2026 ᠣᠨ᠎ᠤ ᠪᠥᠬᠥ᠌ ᠤᠯᠤᠰ᠎ᠤᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠤᠬᠠᠭᠤᠯᠭ᠎ᠠ᠎ᠶ᠋ᠢᠨ ᠰᠠᠷ᠎ᠠ ᠵᠢᠨ ᠠᠵᠢᠯᠯᠠᠭ᠎ᠠ ᠡᠬᠢᠯᠡᠪᠡ
2026-05-23 11:01:25
ᠵᠣᠬᠢᠶᠠᠭ᠍ᠴᠢ᠄
ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠸᠧᠢ ᠭᠤᠸᠠᠨ ᠢᠦᠢ
ᠣᠩᠱᠢᠭ᠍ᠰᠠᠨ ᠣᠳᠠᠭ᠎ᠠ᠄
★★★☆☆

2026 ᠣᠨ᠎ᠤ ᠪᠦᠬᠦ᠌ ᠤᠯᠤᠰ᠎ᠤᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠤᠬᠠᠭᠤᠯᠭ᠎ᠠ᠎ᠶ᠋ᠢᠨ ᠰᠠᠷ᠎ᠠ ᠵᠢᠨ ᠠᠵᠢᠯᠯᠠᠭ᠎ᠠ 19 ᠤ᠋ ᠡᠳᠦᠷ ᠪᠡᠭᠡᠵᠢᠩ᠎ᠳᠦ ᠡᠬᠢᠯᠡᠪᠡ᠂ ᠭᠣᠣᠯ ᠰᠡᠳᠦᠪ ᠨᠢ 《ᠲᠣᠭᠠᠴᠢᠯᠠᠭ᠍ᠰᠠᠨ ᠴᠠᠭ ᠦᠶ᠎ᠡ᠎ᠳᠡᠬᠢ ᠪᠠᠭ᠎ᠠ ᠨᠠᠰᠤ᠎ᠶ᠋ᠢ ᠬᠠᠮᠲᠤ᠎ᠪᠠᠷ ᠰᠠᠬᠢᠨ ᠬᠠᠮᠠᠭᠠᠯᠠᠶ᠎ᠠ》 ᠪᠣᠯᠤᠨ᠎ᠠ᠃ ᠤᠬᠠᠭᠤᠯᠭ᠎ᠠ᠎ᠶ᠋ᠢᠨ ᠰᠠᠷ᠎ᠠ ᠵᠢᠨ ᠠᠵᠢᠯᠯᠠᠭ᠎ᠠ ᠨᠢ᠂ ᠡᠯ᠎ᠡ ᠭᠠᠵᠠᠷ᠎ᠤᠨ ᠬᠡᠦᠬᠡᠳ᠎ᠦᠨ ᠴᠡᠴᠡᠷᠯᠢᠭ᠎ᠤᠨ ᠲᠣᠭ᠍ᠯᠠᠭᠠᠮ᠎ᠢᠶᠠᠷ ᠦᠨᠳᠦᠰᠦᠨ ᠬᠥᠳᠡᠯᠭᠡᠭᠡᠨ ᠪᠣᠯᠭᠠᠬᠤ᠎ᠶ᠋ᠢ ᠨᠠᠢᠳᠠᠪᠤᠷᠢᠵᠢᠭᠤᠯᠵᠤ᠂ ᠬᠡᠷ᠎ᠦᠨ ᠠᠬᠠᠮᠠᠳ᠎ᠤᠨ 《ᠢᠯᠡᠭᠦᠦ ᠬᠠᠨᠢ ᠪᠣᠯᠬᠤ᠂ ᠢᠯᠡᠭᠦᠦ ᠴᠤᠭ ᠨᠠᠭᠠᠳᠭᠤ᠂ ᠢᠯᠡᠭᠦᠦ ᠬᠥᠳᠡᠯᠭᠡᠭᠡᠨ ᠬᠢᠬᠦ᠌᠂ ᠢᠯᠡᠭᠦᠦ ᠪᠠᠢᠭᠠᠯᠢ᠎ᠲᠠᠶ ᠣᠢᠷᠠᠳᠭᠤ》 ᠬᠡᠦᠬᠡᠳ ᠪᠣᠢᠵᠢᠭᠤᠯᠬᠤ ᠣᠢᠯᠠᠭᠠᠭ᠍ᠳᠠᠬᠤᠨ᠎ᠢ ᠬᠥᠲᠥᠯᠥᠨ ᠵᠢᠯᠣᠭᠣᠳᠴᠤ᠌᠂ 《ᠡᠯᠧᠺᠲ᠋ᠷᠣᠨ ᠫᠷᠤᠭ᠌ᠷᠡᠮ᠎ᠢᠶᠡᠷ ᠬᠡᠦᠬᠡᠳ ᠰᠠᠭᠠᠳᠠᠭᠤᠯᠬᠤ》 ᠵᠢ ᠰᠡᠷᠭᠡᠢᠯᠡᠬᠦ᠌ ᠬᠡᠷᠡᠭ᠌ᠲᠡᠶ ᠭᠡᠵᠦ᠍ ᠤᠷᠢᠶᠠᠯᠠᠪᠠ᠃

ᠰᠤᠳᠤᠯᠭᠠᠨ ᠡᠴᠡ ᠦᠵᠡᠪᠡᠯ᠂ ᠬᠡᠲᠦ ᠡᠷᠲᠡ ᠡᠴᠡ ᠲᠣᠭᠠᠴᠢᠯᠠᠭ᠍ᠰᠠᠨ ᠦᠶ᠋ᠯᠡᠳᠬᠦᠨ᠎ᠲᠡᠶ ᠬᠡᠲᠦ ᠣᠢᠷᠠᠳᠪᠠᠯ ᠬᠡᠦᠬᠡᠳ᠎ᠦᠨ ᠬᠠᠷᠠᠭᠠᠨ ᠤ᠋ ᠡᠷᠡᠭᠦᠯ ᠮᠡᠨᠳᠦ᠂ ᠠᠩᠬᠠᠷᠤᠯ ᠲᠥᠪᠯᠡᠷᠡᠬᠦᠯᠬᠦ᠂ ᠦᠭᠡ ᠬᠡᠯᠡ ᠶᠠᠪᠤᠯᠴᠠᠭ᠎ᠠ᠂ ᠬᠠᠢᠷ᠎ᠠ ᠰᠡᠳᠭᠢᠯᠭᠡ᠎ᠶ᠋ᠢᠨ ᠬᠥᠭ᠌ᠵᠢᠯᠲᠡ ᠵᠡᠷᠭᠡ ᠲᠠᠯ᠎ᠠ᠎ᠳᠤ ᠣᠷᠳᠣ ᠬᠤᠭᠤᠴᠠᠭᠠᠨ᠎ᠤ ᠪᠥᠭᠡᠳ ᠡᠭᠡᠭᠦᠯᠵᠦ᠍ ᠪᠣᠯᠤᠰᠢ ᠥᠬᠡᠶ ᠠᠱᠢᠭ ᠥᠬᠡᠶ ᠨᠥᠯᠥᠭᠡ ᠠᠪᠴᠢᠷᠠᠬᠤ ᠪᠣᠯᠤᠨ᠎ᠠ᠃

《ᠬᠠᠪᠰᠤᠷᠤᠨ ᠤᠩᠱᠢᠬᠤ᠂ ᠵᠣᠭᠣᠭ᠍ᠳᠠᠬᠤ᠂ ᠬᠠᠷᠢᠯᠴᠠᠨ ᠬᠥᠳᠡᠯᠦᠯᠴᠡᠬᠦ᠌ ᠲᠣᠭ᠍ᠯᠠᠭᠠᠮ ᠵᠡᠷᠭᠡ ᠬᠡᠦᠬᠡᠳ᠎ᠦᠨ ᠲᠣᠭᠠᠴᠢᠯᠠᠭ᠍ᠰᠠᠨ ᠦᠶ᠋ᠯᠡᠳᠬᠦᠨ᠎ᠢᠶᠡᠷ ᠵᠢᠷᠤᠭᠳᠤ ᠨᠤᠮ᠂ ᠲᠣᠭ᠍ᠯᠠᠭᠠᠮ᠎ᠢ ᠣᠷᠣᠯᠠᠭᠤᠯᠵᠤ ᠪᠣᠯᠬᠤ ᠥᠬᠡᠶ᠂ ᠲᠣᠭᠠᠴᠢᠯᠠᠭ᠍ᠰᠠᠨ ᠦᠶ᠋ᠯᠡᠳᠬᠦᠨ᠎ᠢ ᠬᠡᠦᠬᠡᠳ᠎ᠢ ᠠᠵᠢᠭ᠍ᠯᠠᠭᠰᠠᠨ ᠲᠡᠮᠳᠡᠭ᠌ᠯᠡᠯ᠂ ᠬᠡᠦᠬᠡᠳ᠎ᠢ ᠦᠨᠡᠯᠡᠬᠦ ᠵᠡᠷᠭᠡ᠎ᠳ᠋ᠦ ᠰᠢᠭᠤᠳ ᠠᠰᠢᠭᠯᠠᠵᠤ ᠪᠣᠯᠬᠤ ᠥᠬᠡᠶ》᠃ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠣᠳᠣᠬᠠᠨ᠎ᠳᠤ ᠨᠡᠢᠭᠡᠮ᠎ᠦᠨ ᠡᠯ᠎ᠡ ᠡᠲᠡᠭᠡᠳ᠎ᠦᠨ᠎ᠬᠢᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠬᠦᠷᠢᠶ᠎ᠠ ᠴᠠᠷᠠᠭ᠎ᠠ᠎ᠳᠡᠬᠢ ᠳᠤᠭᠠᠴᠢᠯᠠᠭᠰᠠᠨ ᠬᠡᠷᠡᠭᠯᠡᠭᠡᠨ ᠤ᠋ ᠫᠷᠤᠭ᠌ᠷᠡᠮ᠎ᠤᠨ ᠲᠤᠬᠠᠶ ᠪᠠᠰᠠ ᠵᠠᠷᠢᠮ ᠪᠤᠷᠤᠭᠤ ᠲᠠᠨᠢᠯᠲᠠ ᠣᠷᠣᠱᠢᠵᠤ ᠪᠠᠢᠨ᠎ᠠ᠂ ᠡᠭᠦᠨ᠎ᠦ ᠳᠡᠭᠡᠷ᠎ᠡ ᠬᠤᠳᠠᠯᠳᠤᠭᠠᠨ᠎ᠤ ᠪᠠᠢᠭᠤᠯᠤᠮᠵᠢ᠎ᠶ᠋ᠢᠨ ᠤᠬᠠᠭᠤᠯᠭ᠎ᠠ ᠡᠴᠡ ᠪᠣᠯᠵᠣ᠂ ᠣᠨᠴᠠ ᠵᠠᠷᠢᠮ ᠭᠠᠵᠠᠷ ᠣᠷᠣᠨ ᠪᠠ ᠬᠡᠦᠬᠡᠳ᠎ᠦᠨ ᠴᠡᠴᠡᠷᠯᠢᠭ᠎ᠲᠦ ᠳᠤᠭᠠᠴᠢᠯᠠᠭᠰᠠᠨ ᠦᠶ᠋ᠯᠡᠳᠬᠦᠨ᠎ᠢ ᠳᠤᠷ᠎ᠠ᠎ᠪᠠᠷ᠎ᠢᠶᠠᠨ ᠬᠡᠷᠡᠭ᠌ᠯᠡᠬᠦ᠌᠂ ᠪᠤᠷᠤᠭᠤ ᠬᠡᠷᠡᠭ᠌ᠯᠡᠬᠦ᠌ ᠦᠵᠡᠭ᠌ᠳᠡᠯ ᠣᠷᠣᠱᠢᠵᠤ ᠪᠠᠢᠨ᠎ᠠ ᠭᠡᠵᠦ ᠢᠯᠡᠳᠬᠡᠪᠡ᠃

ᠦᠨᠡᠨ ᠪᠣᠳᠠᠲᠠᠶ ᠪᠠᠭ᠎ᠠ ᠨᠠᠰᠤ ᠵᠢ ᠬᠠᠮᠠᠭᠠᠯᠠᠵᠤ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ᠂ ᠬᠡᠦᠬᠡᠳ᠎ᠦᠨ ᠡᠷᠡᠭᠦᠯ ᠮᠡᠨᠳᠦ᠍᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠲᠤᠰᠭᠠᠶ ᠮᠡᠷᠭᠡᠵᠢᠯ᠎ᠦᠨ ᠵᠣᠭ᠍ᠰᠣᠯᠲᠠ᠎ᠪᠠᠨ ᠪᠠᠲᠤᠳᠭᠠᠵᠤ᠂ ᠬᠡᠦᠬᠡᠳ᠎ᠲᠦ ᠦᠨᠡᠨ ᠰᠡᠳᠭᠢᠯ᠎ᠡᠴᠡ᠎ᠪᠡᠨ ᠬᠠᠨᠢ ᠪᠣᠯᠤᠶ᠎ᠠ ᠁ ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ᠎ᠳᠦ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠲᠤᠰᠭᠠᠶ ᠮᠡᠷᠭᠡᠵᠢᠯᠲᠡᠨ᠂ ᠬᠡᠦᠬᠡᠳ᠎ᠦᠨ ᠴᠡᠴᠡᠷᠯᠢᠭ᠎ᠦᠨ ᠳᠠᠷᠤᠭ᠎ᠠ᠂ ᠬᠡᠷ᠎ᠦᠨ ᠠᠬᠠᠮᠠᠳ᠎ᠤᠨ ᠲᠥᠯᠥᠭᠡᠯᠡᠭ᠌ᠴᠢ ᠰᠠᠨᠠᠭᠠᠴᠢᠯᠠᠭ᠎ᠠ ᠭᠠᠷᠭᠠᠵᠤ᠂ ᠲᠣᠭᠠᠴᠢᠯᠠᠯᠲᠠ᠎ᠵᠢᠨ ᠴᠠᠭ ᠦᠶ᠎ᠡ᠎ᠳᠦ ᠰᠠᠢᠨ ᠰᠠᠢᠬᠠᠨ ᠪᠠᠭ᠎ᠠ ᠨᠠᠰᠤ ᠵᠢ ᠬᠠᠮᠲᠤ᠎ᠪᠠᠷ ᠰᠠᠬᠢᠨ ᠬᠠᠮᠠᠭᠠᠯᠠᠶ᠎ᠠ ᠭᠡᠪᠡ᠃

ᠣᠢᠯᠠᠭᠠᠭ᠍ᠰᠠᠨ᠎ᠢᠶᠠᠷ᠂ 2025 ᠣᠨ᠎ᠳᠤ ᠪᠥᠬᠥ᠌ ᠤᠯᠤᠰ᠎ᠤᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠭᠤᠷᠪᠠᠨ ᠵᠢᠯ᠎ᠦᠨ ᠴᠡᠴᠡᠷᠯᠢᠭ᠎ᠲᠦ ᠣᠷᠣᠬᠤ ᠪᠥᠬᠥ᠌ ᠨᠣᠷᠮ᠎ᠠ 92.9% ᠎ᠳ᠋ᠤ ᠬᠦᠷᠴᠦ᠍᠂ ᠪᠥᠬᠥ᠌ ᠤᠯᠤᠰ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ 91.5% ᠎ᠳ᠋ᠤ ᠬᠦᠷᠴᠡᠶ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号