《ᠣᠳᠣᠬᠢᠴᠢᠯᠠᠭ᠍ᠰᠠᠨ ᠥᠪᠥᠷ ᠮᠣᠩᠭᠣᠯ ᠢ᠋ ᠪᠦᠳᠦᠭᠡᠨ ᠪᠠᠢᠭᠤᠯᠤᠶ᠎ᠠ》 ᠱᠢᠷᠢᠰ ᠴᠤᠪᠤᠷᠠᠯ ᠨᠤᠮ ᠢ᠋ ᠬᠡᠪᠯᠡᠨ ᠲᠠᠷᠬᠠᠭᠠᠪᠠ
2026-05-23 09:54:48
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ ᠤ᠋ᠨ ᠭᠦᠨ ᠤᠬᠠᠭᠠᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠲᠤᠭᠤᠱᠢᠯᠠᠭᠤᠯᠵᠤ᠂ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠡᠲᠡᠭᠡᠳ ᠤ᠋ᠨ ᠬᠢᠨ ᠤ᠋ ᠰᠢ ᠵᠢᠨ ᠫᠢᠩ ᠤ᠋ᠨ ᠰᠣᠶᠣᠯ ᠤ᠋ᠨ ᠦᠵᠡᠯ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ ᠤ᠋ᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠤᠬᠠᠭᠤᠯᠬᠤ ᠬᠡᠯᠲᠡᠰ ᠡᠴᠡ ᠰᠡᠳᠦᠵᠦ ᠤᠬᠠᠭᠠᠯᠠᠭ᠍ᠰᠠᠨ 《ᠣᠳᠣᠬᠢᠴᠢᠯᠠᠭ᠍ᠰᠠᠨ ᠥᠪᠥᠷ ᠮᠣᠩᠭᠣᠯ ᠢ᠋ ᠪᠦᠳᠦᠭᠡᠨ ᠪᠠᠢᠭᠤᠯᠤᠶ᠎ᠠ》 ᠭᠡᠬᠦ᠌ ᠱᠢᠷᠢᠰ ᠴᠤᠪᠤᠷᠠᠯ ᠨᠤᠮ ᠢ᠋ ᠲᠦᠷᠦᠬᠦᠬᠡᠨ ᠬᠡᠪᠯᠡᠨ ᠲᠠᠷᠬᠠᠭᠠᠪᠠ᠃

ᠲᠤᠰ ᠰᠢᠷᠢᠰ ᠴᠤᠪᠤᠷᠠᠯ ᠨᠤᠮ ᠨᠢ ᠨᠡᠢᠲᠡ 8 ᠪᠣᠲᠢ ᠲᠠᠢ ᠪᠠᠢᠵᠤ᠂ ᠦᠰᠦᠭ ᠵᠢᠷᠤᠭ ᠬᠤᠤᠰᠯᠠᠭᠤᠯᠤᠨ᠂ ᠪᠠᠶᠠᠨ ᠬᠦᠴᠦᠷᠬᠡᠭ᠂ ᠪᠦᠯᠬᠦᠮᠳᠡᠯ ᠲᠡᠶ᠂ ᠬᠠᠤᠯᠢ ᠪᠠᠷ ᠵᠠᠰᠠᠬᠤ᠂ ᠪᠣᠯᠪᠠᠰᠤᠨ᠂ ᠦᠵᠡᠰᠭᠦᠯᠡᠩᠲᠦ ᠰᠠᠢᠬᠠᠨ᠂ ᠠᠮᠤᠷ ᠠᠮᠤᠭᠤᠯᠠᠩ᠂ ᠨᠡᠭᠡᠭᠡᠯᠲᠡᠲᠦ᠂ ᠠᠷᠢᠭᠤᠨ ᠴᠢᠬᠡᠴᠢ ᠥᠪᠥᠷ ᠮᠣᠩᠭᠣᠯ ᠢ᠋ ᠪᠥᠲᠥᠭᠡᠨ ᠪᠠᠢᠭᠤᠯᠬᠤ ᠲᠠᠯ᠎ᠠ ᠪᠠᠷ ᠬᠢ ᠥᠪᠥᠷ ᠮᠣᠩᠭᠣᠯ ᠤ᠋ᠨ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠠᠬᠢᠭᠤᠯᠬᠤ ᠦᠶ᠋ᠯᠡᠳᠦᠯᠭᠡ ᠶ᠋ᠢᠨ ᠰᠥᠪᠡᠭ᠌ᠴᠢᠯᠡᠯᠲᠡ ᠪᠠ ᠣᠨᠣᠯ ᠤ᠋ᠨ ᠦᠷ᠎ᠡ ᠪᠦᠲᠦᠭᠡᠯ ᠢ᠋ ᠱᠢᠰᠲ᠋ᠧᠮ ᠲᠡᠶ ᠡᠮᠬᠢᠯᠡᠵᠦ᠍᠂ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠮᠢᠳᠤᠯᠢᠭ ᠢ᠋ᠶ᠋ᠠᠷ ᠢᠯᠡᠷᠡᠭᠦᠯᠪᠡ᠃ ᠲᠤᠰ ᠰᠢᠷᠢᠰ ᠴᠤᠪᠤᠷᠠᠯ ᠨᠤᠮ ᠢ᠋ ᠨᠠᠢᠷᠠᠭᠤᠯᠤᠨ ᠪᠢᠴᠢᠬᠦ᠌ ᠳ᠋ᠦ ᠣᠷᠣᠯᠴᠠᠭ᠍ᠰᠠᠨ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠳᠡᠳ᠋ ᠵᠠᠬᠢᠷᠤᠯ ᠳ᠋ᠦ᠋ ᠹᠸᠩ ᠯᠢᠶᠠᠨ ᠢᠯᠡᠷᠬᠡᠢᠯᠡᠬᠦ᠌ ᠳ᠋ᠡᠭᠡᠨ᠂ ᠲᠤᠰ ᠰᠢᠷᠢᠰ ᠴᠤᠪᠤᠷᠠᠯ ᠨᠤᠮ ᠪᠣᠯ ᠥᠪᠥᠷ ᠮᠣᠩᠭᠣᠯ ᠤ᠋ᠨ ᠭᠦᠨ ᠤᠬᠠᠭᠠᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠥᠭ᠌ᠵᠢᠯᠲᠡ ᠶ᠋ᠢᠨ ᠶᠡᠬᠡ ᠲᠠᠯ᠎ᠠ ᠳ᠋ᠦ ᠦᠢᠯᠡᠴᠢᠯᠡᠭ᠌ᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠃ ᠨᠤᠮ ᠳ᠋ᠦ 50 ᠭᠠᠷᠤᠶ ᠲᠤᠰᠭᠠᠶ ᠮᠡᠷᠭᠡᠵᠢᠯᠲᠡᠨ ᠡᠷᠳᠡᠮᠲᠡᠨ ᠤ᠋ ᠣᠶᠤᠨ ᠤᠬᠠᠭᠠᠨ ᠬᠦᠴᠦᠨ ᠴᠢᠳᠠᠯ ᠢ᠋ ᠨᠢᠭ᠍ᠲᠠᠷᠠᠭᠤᠯᠵᠤ᠂ ᠣᠯᠠᠨ ᠵᠢᠯ ᠤ᠋ᠨ ᠲᠤᠷᠰᠢ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠣᠨᠣᠯ ᠤ᠋ᠨ ᠭᠦᠨᠴᠡ ᠵᠢ ᠴᠢᠬᠤᠯᠠᠴᠢᠯᠠᠭ᠍ᠰᠠᠨ ᠢ᠋ᠶ᠋ᠠᠷ ᠪᠠᠷᠠᠬᠤ ᠥᠬᠡᠶ ᠪᠠᠰᠠ ᠦᠶ᠋ᠯᠡᠳᠦᠯᠭᠡ ᠶ᠋ᠢᠨ ᠵᠢᠯᠣᠭᠣᠳᠭᠤ ᠴᠢᠨᠠᠷ᠎ᠢ ᠬᠠᠷᠠᠭᠠᠯᠵᠠᠵᠤ᠂ ᠵᠢᠱ᠌ᠢᠶ᠎ᠡ ᠨᠢ ᠠᠮᠢᠳᠤᠯᠢᠭ᠂ ᠲᠣᠭ᠎ᠠ ᠪᠠᠷᠢᠮᠲᠠ ᠨᠢ ᠨᠠᠷᠢᠨ ᠪᠣᠳᠠᠲᠠᠶ ᠪᠠᠢᠵᠤ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ ᠵᠢ ᠠᠬᠢᠭᠤᠯᠤᠭ᠍ᠰᠠᠨ ᠥᠪᠡᠷᠮᠢᠴᠡ ᠲᠤᠷᠱᠢᠯᠭ᠎ᠠ ᠵᠢ ᠨᠠᠷᠢᠨ ᠣᠨᠣᠴᠠᠲᠠᠶ ᠪᠠᠷ ᠪᠣᠯᠪᠠᠰᠤᠷᠠᠭᠤᠯᠪᠠ ᠭᠡᠵᠡᠶ᠃

ᠣᠢᠯᠠᠭᠠᠭ᠍ᠰᠠᠨ ᠢ᠋ᠶ᠋ᠠᠷ᠂ ᠲᠣᠰ ᠰᠢᠷᠢᠰ ᠴᠤᠪᠤᠷᠠᠯ ᠨᠤᠮ ᠢ᠋ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠲᠤᠯᠭᠤᠷ ᠪᠢᠴᠢᠭ ᠤ᠋ᠨ ᠬᠡᠪᠯᠡᠯ ᠤ᠋ᠨ ᠬᠣᠷᠢᠶ᠎ᠠ ᠡᠴᠡ ᠬᠡᠪᠯᠡᠭ᠌ᠰᠡᠨ ᠪᠥᠭᠡᠳ 《ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠰᠤᠳᠤᠯᠭᠠᠨ ᠤ᠋ ᠰᠢᠷᠢᠰ ᠴᠤᠪᠤᠷᠠᠯ ᠨᠤᠮ ᠤ᠋ᠨ ᠬᠡᠪᠯᠡᠯ ᠤ᠋ᠨ ᠢᠨᠵᠧᠨᠧᠷᠢᠩ》 ᠳ᠋ᠤ ᠣᠷᠣᠭᠤᠯᠵᠤ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ ᠳ᠋ᠦ ᠱᠢᠰᠲ᠋ᠧᠮ ᠲᠡᠶ ᠣᠨᠣᠯ ᠤ᠋ᠨ ᠳ᠋ᠦᠩᠨᠡᠯᠲᠡ ᠪᠠ ᠦᠶ᠋ᠯᠡᠳᠦᠯᠭᠡ ᠶ᠋ᠢᠨ ᠯᠠᠪᠯᠠᠯᠲᠠ ᠬᠠᠩᠭᠠᠵᠦ᠂ ᠪᠥᠬᠥ᠌ ᠣᠷᠣᠨ ᠤ᠋ ᠺᠠᠳ᠋ᠷ ᠣᠯᠠᠨ ᠲᠦᠮᠡᠨ ᠤ᠋ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠠᠭᠤᠯᠤᠭ᠍ᠳᠠᠬᠤᠨ ᠢ᠋ ᠰᠤᠷᠤᠯᠴᠠᠨ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ 《1571》 ᠠᠵᠢᠯ ᠤ᠋ᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠴᠢᠬᠤᠯᠠ ᠤᠩᠰᠢᠬᠤ ᠨᠤᠮ ᠪᠤᠯᠵᠦ᠂ ᠡᠯ᠎ᠡ ᠡᠲᠡᠭᠡᠳ ᠤ᠋ᠨ ᠬᠢᠨ ᠢ᠋ ᠬᠥᠲᠥᠯᠥᠨ ᠵᠢᠯᠣᠭᠣᠳᠴᠤ᠌ ᠪᠠᠢᠭᠠᠳ ᠬᠥᠭ᠌ᠵᠢᠯᠲᠡ ᠶ᠋ᠢᠨ ᠠᠮᠵᠢᠯᠲᠠ ᠡᠴᠡ ᠤᠷᠤᠭ᠍ᠰᠢᠯᠠᠨ ᠳᠠᠪᠱᠢᠬᠤ ᠬᠦᠴᠦᠨ ᠣᠯᠭᠣᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠭᠠᠷᠭᠠᠬᠤ ᠪᠠᠷ ᠳᠡᠮᠵᠢᠨ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号