5 ᠰᠠᠷ᠎ᠠ᠎ᠶ᠋ᠢᠨ 20 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠨᠠᠢ᠍ᠮᠠᠳᠤᠭᠠᠷ ᠬᠤᠷᠠᠯ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠤᠯᠠ ᠣᠷᠣᠯᠴᠠᠭᠰᠡᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠬᠤᠷᠠᠯ᠎ᠳᠤ ᠰᠤᠯᠠ ᠣᠷᠣᠯᠴᠠᠭᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠬᠡᠷᠡᠭ᠌ᠵᠢᠭᠦᠯᠦᠯᠲᠡ᠎ᠶ᠋ᠢ ᠠᠬᠢᠭᠤᠯᠬᠤ ᠲᠣᠭᠣᠷᠢᠨ᠎ᠳᠤ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
9 ᠲᠥᠯᠥᠭᠡᠯᠡᠭ᠌ᠴᠢ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠬᠡᠷᠡᠭ᠌ᠵᠢᠭᠦᠯᠦᠯᠲᠡ᠎ᠶ᠋ᠢ ᠠᠬᠢᠭᠤᠯᠬᠤ ᠲᠣᠭᠣᠷᠢᠨ᠎ᠳᠤ ᠦᠭᠡ ᠬᠡᠯᠡᠵᠤ᠂ ᠬᠤᠷᠠᠯ᠎ᠳᠤ ᠣᠷᠣᠯᠴᠠᠭ᠍ᠰᠠᠨ ᠪᠤᠰᠤᠳ ᠠᠷᠠᠳ᠎ᠤᠨ ᠲᠥᠯᠥᠭᠡᠯᠡᠭ᠌ᠴᠢ ᠴᠦ᠍ ᠪᠢᠴᠢᠭ᠎ᠦᠨ ᠬᠡᠯᠪᠡᠷᠢ᠎ᠪᠡᠷ ᠦᠭᠡ ᠬᠡᠯᠡᠬᠦ ᠮᠠᠲ᠋ᠧᠷᠢᠶᠠᠯ᠎ᠢᠶᠠᠨ ᠳᠡᠪᠱᠢᠭᠦᠯᠪᠡ᠃ ᠣᠯᠠᠨ᠎ᠢᠶᠠᠷ᠎ᠢᠶᠠᠨ ᠪᠠᠢᠴᠠᠭᠠᠨ ᠰᠤᠳᠤᠯᠵᠤ ᠣᠢᠯᠠᠭᠠᠭ᠍ᠰᠠᠨ ᠪᠠᠢᠳᠠᠯ ᠪᠣᠯᠤᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠬᠡᠷᠡᠭ᠌ᠵᠢᠭᠦᠯᠦᠯᠲᠡ᠎ᠶ᠋ᠢ ᠠᠬᠢᠭᠤᠯᠬᠤ ᠲᠤᠬᠠᠶ ᠠᠳᠠᠯᠢ ᠪᠤᠰᠤ ᠲᠠᠯ᠎ᠠ ᠡᠴᠡ ᠰᠠᠨᠠᠯ ᠰᠠᠨᠠᠭᠤᠯᠭ᠎ᠠ ᠳᠤᠷᠠᠳᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠮᠸᠩ ᠨᠢᠦ ᠰᠦ᠎ᠶ᠋ᠢᠨ ᠦᠢᠯᠡᠰ (ᠪᠦᠯᠦᠭ᠌ᠯᠡᠯ) ᠤ᠋ᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠪᠦᠬᠦ᠌ ᠪᠥᠮᠪᠥᠷᠴᠡᠭ᠎ᠦᠨ ᠰᠤᠳᠤᠯᠤᠨ ᠨᠡᠭᠡᠭᠡᠵᠤ ᠱᠢᠨ᠎ᠡ᠎ᠶ᠋ᠢ ᠡᠭᠦᠳᠬᠦ᠌ ᠲᠥᠪ᠎ᠦᠨ ᠰᠤᠳᠤᠯᠤᠨ ᠨᠡᠭᠡᠭᠡᠬᠦ᠌ ᠶᠡᠷᠦᠩᠬᠡᠢ ᠬᠢᠨᠠᠭ᠍ᠴᠢ ᠱ᠌ᠢ ᠢᠦᠢ ᠳ᠋ᠦᠩ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ ᠨᠢ ᠰᠦ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠠᠵᠠ ᠲᠣᠬᠢᠶᠠᠯ ᠬᠠᠩᠭᠠᠭ᠍ᠰᠠᠨ᠎ᠢᠶᠠᠷ ᠪᠠᠷᠠᠬᠤ ᠦᠭᠡᠢ᠂ ᠪᠠᠰᠠ ᠰᠦ᠎ᠶ᠋ᠢᠨ ᠦᠢᠯᠡᠰ ᠵᠢᠡᠷ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠱᠢᠨ᠎ᠡ ᠲᠠᠪᠴᠠᠩ ᠬᠠᠩᠭᠠᠵᠠᠢ ᠭᠡᠪᠡ᠃ ᠲᠡᠷᠡ 《ᠰᠦ ᠵᠢᠨ ᠦᠶ᠋ᠯᠡᠰ᠎ᠢ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠭᠤᠤᠯᠳᠠᠯᠭ᠎ᠠ᠎ᠲᠠᠶ ᠠᠵᠤ ᠦᠶ᠋ᠯᠡᠰ᠎ᠢ ᠲᠡᠳᠬᠦᠬᠦ ᠬᠡᠪᠴᠢᠶᠡᠨ᠎ᠳᠦ ᠣᠷᠣᠭᠤᠯᠵᠤ᠂ ᠰᠦ ᠵᠢᠨ ᠢᠷᠡᠯᠲᠡ᠎ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠂ ᠰᠠᠭᠠᠯᠢ᠎ᠶ᠋ᠢᠨ ᠲᠠᠷᠢᠶᠠᠴᠢᠨ ᠤ᠋ ᠮᠠᠯ ᠲᠡᠵᠢᠭᠡᠨ ᠦᠷᠡᠵᠢᠭᠦᠯᠬᠦ᠌ ᠮᠡᠷᠭᠡᠵᠢᠯ᠎ᠦᠨ ᠪᠣᠯᠪᠠᠰᠤᠷᠠᠯ᠂ ᠲᠦᠭᠦᠬᠡᠶ ᠰᠦ ᠵᠢᠨ ᠦᠨ᠎ᠡ ᠬᠠᠩᠰᠢ᠎ᠶ᠋ᠢᠨ ᠪᠠᠲᠤᠯᠠᠭ᠎ᠠ ᠵᠡᠷᠭᠡ ᠲᠠᠯ᠎ᠠ᠎ᠪᠠᠷ᠎ᠬᠢ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠬᠤ》 ᠵᠡᠷᠭᠡ ᠪᠣᠳᠠᠲᠠᠶ ᠰᠠᠨᠠᠭᠤᠯᠭ᠎ᠠ ᠳᠤᠷᠠᠳᠴᠠᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠵᠥᠩ ᠬᠤᠸᠠᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠᠩ ᠶᠦᠨ᠂ ᠥᠪᠡᠷᠲᠡᠭᠡᠨ ᠵᠠᠰᠠᠬᠤ ᠣᠷᠣᠨ 《ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ》 ᠢ᠋ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠳ᠋ᠤ ᠣᠷᠣᠭᠤᠯᠵᠤ᠂ ᠣᠳᠣᠬᠠᠨ᠎ᠤ ᠠᠵᠢᠯ ᠣᠯᠭᠣᠯᠲᠠ᠎ᠶ᠋ᠢᠨ ᠠᠵᠢᠯ᠎ᠤᠨ ᠵᠠᠩᠭᠢᠯᠠᠭ᠎ᠠ᠎ᠶ᠋ᠢ ᠠᠳᠭᠤᠪᠠ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ᠂ ᠠᠵᠢᠯ᠎ᠤᠨ ᠪᠠᠢᠷᠢ᠎ᠶ᠋ᠢ ᠥᠷᠭᠡᠳᠭᠡᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠤᠶᠠᠯᠳᠤᠭᠤᠯᠤᠨ ᠠᠬᠢᠭᠤᠯᠵᠤ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠵᠤᠬᠢᠴᠠᠭᠤᠯᠤᠬᠰᠠᠨ ᠮᠦᠷᠳᠡᠭᠡᠨ ᠠᠷᠠᠳ ᠲᠦᠮᠡᠨ᠎ᠦ ᠠᠵᠢᠯ ᠣᠯᠭᠣᠯᠲᠠ᠎ᠶ᠋ᠢᠨ ᠠᠩᠬᠠᠷᠤᠯ᠎ᠳᠤ ᠬᠠᠷᠢᠭᠤᠯᠲᠠ ᠥᠭ᠌ᠭᠦᠭ᠌ᠰᠡᠨ ᠪᠠᠢᠨ᠎ᠠ ᠭᠡᠪᠡ᠃
《ᠡᠨᠡ ᠵᠢᠯ ᠥᠪᠡᠷᠲᠡᠭᠡᠨ ᠵᠠᠰᠠᠬᠤ ᠣᠷᠣᠨ〈ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ〉 ᠢ᠋ ᠬᠡᠷᠡᠭ᠌ᠵᠢᠭᠦᠯᠵᠦ᠍᠂ ᠠᠵᠢᠯ ᠪᠤᠯᠭᠠᠨ ᠠᠷᠠᠳ᠎ᠤᠨ ᠠᠮᠢᠳᠤᠷᠠᠯ᠎ᠲᠠᠶ ᠣᠢᠷᠠᠳᠴᠤ᠂ ᠶᠠᠪᠤᠳᠠᠯ ᠪᠤᠯᠭᠠᠨ ᠠᠷᠠᠳ᠎ᠤᠨ ᠰᠡᠳᠭᠢᠯ᠎ᠲᠡᠶ ᠬᠣᠯᠪᠣᠭ᠍ᠳᠠᠨ᠎ᠠ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠶᠢᠨ ᠵᠦ᠍ ᠤᠰᠤᠨ ᠲᠤᠲᠤᠷᠭ᠎ᠠ᠎ᠶ᠋ᠢᠨ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠫᠢᠶᠣᠣ ᠴᠧᠩ ᠺᠦᠢ᠂ ᠲᠤᠬᠠᠢ᠎ᠶ᠋ᠢᠨ ᠭᠠᠵᠠᠷ᠎ᠢᠶᠠᠷ ᠪᠠᠢᠴᠠᠭᠠᠨ ᠰᠤᠳᠤᠯᠤᠭ᠍ᠰᠠᠨ ᠪᠠᠢᠳᠠᠯ᠎ᠡᠴᠡ ᠦᠵᠡᠪᠡᠯ᠂ ᠡᠯ᠎ᠡ ᠵᠦᠢᠯ᠎ᠦᠨ ᠢᠨᠵᠧᠨᠧᠷᠢᠩ ᠶᠡᠬᠡ ᠠᠬᠢᠴᠠ ᠲᠠᠢ ᠪᠤᠯᠵᠤ᠂ ᠠᠷᠠᠳ ᠤᠯᠠᠨ ᠨᠢᠭᠡᠨᠲᠡ ᠲᠦᠷᠦ᠍᠎ᠶ᠋ᠢᠨ ᠪᠤᠳᠤᠯᠭ᠎ᠠ᠎ᠶ᠋ᠢᠨ ᠬᠦᠷᠳᠡᠭᠡᠭᠰᠡᠨ ᠬᠠᠢᠷ᠎ᠠ ᠬᠠᠯᠠᠮᠵᠢ ᠪᠠ ᠪᠣᠳᠠᠲᠤ ᠠᠱᠢᠭ ᠲᠤᠰᠠ᠎ᠶ᠋ᠢ ᠮᠡᠳᠡᠷᠡᠪᠡ ᠭᠡᠵᠡᠢ᠃
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠨᠢᠭᠡᠪᠦᠷᠢ᠎ᠶ᠋ᠢᠨ ᠶᠠᠷᠢᠶ᠎ᠠ᠎ᠨᠢ ᠴᠥᠮ ᠥᠪᠡᠷᠲᠡᠭᠡᠨ ᠵᠠᠰᠠᠬᠤ ᠣᠷᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠦᠭ᠌ᠰᠡᠨ ᠲᠣᠰ ᠪᠡᠶ᠎ᠡ᠎ᠶ᠋ᠢᠨ ᠥᠩᠭᠡᠷᠡᠯᠲᠡ ᠪᠠ ᠭᠦᠨᠵᠡᠭᠡᠶ ᠪᠣᠳᠣᠯᠬᠢᠯᠠᠯ᠎ᠢ ᠢᠯᠡᠷᠡᠭᠦᠯᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠦ ᠬᠦᠰᠡᠯ ᠪᠣᠳᠣᠯ᠎ᠢ ᠣᠨᠣᠪᠴᠢᠲᠠᠶ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯ᠎ᠢ ᠱᠢᠯᠢᠳᠡᠭ᠌ᠵᠢᠭᠦᠯᠬᠦ᠌᠂ ᠬᠡᠷᠡᠭ ᠵᠥᠪᠯᠡᠵᠦ᠍ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠦᠪᠱᠢᠨ᠎ᠢ ᠳᠡᠭᠡᠭ᠌ᠰᠢᠯᠡᠭᠦᠯᠬᠦ᠌᠎ᠳᠦ ᠯᠠᠪᠯᠠᠯᠲᠠ ᠬᠠᠩᠭᠠᠪᠠ᠃
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠠᠯᠠᠭ᠎ᠠ᠂ ᠠᠯᠢᠪᠠ ᠪᠠᠭ᠎ᠠ ᠤᠴᠢᠷ᠎ᠢ ᠴᠤ᠌ ᠬᠠᠯᠠᠮᠵᠢᠯᠠᠨ ᠰᠡᠳᠭᠢᠯ᠎ᠳᠡᠭᠡᠨ ᠪᠤᠳᠤᠬᠤ ᠬᠡᠷᠡᠭᠲᠡᠢ᠃ ᠲᠥᠯᠥᠭᠡᠯᠡᠭ᠌ᠴᠢᠳ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌᠎ᠶ᠋ᠢᠨ ᠴᠢᠬᠤᠯᠠ ᠠᠴᠢ ᠬᠣᠯᠪᠣᠭ᠍ᠳᠠᠯ᠎ᠢ ᠤᠯᠠᠮ ᠨᠢᠭᠡ ᠠᠯᠬᠤᠮ ᠭᠦᠨᠵᠡᠭᠡᠶ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠶ ᠪᠣᠯᠭᠠᠨ ᠦᠢᠯᠡᠳᠦᠯᠭᠡᠵᠢᠭᠦᠯᠬᠦ᠌ ᠲᠠᠯ᠎ᠠ᠎ᠡᠴᠡ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠨ ᠠᠬᠢᠭᠤᠯᠤᠨ᠎ᠠ᠃ ᠡᠭᠦᠨ᠎ᠦ ᠬᠠᠮᠲᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠠᠷᠠᠳ ᠲᠦᠮᠡᠨ᠎ᠦ ᠳᠤᠮᠳᠠ᠎ᠡᠴᠡ ᠢᠷᠡᠵᠦ᠍᠂ ᠠᠷᠠᠳ ᠲᠦᠮᠡᠨ᠎ᠦ ᠳᠤᠮᠳᠠ ᠦᠨᠳᠦᠰᠦᠯᠡᠬᠦ ᠣᠨᠴᠠᠯᠢᠭ ᠪᠠ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌᠎ᠳᠦ ᠲᠠᠰᠤᠷᠠᠯᠲᠠ ᠥᠬᠡᠶ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠵᠡᠭᠡᠪᠡ᠃