠠᠯᠢ ᠪᠤᠰᠤ ᠶᠠᠰᠤ ᠴᠢᠨᠠᠷ᠂ ᠲᠥᠷᠥᠯ ᠵᠦᠢᠯ᠂ ᠠᠭᠤᠷᠬᠠᠶ ᠢ᠋ᠢᠨ ᠳᠠᠪᠬᠤᠷᠭᠠ᠂ ᠠᠭᠤᠷᠬᠠᠶ ᠢ᠋ᠢᠨ ᠣᠷᠣᠨ ᠤ᠋ ᠨᠡᠭᠦᠷᠡᠰᠦᠨ ᠳ᠋ᠤ᠌ ᠶᠠᠰᠤ ᠴᠢᠨᠠᠷ ᠤ᠋ᠨ ᠵᠠᠳᠠᠯᠤᠯᠲᠠ ᠪᠠ ᠲᠣᠭᠠ ᠪᠠᠷᠢᠮᠲᠠ ᠢ᠋ᠢᠨ ᠨᠥᠭᠡᠴᠡᠯᠡᠯᠲᠡ ᠬᠢᠵᠦ᠍᠂ ᠮᠡᠳᠡᠭᠡ ᠵᠠᠩᠭᠢᠢ᠋ᠢ ᠬᠠᠷᠢᠯᠴᠠᠨ ᠨᠡᠪᠲᠡᠷᠡᠯᠴᠡᠬᠦᠯᠬᠦ ᠪᠠ ᠬᠢᠨᠠᠯᠲᠠ ᠬᠠᠮᠢᠶᠠᠷᠤᠯᠲᠠᠢ᠋ᠢ ᠵᠡᠷᠭᠡ ᠳ᠋ᠤᠨᠢ ᠴᠢᠬᠤᠯᠠᠴᠢᠯᠠᠬᠤ ᠢ᠋ᠢ ᠠᠬᠢᠭᠤᠯᠵᠦ᠂ ᠳᠤᠮᠳᠠᠳᠤ ᠮᠣᠩᠭᠣᠯ ᠤ᠋ᠨ ᠪᠣᠭᠣᠮᠲᠠ ᠢ᠋ᠢᠨ ᠡᠯᠡ ᠱᠠᠲᠤ ᠳᠠᠪᠬᠤᠷᠭᠠ ᠢ᠋ᠢᠨ ᠬᠠᠷᠢᠯᠴᠠᠬᠤ ᠲᠣᠭ᠍ᠲᠠᠴᠠ ᠢ᠋ᠢ ᠠᠰᠢᠬᠯᠠᠵᠤ᠂ ᠬᠣᠶᠠᠷ ᠲᠠᠯᠠ ᠢ᠋ᠢᠨ ᠮᠡᠷᠭᠡᠵᠢᠯᠦᠨ ᠲᠠᠯᠠᠪᠠᠷ ᠬᠢ ᠬᠠᠮᠲᠤᠷᠠᠯᠴᠠᠭᠠ ᠰᠣᠯᠢᠯᠴᠠᠭᠠ ᠢ᠋ᠢ ᠴᠢᠩᠭᠠᠷᠠᠭᠤᠯᠵᠤ᠂ ᠪᠠᠷᠢᠮᠵᠢᠶᠠ ᠪᠠ ᠪᠠᠢᠴᠠᠭᠠᠨ ᠬᠡᠮᠵᠢᠭ᠌ᠰᠡᠨ ᠦᠷᠡ ᠳ᠋ᠦᠩᠦᠨ ᠬᠠᠷᠢᠯᠴᠠᠨ ᠮᠡᠳᠡᠷᠡᠬᠦ᠌ ᠢ᠋ᠢ ᠠᠬᠢᠭᠤᠯᠤᠨᠠ ᠃
— ᠳᠣᠲᠣᠭᠠᠳᠤ ᠭᠠᠳᠠᠭᠠᠳᠤ ᠠᠷᠠᠯᠵᠢᠶᠠ ᠢ᠋ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ ᠢ᠋ᠢ ᠭᠦᠨᠵᠡᠭᠡᠢᠷᠡᠭᠦᠯᠵᠦ᠍᠂ ᠵᠠᠬᠠ ᠳᠡᠯᠭᠡᠭᠦᠷ ᠪᠠ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭᠠ ᠳ᠋ᠤ᠌ ᠠᠩᠬᠠᠷᠤᠯᠢᠶᠠᠨ ᠲᠥᠪᠯᠡᠷᠡᠭᠦᠯᠦᠨ᠂ ᠭᠤᠤᠯᠳᠠᠯᠭᠠᠲᠠᠶ ᠭᠠᠳᠠᠭᠠᠳᠤ ᠠᠷᠠᠯᠵᠢᠶᠠᠨ ᠤ᠋ ᠳᠠᠭᠠᠭᠤᠯᠤᠭ᠍ᠴᠢ ᠠᠵᠤ ᠠᠬᠤᠢᠯᠠᠯ AEO (ᠭᠡᠷᠡᠴᠢᠯᠡᠭᠡ ᠬᠢᠯᠭᠡᠭ᠌ᠰᠡᠨ ᠡᠵᠡᠩᠨᠡᠭ᠌ᠴᠢ) ᠢ᠋ ᠪᠣᠢᠵᠢᠭᠤᠯᠬᠤ ᠡᠷᠴᠢᠮᠢᠶᠡᠨ ᠴᠢᠩᠭᠠᠷᠠᠭᠤᠯᠵᠤ᠂ 16 ᠠᠵᠤ ᠠᠬᠤᠢᠯᠠᠯᠢ AEO ᠪᠣᠢᠵᠢᠭᠤᠯᠬᠤ ᠬᠥᠮᠥᠷᠭᠡ ᠳ᠋ᠤ᠌ ᠣᠷᠣᠭᠤᠯᠤᠨᠠ᠃ ᠤᠳᠤ ᠪᠣᠯᠲᠠᠯᠠ᠂ 6 ᠠᠵᠤ ᠠᠬᠤᠢᠯᠠᠯ AEO ᠵᠢᠨ ᠭᠡᠷᠡᠴᠢᠯᠡᠯᠢ ᠥᠩᠭᠡᠷᠡᠭᠡᠵᠦ᠍᠂ ᠲᠡᠭᠦᠨᠦ ᠠᠷᠠᠯᠵᠢᠶᠠᠨ ᠤ᠋ ᠦᠷᠳᠡᠭ ᠨᠢ ᠬᠠᠷᠢᠶᠠ ᠣᠷᠣᠨ ᠤ᠋ ᠠᠵᠤ ᠠᠬᠤᠢᠯᠠᠯ ᠤ᠋ᠨ ᠠᠷᠠᠯᠵᠢᠶᠠᠨ ᠤ᠋ ᠦᠷᠳᠡᠭᠤᠨ ᠳᠣᠲᠣᠷᠠ ᠡᠵᠡᠯᠡᠬᠦ᠌ ᠬᠤᠪᠢ ᠢ᠋ᠢᠨ ᠵᠢᠩ ᠨᠢ 44.5 % ᠪᠣᠯᠤᠨ ᠨᠡᠮᠡᠭᠳᠡᠵᠡᠢ᠃ ᠡᠭᠦᠨᠦ ᠬᠠᠮᠲᠤ᠂ 《ᠪᠣᠭᠣᠮᠲᠠ ᠢ᠋ᠢᠨ ᠳᠠᠷᠤᠭᠠ ᠲᠥᠷᠥ ᠢ᠋ᠢᠨ ᠪᠣᠳᠣᠯᠭᠠ ᠢ᠋ᠢ ᠬᠡᠷᠲᠦᠨᠢ ᠬᠦᠷᠭᠡᠬᠦ᠌》᠂ 《ᠨᠢᠭᠡ ᠥᠷᠲᠡᠭᠡᠴᠢᠯᠡᠭᠰᠡᠨ ᠮᠠᠶᠢᠭ ᠤ᠋ᠨ ᠤᠢᠯᠡᠴᠢᠯᠡᠬᠡ》 ᠢ᠋ᠢᠨ ᠲᠣᠭ᠍ᠲᠠᠴᠠ ᠳ᠋ᠤ᠌ ᠲᠦᠱᠢᠭ᠌ᠯᠡᠨ᠂ ᠭᠠᠳᠠᠭᠠᠳᠤ ᠤᠷᠤᠭᠤᠯᠤᠯᠳᠡ ᠭᠠᠷᠭᠠᠯᠳᠡ ᠢ᠋ᠢᠨ ᠠᠵᠤ ᠠᠬᠤᠢᠯᠠᠯ ᠳ᠋ᠤ᠌ ᠬᠠᠨᠳᠤᠭᠤᠯᠤᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠣᠭᠣᠮᠲᠠ ᠢ᠋ᠢᠨ ᠳᠡᠮᠵᠢᠯᠭᠡ ᠢ᠋ᠢᠨ ᠲᠥᠷᠥ ᠢ᠋ᠢᠨ ᠪᠣᠳᠣᠯᠭᠠ ᠢ᠋ᠢ ᠭᠦᠨᠵᠡᠭᠡᠶ ᠲᠠᠢᠯᠪᠤᠷᠢᠯᠠᠵᠤ᠂ ᠱᠢᠨᠡ ᠠᠷᠭᠠ ᠬᠡᠮᠵᠢᠶᠡ ᠲᠤᠬᠳᠠᠭᠠᠵᠦ᠂ ᠪᠤᠯᠪᠠᠰᠤᠷᠡᠯ ᠬᠦᠷᠳᠡᠭᠡᠵᠦ ᠤᠬᠠᠭᠤᠯᠤᠨ ᠲᠠᠢᠯᠪᠤᠷᠢᠯᠠᠬᠤ ᠡᠷᠴᠢᠮᠢ ᠴᠢᠩᠭᠠᠷᠠᠭᠤᠯᠤᠨᠠ᠃
— ᠬᠠᠷᠢᠶᠠ ᠣᠷᠣᠨ ᠤ᠋ ᠬᠢᠯᠢ ᠢ᠋ᠢᠨ ᠠᠷᠠᠳ ᠤ᠋ᠨ ᠬᠠᠷᠢᠯᠴᠠᠨ ᠠᠷᠠᠯᠵᠢᠶᠡ ᠮᠠᠢᠮᠠᠢ ᠬᠢᠬᠦ ᠠᠷᠠᠯᠵᠢᠶᠡᠨ ᠤ᠋ ᠭᠠᠳᠠᠭᠠᠳᠤ ᠡᠴᠡ ᠣᠷᠣᠭᠤᠯᠬᠤ ᠪᠠᠷᠠᠭᠠ ᠲᠠᠸᠠᠷᠢ ᠲᠠᠰ ᠳᠠᠪᠬᠤᠷᠭᠠ ᠬᠤᠪᠢᠶᠠᠨ ᠰᠢᠯᠭᠠᠨ ᠪᠠᠢᠴᠠᠭᠠᠬᠤ᠂ ᠲᠥᠷᠥᠯ ᠬᠤᠪᠢᠶᠠᠨ ᠬᠢᠨᠠᠨ ᠬᠠᠮᠢᠶᠠᠷᠬᠤ ᠢ᠋ᠢ ᠱᠢᠨᠡ ᠢ᠋ᠢ ᠡᠭᠦᠳᠤᠨ ᠬᠡᠷᠡᠭ᠌ᠵᠢᠭᠦᠯᠵᠦ᠍᠂ ᠭᠠᠳᠠᠭᠠᠳᠤ ᠳ᠋ᠤ᠌ ᠭᠠᠷᠭᠠᠬᠤ ᠪᠠᠷᠠᠭᠠ ᠲᠠᠸᠠᠷᠢ 《ᠲᠥᠪᠯᠡᠷᠡᠭᠦᠯᠦᠨ ᠪᠠᠢᠴᠠᠭᠠᠨ ᠱᠢᠯᠭᠠᠬᠤ》 ᠠᠵᠢᠯᠢ ᠱᠢᠨᠡ ᠢ᠋ᠢ ᠡᠬᠦᠳᠦᠨ ᠬᠡᠷᠡᠭ᠌ᠵᠢᠭᠦᠯᠬᠦ᠌ ᠢ᠋ᠢᠨ ᠬᠠᠮᠲᠤ᠂ 《ᠨᠠᠢᠳᠠᠨ ᠭᠤᠶᠤᠴᠢᠯᠠᠨ ᠮᠡᠳᠡᠭᠦᠯᠬᠦ᠌ + ᠲᠡᠭᠡᠭᠡᠪᠦᠷᠢ ᠢ᠋ᠢ ᠰᠢᠭᠤᠳ ᠨᠡᠪᠳᠡᠷᠡᠬᠦᠯᠬᠦ + ᠲᠤᠬᠠᠶ ᠢ᠋ᠢᠨ ᠲᠠᠯᠠᠪᠠᠶ ᠳ᠋ᠤ᠌ ᠬᠦᠷᠴᠦ᠍ ᠰᠢᠯᠭᠠᠨ ᠪᠠᠢᠴᠠᠭᠠᠬᠤ ᠡᠴᠡ ᠭᠡᠯᠳᠦᠷᠢᠭᠦᠯᠬᠦ᠌》 ᠪᠤᠯᠤᠨ 《ᠲᠤᠬᠠᠶ ᠢ᠋ᠢᠨ ᠲᠠᠯᠠᠪᠠᠶ ᠳ᠋ᠤ᠌ ᠱᠢᠯᠵᠢᠭᠦᠯᠦᠨ ᠪᠠᠢᠴᠠᠭᠠᠬᠤ + ᠮᠠᠰᠢᠨ ᠢ᠋ᠢᠡᠷ ᠰᠢᠯᠭᠠᠨ ᠪᠠᠢᠴᠠᠭᠠᠬᠤ》 ᠢ᠋ᠢᠨ《3 + 2》 ᠤ᠋ᠨ ᠴᠢᠯᠥᠭᠡᠲᠦ ᠠᠷᠠᠯᠵᠢᠶᠠᠨ ᠤ᠋ ᠣᠨᠴᠠᠯᠢᠭᠪᠦᠬᠦᠢ ᠲᠥᠬᠥᠮ ᠲᠦᠳᠡ ᠪᠣᠭᠣᠮᠲᠠᠪᠠᠷ ᠥᠩᠭᠡᠷᠡᠭᠦᠯᠬᠦ᠌ ᠠᠷᠭᠠ ᠬᠡᠮᠵᠢᠶᠡ ᠢ᠋ᠢ ᠳᠠᠪᠬᠤᠴᠠᠭᠤᠯᠤᠨ ᠬᠡᠷᠡᠭᠵᠢᠬᠦᠯᠵᠤ᠂ ᠡᠳ᠋ ᠪᠠᠷᠠᠭᠠᠨ ᠤ᠋ ᠪᠣᠭᠣᠮᠲᠠᠪᠠᠷ ᠥᠩᠭᠡᠷᠡᠬᠦ᠌ ᠴᠠᠭᠢ 20 % ᠡᠴᠡ ᠳᠡᠭᠡᠭ᠌ᠰᠢ ᠪᠣᠭᠣᠨᠢᠰᠭᠠᠨᠠ᠃ ᠡᠨᠡ ᠵᠢᠯ ᠡᠴᠡ ᠨᠠᠭᠠᠰᠢ᠂ ᠨᠤᠳᠤᠭᠰᠢᠭᠤᠯᠤᠨ ᠡᠳ᠋ᠰᠢᠬᠦᠯᠬᠦ 27 ᠠᠵᠤ ᠠᠬᠤᠢᠯᠠᠯ ᠢ᠋ ᠡᠷᠢᠶᠡᠨ ᠬᠣᠲᠠ ᠳ᠋ᠤ᠌ ᠰᠠᠭᠤᠷᠢᠰᠢᠭᠤᠯᠵᠤ᠂ ᠬᠢᠯᠢ ᠢ᠋ᠢᠨ ᠠᠷᠠᠳ ᠤ᠋ᠨ ᠬᠠᠷᠢᠯᠴᠠᠨ ᠠᠷᠠᠯᠵᠢᠶᠡ ᠮᠠᠢᠮᠠᠢ ᠬᠢᠬᠦ ᠭᠠᠳᠠᠭᠠᠳᠤ ᠡᠴᠡ ᠤᠷᠤᠭᠤᠯᠬᠤ ᠪᠠᠷᠠᠭᠠ ᠲᠠᠸᠠᠷ ᠤ᠋ᠨ ᠠᠷᠠᠯᠵᠢᠶᠠᠨ ᠤ᠋ ᠬᠡᠮᠵᠢᠶᠡ 1.37 ᠳ᠋ᠦᠩᠱᠢᠭᠤᠷ ᠲᠥᠭᠥᠷᠢᠭᠲᠦ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ᠬᠢ ᠡᠴᠡ 193% ᠪᠠᠷ ᠨᠡᠮᠡᠭᠳᠡᠵᠤ᠂ ᠡᠳ᠋ᠱᠢᠭᠦᠯᠵᠦ᠍ ᠪᠣᠯᠪᠠᠰᠤᠷᠠᠭᠤᠯᠬᠤ ᠬᠤᠪᠢ ᠢ᠋ᠢᠨ ᠵᠢᠩᠨᠢ 95.9 % ᠳ᠋ᠤ ᠬᠦᠷᠴᠡᠶ ᠃
ᠵᠠᠩ ᠵᠢᠩ ᠵᠧᠦ᠄ 《ᠬᠥᠬᠡᠬᠣᠲᠠ ᠪᠣᠭᠣᠮᠲᠠ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠦᠳᠦᠭᠡᠨ ᠪᠠᠢᠭᠤᠯᠤᠯᠲᠠ ᠢ᠋ᠢᠨ ᠶᠡᠬᠡ ᠲᠠᠯᠠ ᠳ᠋ᠤ᠌ ᠰᠠᠨᠠᠭᠠᠴᠢᠯᠠᠭᠠ ᠡᠴᠡ ᠪᠡᠨ ᠠᠭᠤᠰᠤᠯᠴᠠᠵᠤ᠂ ᠤᠯᠤᠰ ᠤ᠋ᠨ ᠡᠭᠦᠳᠡᠢ᠋ᠢ ᠰᠠᠬᠢᠬᠤ᠂ ᠬᠥᠭ᠌ᠵᠢᠯᠲᠡ ᠢ᠋ᠢ ᠠᠬᠢᠭᠤᠯᠬᠤ ᠡᠭᠦᠷᠭᠡ ᠬᠠᠷᠢᠭᠤᠴᠠᠯᠭᠠ ᠳ᠋ᠠᠭᠠᠨ ᠰᠠᠭᠤᠷᠢᠯᠡᠨ᠂ ᠬᠢᠨᠠᠯᠲᠠ ᠬᠠᠮᠢᠶᠠᠷᠤᠯᠲᠠ ᠢ᠋ᠢᠨ ᠳᠦᠷᠢᠮᠦᠨ ᠱᠢᠨᠡ ᠢ᠋ᠢ ᠡᠭᠦᠳᠬᠦ᠌ ᠪᠡᠷ ᠭᠣᠣᠯ ᠪᠤᠯᠭᠠᠵᠤ᠂ ᠬᠢᠨᠠᠯᠲᠠ ᠬᠠᠮᠢᠶᠠᠷᠤᠯᠲᠠ ᠢ᠋ᠢᠨ ᠦᠶ᠋ᠯᠡᠴᠢᠯᠡᠭᠡ ᠢ᠋ᠢ ᠱᠢᠯᠢᠳᠡᠭ᠌ᠵᠢᠭᠦᠯᠬᠦ᠌ ᠪᠡᠷ ᠲᠤᠯᠭᠠᠭᠤᠷᠢᠯᠠᠯ ᠪᠤᠯᠭᠠᠨ᠂ ᠲᠦᠭ᠌ᠰᠢᠭᠦᠷᠢ ᠢ᠋ᠢ ᠡᠵᠡᠮᠳᠡᠬᠦᠪᠠᠷ ᠬᠣᠷᠢᠭᠠ ᠱᠤᠭᠤᠮ ᠪᠤᠯᠭᠠᠵᠤ᠂ 〈ᠶᠡᠷᠦᠩᠬᠡᠶ ᠲᠥᠰᠦᠯ〉 ᠤ᠋ᠨ ᠡᠯᠡ ᠵᠦᠶ᠋ᠯᠦᠨ ᠥᠭᠡᠷᠡᠴᠢᠯᠡᠯᠲᠡ ᠢ᠋ᠢᠨ ᠡᠭᠦᠷᠭᠡ ᠢ᠋ᠢ ᠲᠡᠷᠡ ᠬᠡᠪ ᠢ᠋ᠢᠡᠷᠨᠢ ᠨᠠᠢᠳᠠᠪᠤᠷᠢᠵᠢᠭᠤᠯᠵᠤ᠂ ᠬᠥᠬᠡᠬᠣᠲᠠ ᠪᠣᠭᠣᠮᠲᠠ ᠢ᠋ᠢᠨ ᠵᠢᠡᠨ ᠣᠨᠴᠠᠯᠢᠭᠲᠠᠶ᠂ ᠥᠪᠥᠷ ᠮᠣᠩᠭᠣᠯ ᠤ᠋ᠨ ᠪᠣᠳᠠᠲᠠᠶ ᠳ᠋ᠤ᠌ ᠨᠡᠢᠴᠡᠭ᠌ᠰᠡᠨ ᠬᠢᠨᠠᠯᠳᠡ ᠬᠠᠮᠢᠶᠠᠷᠤᠯᠳᠡ ᠢ᠋ᠢᠨ ᠦᠶ᠋ᠯᠡᠴᠢᠯᠡᠭᠡᠨᠦ ᠵᠠᠭ᠍ᠪᠤᠷ ᠢ᠋ ᠰᠦᠪᠡᠭᠴᠢᠯᠡᠵᠤ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠢ᠋ ᠪᠡᠯᠡ ᠣᠷᠣᠭᠤᠯᠵᠦ ᠠᠷᠠᠯᠵᠢᠶᠡ ᠬᠢᠬᠦ ᠳ᠋ᠤ ᠲᠦᠬᠦᠮ᠂ ᠱᠢᠨᠡ ᠢ᠋ᠢ ᠡᠭᠦᠳᠬᠦ᠌ ᠠᠮᠢ ᠠᠬᠤᠶ ᠰᠢᠯᠢᠳᠡᠭ ᠰᠠᠢᠨ᠂ ᠳᠠᠪᠠᠭᠤᠯᠢᠭ ᠠᠵᠤ ᠦᠢᠯᠡᠰᠲᠦᠢᠪᠯᠡᠷᠡᠭᠰᠡᠨ᠂ ᠣᠯᠠᠨ ᠤᠯᠤᠰ ᠤ᠋ᠨ ᠶᠠᠪᠤᠯᠴᠠᠭᠠ ᠬᠦᠭᠵᠢᠶᠡᠨ ᠲᠠᠢ ᠪᠠᠢᠬᠤ ᠪᠦᠲᠦᠭᠡᠨ ᠪᠠᠢᠭᠤᠯᠤᠯᠲᠠ ᠢ᠋ᠢᠨ ᠬᠠᠷᠠᠯᠲᠠ ᠶ᠋ᠢ ᠪᠡᠶᠡᠯᠡᠬᠦᠯᠬᠦ ᠪᠡᠷ ᠴᠢᠷᠮᠠᠢᠨᠡ》 ᠭᠡᠵᠤ ᠲᠠᠷᠠᠭᠠᠴᠢ ᠢ᠋ᠢᠨ ᠠᠵᠢᠯᠵᠢᠡᠨ ᠲᠠᠨᠢᠯᠴᠠᠭᠤᠯᠪᠠ᠃