— ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠳᠡᠰ ᠳᠡᠪᠰᠢᠬᠦ᠎ᠶᠢ ᠲᠦᠷᠭᠡᠳᠭᠡᠬᠦ ᠲᠤᠬᠠᠢ ᠠᠵᠢᠭ᠍ᠯᠠᠯᠲᠠ
ᠮᠠᠨ᠎ᠤ ᠤᠯᠤᠰ᠎ᠤᠨ ᠠᠩᠬᠠᠳᠠᠭ᠍ᠴᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠲᠤᠬᠠᠢ ᠰᠠᠭᠤᠷᠢ ᠴᠢᠨᠠᠷᠲᠠᠢ ᠬᠠᠤᠯᠢ ᠴᠠᠭᠠᠵᠠ ᠪᠣᠯᠤᠭᠰᠠᠨ᠎ᠤ ᠬᠤᠪᠢ᠎ᠳᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢ 2025 ᠣᠨ᠎ᠤ 5 ᠰᠠᠷ᠎ᠠ᠎ᠶᠢᠨ 20 ᠤ᠋ ᠡᠳᠦᠷ᠎ᠡᠴᠡ ᠡᠬᠢᠯᠡᠨ ᠬᠡᠷᠡᠭᠵᠢᠭᠦᠯᠵᠦ᠂ ᠬᠠᠤᠯᠢ ᠪᠡᠷ ᠵᠠᠰᠠᠬᠤ ᠪᠡᠷ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠬᠤ ᠣᠷᠣᠨ ᠵᠠᠢ᠎ᠶᠢ ᠵᠢᠷᠤᠭᠯᠠᠪᠠ᠃
《ᠰᠢᠨ᠎ᠡ ᠴᠠᠭ ᠦᠶ᠎ᠡ ᠰᠢᠨ᠎ᠡ ᠠᠶᠠᠨ ᠳ᠋ᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠢᠷᠡᠭᠡᠳᠦᠢ ᠭᠡᠭᠡᠨ ᠰᠠᠷᠠᠭᠤᠯ ᠪᠠᠢᠵᠤ᠂ ᠶᠡᠬᠡ ᠦᠢᠯᠡᠰ᠎ᠢ ᠪᠦᠲᠦᠭᠡᠵᠦ ᠪᠣᠯᠣᠨ᠎ᠠ》᠃ ᠶᠡᠷᠦᠩᠬᠡᠢ ᠱᠦᠵᠢ ᠰᠢ ᠵᠢᠨ ᠫᠢᠩ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠢᠮᠠᠭᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠪᠡ᠃ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢ ᠲᠣᠭᠲᠠᠭᠠᠬᠤ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠤᠷᠢᠶ᠎ᠠ᠎ᠵᠢᠨ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ᠎ᠠ᠃
ᠥᠩᠭᠡᠷᠡᠭᠰᠡᠨ ᠨᠢᠭᠡ ᠵᠢᠯ᠎ᠳᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠣᠷᠴᠢᠨ ᠨᠦᠬᠦᠴᠡᠯ ᠦᠷᠭᠦᠯᠵᠢᠯᠡᠨ ᠰᠢᠯᠢᠳᠡᠭᠵᠢᠬᠦ᠎ᠶᠢ ᠳᠠᠭᠠᠯᠳᠤᠨ᠂ ᠥᠷᠭᠡᠨ ᠣᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠢᠲᠡᠭᠡᠯ ᠨᠠᠩ ᠭᠦᠢᠴᠡᠳ᠂ ᠵᠢᠱ᠌ᠢᠯᠲᠡ ᠨᠠᠩ ᠲᠣᠭᠲᠠᠭᠤᠨ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠲᠠᠰ ᠳᠡᠪᠰᠢᠬᠦ ᠠᠯᠬᠤᠭ᠎ᠠ ᠶᠠᠪᠤᠬᠤ ᠲᠤᠲᠤᠮ ᠪᠠᠲᠤᠵᠢᠵᠤ᠂ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢᠯᠭ᠎ᠠ᠎ᠶᠢ ᠲᠠᠰᠤᠷᠠᠯᠲᠠ ᠦᠭᠡᠢ ᠢᠯᠡᠷᠡᠭᠦᠯᠪᠡ᠃
ᠲᠦᠷᠦᠭᠦᠬᠡᠨ᠂ ᠮᠠᠨ᠎ᠤ ᠤᠯᠤᠰ ᠰᠢᠴᠠᠩ᠎ᠤᠨ ᠳᠠᠭᠠᠭᠤᠯᠢ ᠤᠳᠤ ᠬᠠᠷᠪᠤᠬᠤ ᠲᠥᠪ᠎ᠲᠦ ᠴᠠᠩ ᠵᠧᠩ ᠬᠣᠶᠠᠳᠤᠭᠠᠷ ᠤᠯᠠᠭᠠᠭ᠍ᠴᠢᠨ ᠬᠥᠯᠭᠡ ᠲᠡᠢᠷᠦᠯᠲᠦ ᠰᠤᠮᠤ᠎ᠶᠢ ᠬᠡᠷᠡᠭᠯᠡᠵᠦ᠂ ᠳᠠᠭᠠᠭᠤᠯᠢ ᠤᠳᠤᠨ᠎ᠤ ᠢᠨᠲ᠋ᠸᠷ ᠰᠦᠯᠵᠢᠶᠡᠨ᠎ᠦ ᠮᠡᠷᠭᠡᠵᠢᠯ᠎ᠦᠨ ᠲᠤᠷᠰᠢᠯᠲᠠ᠎ᠶᠢᠨ ᠳᠠᠭᠠᠭᠤᠯᠢ ᠤᠳᠤ᠎ᠶᠢ ᠠᠮᠵᠢᠯᠲᠠ᠎ᠲᠠᠢ ᠬᠠᠷᠪᠤᠨ ᠭᠠᠷᠭᠠᠪᠠ᠃ ᠲᠣᠰ ᠤᠳᠠᠭᠠᠨ᠎ᠤ ᠡᠭᠦᠷᠭᠡ᠎ᠳᠠᠬᠢ ᠨᠢᠭᠡᠨ ᠳᠠᠭᠠᠭᠤᠯᠢ ᠣᠲᠣ᠌᠎ᠶᠢ ᠠᠷᠠᠳ᠎ᠤᠨ ᠡᠵᠡᠨᠭᠨᠡᠯᠲᠡ᠎ᠵᠢᠨ ᠰᠠᠨᠰᠠᠷ᠎ᠤᠨ ᠠᠶᠠᠯᠠᠯ᠎ᠤᠨ ᠠᠵᠤ ᠠᠬᠤᠢᠯᠠᠯᠤᠨᠶᠶ᠋ᠨ ᠾᠧ ᠰᠠᠨᠰᠠᠷ᠎ᠤᠨ ᠠᠶᠠᠯᠠᠯ (ᠪᠡᠭᠡᠵᠢᠩ) ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ᠎ᠦᠨ ᠬᠤᠪᠢᠴᠠᠭᠠᠲᠤ ᠬᠢᠵᠠᠭᠠᠷᠲᠤ ᠺᠤᠮᠫᠠᠨᠢ ᠳᠠᠭᠠᠭᠠᠴᠢᠯᠠᠨ ᠰᠤᠳᠤᠯᠤᠨ ᠦᠢᠯᠡᠳᠴᠦ ᠪᠠᠢᠨ᠎ᠠ᠃
《ᠥᠩᠭᠡᠷᠡᠭᠰᠡᠨ ᠨᠢᠭᠡ ᠵᠢᠯ᠎ᠳᠦ᠂ ᠪᠢᠳᠡ 20 ᠭᠠᠷᠤᠢ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭᠰᠡᠨ ᠲᠡᠷᠢᠭᠦᠨ᠎ᠦ ᠳᠠᠭᠠᠭᠤᠯᠢ ᠤᠳᠤ᠎ᠶᠢ ᠠᠮᠵᠢᠯᠲᠠ᠎ᠲᠠᠢ ᠬᠠᠷᠪᠤᠵᠤ᠂ ᠲᠣᠭ᠎ᠠ ᠬᠡᠮᠵᠢᠶ᠎ᠡ ᠨᠢ ᠡᠭᠦᠨ᠎ᠡᠴᠡ ᠡᠮᠦᠨᠡᠬᠢ ᠵᠢᠷᠭᠤᠭᠠᠨ ᠵᠢᠯ᠎ᠦᠨ ᠨᠡᠢᠯᠡᠪᠦᠷᠢ᠎ᠲᠠᠢ ᠲᠡᠩᠴᠡᠪᠡ!》 ᠶᠢᠨ ᠾᠧ ᠰᠠᠨᠰᠠᠷ᠎ᠤᠨ ᠠᠶᠠᠯᠠᠯ᠎ᠤᠨ ᠡᠭᠦᠰᠬᠡᠨ ᠪᠠᠢᠭᠤᠯᠤᠭ᠍ᠴᠢ᠂ ᠬᠡᠷᠡᠭ ᠮᠡᠳᠡᠭᠴᠢᠳ᠎ᠦᠨ ᠳᠠᠷᠤᠭ᠎ᠠ ᠪᠥᠭᠡᠳ CEO ᠰᠢᠦᠢ ᠮᠢᠩ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢ ᠬᠡᠷᠡᠭᠵᠢᠭᠦᠯᠦᠭᠰᠡᠨ ᠨᠢᠭᠡ ᠵᠢᠯ᠎ᠦᠨ ᠲᠤᠷᠰᠢ᠂ ᠢᠵᠢ ᠪᠦᠷᠢᠳᠦᠭᠰᠡᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ ᠦᠷᠭᠦᠯᠵᠢᠯᠡᠨ ᠪᠦᠷᠢᠨᠰᠢᠵᠦ᠂ ᠳᠦᠷᠢᠮ᠎ᠦᠨ ᠠᠰᠢᠭ᠋ ᠣᠯᠵᠠᠪᠤᠷᠢ ᠨᠢ ᠲᠠᠰᠤᠷᠠᠯᠲᠠ ᠦᠭᠡᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠮᠡᠳᠡᠭᠳᠡᠮ᠎ᠠ ᠬᠥᠭᠵᠢᠯᠲᠡ᠎ᠶᠢᠨ ᠬᠥᠳᠡᠯᠭᠡᠬᠦ ᠡᠨᠧᠷᠭᠢ ᠪᠣᠯᠵᠤ ᠬᠤᠪᠢᠷᠠᠵᠠᠢ ᠭᠡᠵᠦ ᠦᠵᠡᠪᠡ᠃
ᠲᠡᠷᠡ᠂ ᠤᠯᠤᠰ᠎ᠤᠨ ᠰᠠᠨᠰᠠᠷ᠎ᠤᠨ ᠠᠶᠠᠯᠠᠯ᠎ᠤᠨ ᠲᠣᠪᠴᠢᠶ᠎ᠠ᠎ᠶᠢᠨ ᠳᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠠᠵᠢᠯᠯᠠᠭᠠᠨ᠎ᠤ ᠲᠥᠯᠥᠪᠯᠡᠭᠡ᠎ᠳᠦ 《ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠲᠣᠭᠲᠡᠴᠡ᠎ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢ ᠪᠠᠢᠭᠤᠯᠵᠤ᠂ ᠬᠠᠮᠢᠶ᠎ᠠ ᠪᠦᠬᠦᠢ ᠠᠵᠢᠯ ᠡᠷᠭᠢᠯᠡᠭᠦ ᠬᠢᠷᠢ ᠭᠡᠮ᠎ᠦᠨ ᠲᠣᠭᠲᠠᠭᠠᠯ᠎ᠳᠤ ᠵᠣᠬᠢᠰᠲᠠᠢ ᠲᠣᠬᠢᠷᠠᠭᠤᠯᠤᠯᠲᠠ ᠬᠢᠨ᠎ᠡ》 ᠭᠡᠵᠦ ᠲᠣᠳᠣᠷᠬᠠᠢᠯᠠᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠰᠢᠨ᠎ᠡ ᠲᠤᠬᠠᠢᠯᠠᠭᠰᠠᠨ ᠠᠵᠢᠯ᠎ᠢᠶᠠᠨ ᠥᠷᠭᠡᠳᠬᠡᠬᠦ᠎ᠳᠦ ᠨᠠᠩ ᠣᠯᠠᠨ ᠪᠣᠯᠣᠯᠴᠠᠭ᠎ᠠ ᠬᠠᠩᠭᠠᠪᠠ᠃ ᠲᠠᠷᠠᠭᠠᠴᠢ᠎ᠶᠢᠨ ᠠᠯᠬᠤᠮ᠎ᠳᠤ᠂ ᠠᠵᠤ ᠠᠬᠤᠢᠯᠠᠯ ᠨᠢ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ ᠭᠠᠷ ᠤᠲᠠᠰᠤ ᠪᠡᠷ ᠰᠢᠭᠤᠳ ᠬᠣᠯᠪᠣᠬᠤ᠂ ᠣᠳᠣᠨ ᠳᠡᠭᠡᠷᠡᠬᠢ ᠲᠣᠮᠣ᠌ ᠡᠨᠧᠷᠭᠢ ᠵᠡᠷᠭᠡ ᠬᠦᠷᠢᠶᠡᠨ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠵᠦ᠂ ᠮᠡᠷᠭᠡᠵᠢᠯ᠎ᠦᠨ ᠪᠣᠭᠣᠮᠲᠠ ᠰᠢᠪᠲᠤᠯᠤᠯᠲᠠ᠎ᠶᠢ ᠥᠷᠨᠢᠭᠦᠯᠵᠦ᠂ ᠰᠠᠨᠰᠠᠷ᠎ᠤᠨ ᠰᠢᠨ᠎ᠡ ᠰᠠᠭᠤᠷᠢ ᠪᠦᠲᠦᠭᠡᠨ ᠪᠠᠢᠭᠤᠯᠤᠯᠲᠠ᠎ᠳᠤ ᠦᠷᠭᠦᠯᠵᠢᠯᠡᠨ ᠬᠦᠴᠦᠨ ᠨᠡᠮᠡᠷᠢᠯᠡᠬᠦ ᠪᠣᠯᠣᠨ᠎ᠠ ᠭᠡᠵᠦ ᠢᠯᠡᠳᠭᠡᠪᠡ᠃
《ᠡᠷᠬᠡ ᠲᠡᠭᠰᠢ》᠂ 《ᠲᠦᠪ ᠭᠤᠤᠯᠴᠢ》᠂ 《ᠠᠳᠠᠯᠢ ᠲᠡᠭᠰᠢ》 ᠪᠠᠢᠬᠤ ᠪᠣᠯ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢᠨ ᠵᠦᠢᠯ ᠵᠤᠷᠪᠤᠰ᠎ᠲᠤ ᠲᠤᠭᠤᠰᠢᠯᠠᠭᠳᠠᠵᠤ ᠪᠠᠢᠭ᠎ᠠ ᠥᠨᠳᠥᠷ ᠳᠠᠪᠲᠠᠮᠵᠢᠲᠤ ᠦᠭᠡ ᠪᠣᠯᠣᠨ᠎ᠠ᠃ ᠬᠠᠤᠯᠢ ᠪᠡᠷ ᠵᠠᠰᠠᠬᠤ ᠪᠡᠷ ᠠᠶᠠᠯᠠᠯ ᠬᠠᠮᠠᠭᠠᠯᠠᠬᠤ᠂ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ᠂ ᠴᠢᠬᠤᠯᠠ ᠡᠯᠧᠮᠧᠨ᠋ᠲ᠎ᠢ ᠬᠡᠷᠡᠭᠯᠡᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ᠎ᠳᠠᠬᠢ ᠪᠡᠬᠢᠯᠡᠯᠲᠡ᠎ᠶᠢ ᠲᠠᠰᠤᠷᠠᠯᠲᠠ ᠦᠭᠡᠢ ᠡᠪᠳᠡᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠥᠭᠵᠢᠯᠲᠡ᠎ᠶᠢᠨ ᠥᠷᠢᠰᠦᠯᠳᠦᠭᠡᠨ᠎ᠢ ᠪᠦᠲᠦᠮᠵᠢᠲᠡᠢ ᠠᠷᠭᠠᠴᠡᠭᠠᠬᠤ᠎ᠳᠤ ᠬᠦᠴᠦᠨ ᠨᠡᠮᠡᠷᠢᠯᠡᠵᠦ᠂ ᠠᠵᠤ ᠦᠢᠯᠡᠰ᠎ᠦᠨ ᠣᠷᠣᠨ ᠵᠠᠢ᠎ᠶᠢ ᠦᠷᠭᠦᠯᠵᠢᠯᠡᠨ ᠥᠷᠭᠡᠳᠬᠡᠪᠡ᠃
ᠢ ᠸᠧᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠰᠢᠶᠠ ᠬᠤᠸᠠ ᠡᠭᠦᠨ᠎ᠦ ᠲᠤᠬᠠᠢ ᠭᠦᠨ ᠲᠥᠷᠥᠭᠳᠡᠯ᠎ᠲᠠᠢ ᠪᠠᠢᠪᠠ᠃ ᠲᠡᠷᠡ᠂ ᠠᠵᠤ ᠠᠬᠤᠢᠯᠠᠯ ᠨᠢ ᠬᠤᠪᠴᠠᠰᠤ ᠬᠤᠨᠠᠷ᠎ᠤᠨ ᠲᠦᠷᠦᠯ ᠲᠡᠮᠲᠡᠭ ᠡᠴᠡ ᠡᠬᠢᠯᠡᠨ᠂ ᠥᠨᠥᠳᠥᠷ ᠬᠤᠪᠴᠠᠰᠤ ᠬᠤᠨᠠᠷ᠎ᠤᠨ ᠲᠦᠷᠦᠯ ᠲᠡᠮᠲᠡᠭ᠂ ᠠᠵᠤ ᠦᠢᠯᠡᠰ᠎ᠦᠨ ᠢᠨᠲᠧᠷ ᠰᠦᠯᠵᠢᠶ᠎ᠡ᠂ ᠭᠠᠷ ᠤᠷᠠᠯᠠᠯ᠎ᠤᠨ ᠠᠵᠤ ᠦᠢᠯᠡᠰ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠣᠯᠠᠨ ᠡᠰᠢᠲᠦ ᠪᠠᠢᠷᠢᠰᠢᠭᠤᠯᠤᠯᠲᠠ᠎ᠶᠢᠨ ᠪᠦᠯᠦᠭᠯᠡᠯ ᠪᠣᠯᠵᠤ᠂ ᠤᠳᠠᠭ᠎ᠠ ᠪᠦᠷᠢ᠎ᠶᠢᠨ ᠳᠠᠪᠠᠯᠲᠠ᠂ ᠤᠳᠠᠭ᠎ᠠ ᠪᠦᠷᠢ᠎ᠶᠢᠨ ᠵᠣᠷᠢᠭ᠍ᠲᠠᠢ ᠣᠷᠣᠭᠤᠯᠤᠯᠲᠠ᠂ ᠣᠷᠳᠣ᠌ ᠬᠤᠭᠤᠴᠠᠭᠠᠨ᠎ᠤ ᠣᠷᠣᠭᠤᠯᠤᠯᠲᠠ ᠨᠢ ᠴᠥᠮ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢ᠎ᠶᠢ ᠤᠯᠤᠰ᠎ᠡᠴᠡ ᠦᠷᠭᠦᠯᠵᠢᠯᠡᠨ ᠵᠣᠷᠢᠭ᠍ᠵᠢᠭᠤᠯᠬᠤ ᠪᠠ ᠲᠥᠷᠥ᠎ᠶᠢᠨ ᠪᠣᠳᠣᠯᠭ᠎ᠠ᠎ᠪᠠᠷ ᠬᠠᠮᠠᠭᠠᠯᠠᠬᠤ᠎ᠡᠴᠡ ᠰᠠᠯᠵᠤ ᠴᠢᠳᠠᠬᠤ ᠦᠭᠡᠢ ᠶᠤᠮ ᠭᠡᠵᠦ ᠦᠵᠡᠪᠡ᠃
《ᠵᠠᠬ᠎ᠠ ᠳᠡᠯᠭᠡᠭᠦᠷ᠎ᠲᠦ ᠣᠷᠣᠭᠤᠯᠬᠤ ᠵᠥᠪᠰᠢᠶᠡᠷᠡᠯ᠎ᠢ ᠨᠠᠩ ᠴᠢᠯᠦᠭᠡᠲᠡᠢ ᠪᠤᠯᠭᠠᠵᠤ᠂ ᠲᠥᠪ ᠭᠤᠤᠯᠴᠢ ᠴᠢᠨᠠᠷ᠎ᠢ ᠢᠯᠡᠳᠲᠡ ᠳᠡᠭᠡᠭᠰᠢᠯᠡᠭᠦᠯᠪᠠ》᠃ ᠰᠢᠶᠠ ᠬᠤᠸᠠ᠂ ᠥᠩᠭᠡᠷᠡᠭᠰᠡᠨ ᠨᠢᠭᠡ ᠵᠢᠯ᠎ᠦᠨ ᠲᠤᠷᠰᠢ᠂ ᠠᠵᠤ ᠠᠬᠤᠢᠯᠠᠯ ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠴᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠴᠢᠬᠤᠯᠠ ᠶᠡᠬᠡ ᠲᠦᠷᠦᠯ ᠵᠦᠢᠯ᠎ᠦᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠎ᠳᠦ ᠣᠯᠠᠨ ᠤᠳᠠᠭ᠎ᠠ ᠣᠷᠣᠯᠴᠠᠵᠤ᠂ ᠬᠢᠷᠢ ᠭᠡᠮ᠎ᠢ ᠬᠢᠨᠠᠨ ᠬᠠᠷᠭᠤᠭᠤᠯᠬᠤ᠎ᠡᠴᠡ ᠳᠠᠭᠠᠭᠠᠴᠢᠯᠠᠯᠲᠠ ᠦᠨᠡᠯᠡᠬᠦ ᠬᠦᠷᠲᠡᠯᠡᠬᠢ ᠶᠠᠪᠤᠴᠠ᠎ᠶᠢ ᠴᠥᠮ ᠨᠠᠩ ᠵᠢᠷᠤᠮᠵᠢᠭᠤᠨ᠂ ᠢᠯᠡ ᠲᠣᠳᠣ᠌᠂ ᠵᠢᠱ᠌ᠢᠵᠦ ᠪᠣᠯᠬᠤᠢᠴᠠ ᠪᠣᠯᠭᠠᠵᠠᠢ ᠭᠡᠵᠦ ᠢᠯᠡᠳᠭᠡᠪᠡ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠠᠵᠤ ᠠᠬᠤᠢᠯᠠᠯ᠎ᠤᠨ ᠬᠥᠭᠵᠢᠯᠲᠡ᠎ᠶᠢᠨ ᠭᠣᠣᠯ ᠬᠥᠳᠡᠯᠭᠡᠭᠴᠢ ᠬᠦᠴᠦᠨ ᠮᠥᠨ᠃ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢ᠎ᠶᠢ ᠠᠬᠢᠭᠤᠯᠬᠤ ᠬᠠᠤᠯᠢ᠎ᠳᠤ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ》 ᠶ᠋ᠢ ᠲᠤᠰᠠᠭᠠᠷ ᠨᠢ ᠨᠢᠭᠡ ᠪᠦᠯᠦᠭ ᠪᠤᠯᠭᠠᠵᠤ᠂ 《ᠠᠷᠠᠳ᠎ᠤᠨ ᠡᠵᠡᠨᠭᠨᠡᠯᠲᠡ᠎ᠵᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠲᠦᠷᠦᠯ ᠵᠦᠢᠯ᠎ᠳ᠋ᠤ ᠣᠷᠤᠯᠴᠠᠬᠤ᠎ᠶᠢ ᠳᠡᠮᠵᠢᠨ᠎ᠡ》᠂ 《ᠠᠷᠠᠳ᠎ᠤᠨ ᠡᠵᠡᠨᠭᠨᠡᠯᠲᠡ᠎ᠵᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠳᠤ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠠᠭᠤᠷᠢ ᠲᠥᠬᠦᠭᠡᠷᠦᠮᠵᠢ᠎ᠶᠢ ᠴᠢᠯᠦᠭᠡᠲᠡᠢ ᠨᠡᠭᠡᠭᠡᠬᠦ》 ᠵᠡᠷᠭᠡ᠎ᠶᠢ ᠳᠤᠷᠠᠳᠤᠨ ᠭᠠᠷᠭᠠᠪᠠ᠃
ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠎ᠶ᠋ᠢᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠮᠠ ᠢ ᠳ᠋ᠸ᠂ ᠡᠢᠮᠦᠷᠬᠦᠦ ᠱᠢᠨ᠎ᠡ᠎ᠶ᠋ᠢ ᠡᠭᠦᠳᠬᠦ᠌ ᠴᠢᠨᠠᠷᠲᠠᠶ ᠲᠦᠷᠢᠮ᠎ᠦᠨ ᠲᠣᠬᠢᠷᠠᠭᠤᠯᠤᠯᠲᠠ ᠨᠢ ᠤᠯᠤᠰ᠎ᠤᠨ ᠰᠢᠨ᠎ᠡ ᠵᠢ ᠡᠭᠦᠳᠦᠭᠰᠡᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠲᠣᠭ᠍ᠲᠠᠴᠠ ᠵᠢ ᠱᠢᠯᠢᠳᠡᠭ᠌ᠵᠢᠭᠦᠯᠬᠦ᠌᠎ᠳᠦ ᠠᠱᠢᠭ᠍ᠲᠠᠶ᠂ ᠤᠯᠤᠰ᠎ᠤᠨ ᠰᠢᠨ᠎ᠡ ᠵᠢ ᠡᠭᠦᠳᠦᠭᠰᠡᠨ ᠵᠠᠰᠠᠯᠲᠠ᠎ᠶ᠋ᠢᠨ ᠱᠢᠰᠲ᠋ᠧᠮ᠎ᠢ ᠨᠠᠩ ᠦᠷ᠎ᠡ ᠪᠦᠲᠦᠮᠵᠢᠲᠡᠶ᠂ ᠨᠠᠩ ᠪᠠᠭ᠍ᠲᠠᠭᠠᠮᠵᠢᠲᠠᠶ ᠴᠢᠭ᠌ᠯᠡᠯ ᠳᠡᠢᠰᠢ ᠭᠦᠨᠵᠡᠭᠡᠶ ᠠᠬᠢᠭᠤᠯᠬᠤ᠎ᠳᠤ ᠠᠱᠢᠭ᠍ᠲᠠᠶ ᠶᠤᠮ ᠭᠡᠵᠦ ᠦᠵᠡᠪᠡ᠃
《ᠮᠠᠨ᠎ᠤ ᠤᠯᠤᠰ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠡᠮ ᠡᠮᠨᠡᠯᠭᠡ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ ᠵᠡᠷᠭᠡ ᠬᠣᠱᠢᠭᠤᠷᠠᠯ ᠬᠦᠷᠢᠶᠡᠨ᠎ᠳᠦ ᠢᠯᠡᠷᠡᠭᠦᠯᠦᠭ᠌ᠰᠡᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠡᠴᠡ᠂ ᠲᠦᠷᠢᠮ᠎ᠦᠨ ᠨᠡᠪᠳᠡᠷᠡᠬᠦ ᠵᠠᠮ᠎ᠢ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠲᠡᠢᠰᠢ ᠡᠷᠬᠡ ᠲᠡᠭ᠌ᠰᠢ᠎ᠪᠡᠷ ᠨᠡᠭᠡᠭᠡᠬᠦ᠌ ᠨᠢ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ᠎ᠶ᠋ᠢ ᠦᠷᠭᠦᠯᠵᠢᠯᠡᠨ ᠪᠠᠳᠠᠷᠠᠭᠤᠯᠬᠤ᠎ᠳᠤ ᠠᠱᠢᠭ᠍ᠲᠠᠢ ᠪᠤᠯᠬᠤ ᠵᠢ ᠤᠯᠵᠤ ᠬᠠᠷᠠᠵᠤ ᠪᠤᠯᠤᠨ᠎ᠠ》 ᠭᠡᠵᠦ᠍ ᠮᠠ ᠢ ᠳ᠋ᠸ ᠬᠡᠯᠡᠪᠡ᠃
ᠬᠠᠤᠯᠢ᠎ᠪᠠᠷ ᠵᠠᠰᠠᠬᠤ᠎ᠪᠠᠷ ᠤᠳᠤᠷᠢᠳᠤᠮᠵᠢ ᠪᠣᠯᠭᠠᠵᠤ᠂ ᠥᠷᠭᠡᠨ ᠤᠯᠠᠨ ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠳᠤᠮᠳᠠ ᠨᠡᠩ ᠢᠳᠡ ᠬᠦᠴᠦᠨ᠎ᠲᠡᠶ ᠪᠤᠯᠵᠤ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠳᠤᠮᠳᠠ ᠨᠡᠩ ᠠᠭᠤᠵᠢᠭᠤ ᠲᠠᠯᠪᠢᠭᠤ ᠪᠣᠯᠪᠠ᠃
ᠥᠩᠭᠡᠷᠡᠭ᠌ᠰᠡᠨ ᠨᠢᠭᠡ ᠵᠢᠯ᠎ᠳᠦ᠂ ᠳᠤᠮᠳᠠᠳᠤ ᠤᠯᠤᠰ᠎ᠤᠨ ᠨᠤᠲᠤᠭ ᠳᠡᠪᠢᠰᠭᠡᠷᠲᠦ ᠦᠨᠳᠦᠰᠦᠯᠡᠭ᠌ᠰᠡᠨ ᠳᠦᠷᠢᠮᠡᠯ ᠮᠠᠶᠢᠭ᠎ᠤᠨ ᠳᠠᠷᠢᠬᠢ ᠮᠠᠰᠢᠨ᠎ᠤ ᠵᠠᠯᠭᠠᠭᠠᠳᠠᠰᠤ ᠵᠢᠨ ᠬᠦᠷᠢᠶᠡᠨ᠎ᠳᠡᠬᠢ ᠠᠷᠠᠳ᠎ᠤᠨ ᠡᠵᠡᠩᠨᠡᠯᠳᠡ᠎ᠶᠢᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠡᠭᠡᠵᠢᠩ᠎ᠦᠨ ᡁᠢ ᠷᠠᠨ ᠡᠮᠴᠢᠯᠡᠭᠡᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠣᠯᠠᠨ ᠵᠦᠶ᠋ᠯ᠎ᠦᠨ ᠤᠯᠤᠰ᠎ᠤᠨ ᠲᠠᠰ᠂ ᠮᠤᠵᠢ ᠶᠠᠮᠤᠨ᠎ᠤ ᠲᠠᠰ᠎ᠤᠨ ᠴᠢᠬᠤᠯᠠ ᠶᠡᠬᠡ ᠮᠡᠷᠭᠡᠵᠢᠯ᠎ᠦᠨ ᠪᠣᠭᠣᠮᠲᠠ ᠱᠢᠪᠲᠤᠯᠬᠤ ᠡᠭᠦᠷᠭᠡ᠎ᠶ᠋ᠢ ᠡᠭᠦᠷᠭᠡᠯᠡᠵᠦ᠍᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠰᠠᠭᠤᠷᠢ ᠮᠥᠩᠭᠥ᠌᠂ ᠠᠵᠤ ᠦᠶ᠋ᠯᠡᠰ᠎ᠦᠨ ᠬᠥᠷᠥᠩᠭᠡ ᠵᠡᠷᠭᠡ᠎ᠶ᠋ᠢ ᠪᠠᠭ᠍ᠲᠠᠭᠠᠭ᠍ᠰᠠᠨ ᠣᠯᠠᠨ ᠲᠠᠯ᠎ᠠ᠎ᠶ᠋ᠢᠨ ᠳᠡᠮᠵᠢᠯᠭᠡ᠎ᠶ᠋ᠢ ᠣᠯᠵᠤ᠂ ᠨᠡᠢᠲᠡ 8 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠬᠤᠷᠠᠮᠳᠤᠭᠤᠯᠵᠠᠶ᠃
《ᠬᠠᠤᠯᠢ ᠴᠠᠭᠠᠵᠠ᠎ᠶ᠋ᠢᠨ ᠠᠪᠴᠢᠷᠠᠭ᠍ᠰᠠᠨ ᠲᠣᠭ᠍ᠲᠠᠭᠠᠯᠲᠤ ᠴᠢᠨᠠᠷ᠎ᠨᠢ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠡᠷᠳᠡ ᠡᠴᠡ ᠳᠡᠭᠡᠳᠦ ᠮᠡᠷᠭᠡᠵᠢᠯ᠎ᠦᠨ ᠪᠣᠱᠣᠭ᠎ᠠ ᠲᠠᠢ᠂ ᠣᠷᠳᠣ ᠦᠶᠡᠯᠡᠯ᠎ᠦᠨ ᠬᠤᠭᠤᠴᠠᠭ᠎ᠠ ᠪᠡᠷ ᠳᠠᠮᠵᠢᠨ ᠱᠢᠯᠭᠠᠨ ᠨᠤᠲᠠᠯᠠᠬᠤ ᠬᠠᠲᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠤᠷᠤᠯᠳᠤᠭᠠᠨ᠎ᠤ ᠵᠠᠮ᠎ᠳᠤ ᠳᠤᠷᠠᠲᠠᠶ᠎ᠠ ᠤᠷᠤᠬᠤ ᠪᠤᠯᠭᠠᠪᠠ᠂ ᠡᠨᠡ ᠪᠣᠯ ᠬᠠᠤᠯᠢ ᠲᠣᠭ᠍ᠲᠠᠭᠠᠯᠲᠠ᠎ᠪᠠᠷ ᠡᠷᠬᠡ ᠳᠡᠭᠰᠢ ᠥᠷᠢᠰᠥᠯᠳᠦᠭᠡᠨ᠎ᠢ ᠠᠬᠢᠭᠤᠯᠬᠤ ᠣᠭ ᠰᠠᠨᠠᠭ᠎ᠠ᠎ᠳᠤ ᠥᠭ᠌ᠭᠦᠭ᠌ᠰᠡᠨ ᠬᠦᠴᠦᠲᠡᠶ ᠬᠠᠷᠢᠭᠤᠯᠲᠠ ᠪᠣᠯᠤᠨ᠎ᠠ》᠃ ᡁᠢ ᠷᠠᠨ ᠡᠮᠴᠢᠯᠡᠭᠡᠨ᠎ᠤ ᠺᠤᠮᠫᠠᠨᠢ᠎ᠶᠢᠨ ᠡᠭᠦᠳᠦᠨ ᠪᠠᠢᠭᠤᠯᠤᠭ᠍ᠴᠢ᠂ CEO ᠰᠦᠩ ᠴᠢ᠂ ᠣᠢᠷ᠎ᠠ᠎ᠳᠤ ᠠᠵᠤ ᠠᠬᠤᠢᠯᠠᠯ ᠵᠠᠭᠤ ᠭᠠᠷᠤᠶ ᠨᠡᠪᠲᠡᠷᠡᠬᠦ᠌ ᠵᠠᠮ ᠲᠠᠢ ᠪᠦᠷᠢᠨ ᠳᠦᠷᠢᠮᠡᠯ ᠮᠠᠶᠢᠭ᠎ᠤᠨ ᠳᠠᠷᠢᠬᠢ ᠮᠠᠰᠢᠨ᠎ᠤ ᠵᠠᠯᠭᠠᠭᠠᠳᠠᠰᠤ᠎ᠶ᠋ᠢᠨ ᠱᠢᠰᠲ᠋ᠧᠮ᠎ᠦᠨ ᠣᠯᠠᠨ ᠲᠥᠪ᠎ᠦᠨ ᠡᠮᠴᠢᠯᠡᠭᠡᠨ᠎ᠦ ᠲᠤᠷᠱᠢᠯᠲᠠ᠎ᠶ᠋ᠢ ᠡᠬᠢᠯᠡᠭᠦᠯᠵᠦ᠍᠂ ᠲᠠᠷᠠᠭᠠᠴᠢ᠎ᠶ᠋ᠢᠨ ᠠᠯᠬᠤᠮ᠎ᠳᠤ ᠬᠣᠯᠪᠣᠭ᠍ᠳᠠᠯ ᠪᠥᠬᠥᠶ ᠮᠡᠷᠭᠡᠵᠢᠯ᠎ᠦᠨ ᠡᠮᠴᠢᠯᠡᠭᠡ᠎ᠶ᠋ᠢ ᠲᠦᠷᠭᠡᠳᠭᠡᠨ ᠨᠠᠢᠳᠠᠪᠤᠷᠢᠵᠢᠭᠤᠯᠵᠤ᠂ ᠳᠡᠭᠡᠳᠦ ᠨᠡᠪᠲᠡᠷᠡᠴᠡ᠎ᠳᠦ ᠳᠦᠷᠢᠮᠡᠯ ᠮᠠᠶᠢᠭ᠎ᠤᠨ ᠵᠦᠬᠡᠯᠡᠨ ᠴᠢᠨᠠᠷᠳᠠᠢ ᠳᠠᠷᠢᠬᠢ ᠮᠠᠰᠢᠨ᠎ᠤ ᠵᠠᠯᠭᠠᠭᠠᠳᠠᠰᠤ᠎ᠶᠢᠨ ᠦᠶ᠋ᠯᠡᠳᠬᠦᠨ᠎ᠦ ᠲᠠᠰ ᠳᠡᠪᠱᠢᠬᠦ᠌᠎ᠶ᠋ᠢ ᠦᠷᠭᠦᠯᠵᠢᠯᠡᠨ ᠠᠬᠢᠭᠤᠯᠬᠤ ᠪᠣᠯᠤᠨ᠎ᠠ ᠭᠡᠵᠦ ᠳᠠᠨᠢᠯᠴᠠᠭᠤᠯᠪᠠ᠃
ᠪᠡᠶ᠎ᠡ᠎ᠳᠤ ᠮᠠᠱᠢᠨ ᠬᠥᠮᠦᠨ ᠪᠣᠯ ᠣᠳᠣᠬᠠᠨ᠎ᠤ ᠬᠠᠯᠠᠮᠰᠢᠯ ᠠᠵᠤ ᠦᠢᠯᠡᠰ᠎ᠦᠨ ᠤᠷᠤᠯᠳᠤᠭᠠᠨ᠎ᠤ ᠵᠠᠮ᠎ᠤᠨ ᠨᠢᠭᠡ ᠪᠣᠯᠤᠨ᠎ᠠ᠃ ᠨᠢᠳᠤᠨᠤᠨ ᠵᠢᠯ᠎ᠦᠨ ᠰᠡᠭᠦᠯᠴᠢ᠎ᠪᠡᠷ᠂ ᠰᠸᠴᠤᠸᠠᠨ᠎ᠤ ᠪᠡᠶ᠎ᠡ᠎ᠳᠤ ᠬᠦᠮᠦᠨ ᠲᠦᠷᠰᠦᠳᠦ ᠮᠠᠱᠢᠨ ᠬᠥᠮᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠭ᠌ᠰᠡᠨ ᠬᠠᠢᠷ᠎ᠠ ᠰᠡᠳᠭᠢᠯᠭᠡ᠎ᠶ᠋ᠢᠨ ᠰᠤᠯᠢᠯᠴᠠᠭ᠎ᠠ᠎ᠲᠤ ᠬᠦᠮᠦᠨ ᠲᠦᠷᠰᠦ᠎ᠳᠤ ᠮᠠᠱᠢᠨ ᠬᠥᠮᠦᠨ 《ᠠᠶ ᠴᠢᠦ》 ᠶ᠋ᠢ ᠡᠷᠡᠭᠦᠯ ᠮᠡᠨᠳᠦ᠍᠎ᠶ᠋ᠢᠨ ᠰᠤᠪᠢᠯᠠᠯᠲᠠ᠂ ᠰᠣᠶᠣᠯ ᠬᠤᠳᠠᠯᠳᠤᠭ᠎ᠠ ᠵᠢᠭᠤᠯᠴᠢᠯᠠᠯ ᠵᠡᠷᠭᠡ ᠭᠤᠤᠯ ᠬᠡᠷᠡᠭ᠌ᠯᠡᠭᠡᠨ᠎ᠦ ᠪᠠᠢᠳᠠᠯ᠎ᠳᠤ ᠬᠡᠷᠡᠭ᠌ᠯᠡᠵᠦ᠍ ᠪᠣᠯᠤᠨ᠎ᠠ᠃
《ᠥᠩᠭᠡᠷᠡᠭ᠌ᠰᠡᠨ᠎ᠳᠦ᠂ ᠬᠦᠮᠦᠨ ᠳᠦᠷᠰᠦᠳᠦ ᠮᠠᠱᠢᠨ ᠬᠥᠮᠦᠨ᠎ᠦ ᠮᠡᠷᠭᠡᠵᠢᠯ᠎ᠦᠨ ᠱᠢᠯᠭᠠᠨ ᠪᠠᠲᠤᠯᠠᠯᠲᠠ᠎ᠨᠢ ᠦᠷᠭᠦᠯᠵᠢ ᠠᠬᠤᠢ ᠦᠵᠡᠭᠳᠡᠯ ᠤᠯᠬᠤ᠎ᠳᠤ ᠬᠦᠴᠢᠷ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠬᠤ ᠥᠪᠡᠷ᠎ᠦᠨ ᠥᠷᠲᠡᠭ ᠥᠨᠳᠥᠷ ᠵᠡᠷᠭᠡ ᠳᠠᠯᠳᠠ ᠪᠡᠬᠢᠯᠡᠯᠲᠡ᠎ᠳᠦ ᠬᠢᠵᠠᠭᠠᠷᠯᠠᠭ᠍ᠳᠠᠵᠤ ᠪᠠᠢᠪᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ᠎ᠨᠢ ᠠᠵᠢᠯ ᠲᠥᠷᠥᠯ᠎ᠦᠨ ᠬᠦᠴᠢᠷ ᠠᠰᠠᠭᠤᠳᠠᠯ᠎ᠳᠤ ᠱᠢᠭᠤᠳ ᠬᠠᠨᠳᠤᠵᠤ᠂ ᠠᠯᠢ ᠣᠯᠠᠨ ᠨᠠᠢᠳᠠᠪᠤᠷᠢᠵᠢᠭᠤᠯᠤᠭᠰᠠᠨ ᠠᠷᠭ᠎ᠠ ᠬᠡᠮᠵᠢᠶ᠎ᠡ᠎ᠨᠢ ᠬᠠᠮᠢᠶ᠎ᠠ ᠪᠥᠬᠥᠶ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠦᠷᠭᠦᠯᠵᠢᠯᠡᠨ ᠠᠬᠢᠭᠤᠯᠪᠠ》᠃ ᠰᠸᠴᠤᠸᠠᠨ᠎ᠤ ᠪᠡᠶ᠎ᠡ᠎ᠳᠤ ᠬᠦᠮᠦᠨ ᠳᠦᠷᠰᠦᠳᠦ ᠮᠠᠱᠢᠨ ᠬᠥᠮᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ CEO ᠹᠸᠩ ᠵᠧᠨ ᠢᠦᠢ᠂ ᠠᠵᠤ ᠦᠢᠯᠡᠰ᠎ᠦᠨ ᠬᠡᠯᠬᠢᠶ᠎ᠡ᠎ᠶ᠋ᠢ ᠵᠣᠯᠭᠠᠭᠤᠯᠬᠤ ᠠᠵᠢᠯᠯᠠᠭ᠎ᠠ᠎ᠪᠠᠷ ᠳᠠᠮᠵᠢᠨ᠂ ᠠᠵᠤ ᠠᠬᠤᠢᠯᠠᠯ ᠨᠢ ᠲᠤᠮᠤ ᠬᠡᠯᠪᠡᠷᠢ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠵᠤ ᠦᠢᠯᠡᠳᠪᠦᠷᠢ᠎ᠳᠦ ᠲᠣᠭᠣᠷᠢᠨ ᠪᠠᠢᠴᠠᠭᠠᠬᠤ ᠵᠠᠮᠴᠢᠯᠠᠨ ᠦᠵᠡᠬᠦ᠂ ᠣᠨᠴᠠ ᠲᠦᠷᠦᠯ᠎ᠦᠨ ᠠᠵᠢᠯ ᠬᠢᠬᠦ ᠵᠡᠷᠭᠡ ᠠᠬᠤᠢ ᠦᠵᠡᠭᠳᠡᠯᠳᠦ ᠱᠢᠯᠭᠠᠨ ᠪᠠᠲᠤᠯᠠᠬᠤ ᠲᠣᠬᠢᠶᠠᠯ ᠣᠯᠵᠤ᠂ ᠦᠨᠳᠦᠷ᠎ᠲᠦ ᠠᠪᠠᠷᠢᠨ ᠱᠢᠨ᠎ᠡ ᠵᠢ ᠡᠷᠢᠯᠬᠢᠯᠡᠬᠦ ᠬᠥᠳᠡᠯᠭᠡᠬᠦ᠌ ᠬᠦᠴᠦᠨ ᠨᠡᠩ ᠲᠡᠭᠦᠯᠳᠡᠷ ᠪᠣᠯᠵᠠᠢ ᠭᠡᠵᠦ ᠳᠠᠨᠢᠯᠴᠠᠭᠤᠯᠪᠠ᠃
ᠬᠠᠤᠯᠢ ᠴᠠᠭᠠᠵᠠ᠎ᠶ᠋ᠢᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠤᠢ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢᠨ ᠢᠵᠢ ᠪᠥᠷᠢᠳᠦᠭ᠌ᠰᠡᠨ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠬᠠᠤᠯᠢ ᠴᠠᠭᠠᠵᠠ ᠪᠠ ᠲᠦᠷᠢᠮ᠎ᠦᠨ ᠲᠠᠯ᠎ᠠ ᠡᠴᠡ ᠦᠶ᠋ᠯᠡᠳᠪᠦᠷᠢᠯᠡᠯ᠎ᠦᠨ ᠡᠯᠧᠮᠧᠨ᠋ᠲ᠎ᠢ ᠡᠷᠬᠡ ᠲᠡᠭ᠌ᠰᠢ᠎ᠪᠡᠷ ᠬᠡᠷᠡᠭ᠌ᠯᠡᠬᠦ᠌᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠳᠦ ᠡᠷᠬᠡ ᠲᠡᠭ᠌ᠰᠢ᠎ᠪᠡᠷ ᠣᠷᠣᠯᠴᠠᠬᠤ᠂ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠬᠤ ᠵᠢ ᠪᠠᠲᠤᠯᠠᠨ᠎ᠠ ᠭᠡᠵᠦ᠍ ᠳᠤᠷᠠᠳᠪᠠ᠃
ᠮᠠ ᠢ ᠳ᠋ᠸ᠂ ᠢᠷᠡᠭᠡᠳᠦᠢ᠎ᠶ᠋ᠢ ᠪᠠᠷᠠᠯᠠᠬᠤᠶ᠎ᠠ᠂ ᠬᠠᠤᠯᠢ ᠴᠠᠭᠠᠵᠠ᠎ᠶ᠋ᠢᠨ ᠵᠣᠷᠢᠭ ᠰᠠᠨᠠᠭ᠎ᠠ᠎ᠶ᠋ᠢ ᠵᠠᠰᠠᠭ ᠵᠠᠬᠢᠷᠭᠠᠨ᠎ᠤ ᠱᠢᠢᠳᠪᠦᠷᠢᠲᠦ ᠪᠤᠳᠤᠯᠭ᠎ᠠ᠂ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠂ ᠬᠠᠤᠯᠢ ᠴᠠᠭᠠᠵᠠ᠎ᠶ᠋ᠢᠨ ᠲᠠᠰᠤᠯᠤᠨ ᠲᠣᠭ᠍ᠲᠠᠭᠠᠯᠲᠠ᠎ᠶ᠋ᠢᠨ ᠪᠦᠬᠦ᠌ ᠶᠠᠪᠤᠴᠠ᠎ᠳᠤ ᠦᠨᠡᠨᠬᠦ᠌ ᠲᠤᠭᠤᠰᠢᠯᠠᠭᠤᠯᠪᠠᠯ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ᠎ᠲᠤ ᠬᠠᠤᠯᠢ ᠪᠡᠷ ᠵᠠᠰᠠᠬᠤ ᠲᠣᠭ᠍ᠲᠠᠪᠤᠷᠢᠲᠤ ᠴᠢᠨᠠᠷ ᠪᠣᠯᠤᠨ ᠵᠢᠱ᠌ᠢᠵᠦ᠍ ᠪᠣᠯᠬᠤᠢᠴᠠ ᠴᠢᠨᠠᠷ᠎ᠢ ᠤᠯᠠᠮ ᠨᠢᠭᠡ ᠠᠯᠬᠤᠮ ᠮᠡᠳᠡᠷᠡᠭᠦᠯᠵᠦ᠍᠂ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠣᠷᠣᠯᠴᠠᠬᠤ᠎ᠳᠤ ᠨᠡᠩ ᠪᠠᠲᠤ ᠪᠡᠬᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠨᠢ ᠯᠠᠪᠲᠠᠢ ᠶᠤᠮ ᠭᠡᠵᠦ᠍ ᠢᠯᠡᠳᠭᠡᠪᠡ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 5 ᠰᠠᠷ᠎ᠠ᠎ᠶᠢᠨ 20 ᠤ᠋ ᠴᠠᠬᠢᠯᠭᠠᠨ ᠮᠡᠳᠡᠭᠡ)