5 ᠰᠠᠷ᠎ᠠ᠎ᠶ᠋ᠢᠨ 20᠎ᠦ᠌ ᠡᠳᠦᠷ᠂ ᠪᠠᠶᠠᠨᠨᠠᠭᠤᠷ ᠬᠣᠲᠠ᠎ᠶ᠋ᠢᠨ ᠳ᠋ᠸᠡᠭᠺᠸᠤ ᠰᠢᠶᠠᠨ᠎ᠤ᠋ ᠬᠠᠲᠤᠨ ᠭᠣᠣᠯ᠎ᠤ᠋ᠨ ᠬᠣᠢᠲᠤ ᠡᠷᠬᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯ᠎ᠳᠤ ᠨᠥᠬᠥᠵᠦ ᠮᠤᠳᠤ ᠲᠠᠷᠢᠬᠤ ᠲᠤᠬᠠᠢ ᠵᠢᠨ ᠲᠠᠯᠠᠪᠠᠢ᠎ᠳ᠋ᠤ᠌ ᠮᠠᠰᠢᠨᠬᠦᠷᠴᠢᠭᠢᠨᠡᠨ᠂ ᠤᠳᠬᠤᠭᠤᠷ ᠮᠠᠰᠢᠨ᠂ ᠨᠦᠬᠡ ᠮᠠᠯᠲᠠᠬᠤ ᠮᠠᠰᠢᠨ ᠵᠡᠷᠭᠡ ᠮᠠᠰᠢᠨ ᠲᠥᠬᠥᠭᠡᠷᠦᠮᠵᠢ ᠡᠭᠡᠯᠵᠢᠯᠡᠨ ᠠᠵᠢᠯᠯᠠᠨ᠎ᠠ᠃ ᠠᠵᠢᠯᠲᠠᠳ ᠠᠵᠢᠯᠢ᠋ᠶ᠋ᠠᠨ ᠬᠤᠪᠢᠶᠠᠷᠢᠯᠠᠨ ᠬᠠᠮᠵᠢᠯᠴᠠᠵᠤ᠂ ᠴᠢᠬᠢ ᠮᠣᠳᠣ ᠨᠥᠬᠥᠵᠦ ᠲᠠᠷᠢᠬᠤ ᠠᠵᠢᠯ ᠡᠮᠬᠢ ᠲᠢᠭᠯᠢᠮ᠎ᠲᠠᠢ ᠶᠠᠪᠤᠭᠳᠠᠵᠦ ᠪᠠᠢᠯ᠎ᠠ᠃ ᠮᠠᠰᠢᠨᠢ᠋ᠶ᠋ᠠᠷ ᠮᠠᠯᠳᠠᠬᠤ ᠪᠠ ᠬᠥᠮᠦᠨ᠎ᠦ᠌ ᠬᠦᠴᠦ᠎ᠪᠡᠷ ᠲᠠᠷᠢᠬᠤ ᠠᠵᠢᠯ ᠥᠨᠳᠥᠷ ᠪᠦᠲᠦᠮᠵᠢᠲᠡᠢ ᠬᠠᠮᠵᠢᠯᠴᠠᠵᠤ᠂ ᠡᠯ᠎ᠡ ᠭᠣᠭᠴᠣᠭ᠎ᠠ᠎ᠶ᠋ᠢ ᠵᠡᠷᠭᠡ᠎ᠳ᠋ᠦ᠍᠎ᠨᠢ ᠲᠦᠯᠬᠢᠨ ᠠᠬᠢᠭᠤᠯᠵᠤ᠂ ᠪᠦᠬᠦᠯᠢ ᠴᠣᠭᠴᠠ᠎ᠶ᠋ᠢᠨ ᠠᠵᠢᠯ᠎ᠤᠨ ᠠᠬᠢᠴᠠ᠎ᠶ᠋ᠢ ᠲᠦᠷᠭᠡᠳᠬᠡᠭᠰᠡᠨ ᠮᠥᠷᠲᠡᠭᠡᠨ ᠪᠠᠰᠠ ᠣᠢᠵᠢᠭᠤᠯᠤᠯᠲᠠ᠎ᠶ᠋ᠢᠨ ᠶᠠᠰᠤ ᠴᠢᠨᠠᠷ᠎ᠢ᠋ ᠪᠠᠲᠤᠯᠠᠵᠠᠢ᠃
ᠳ᠋ᠧᠩᠺᠧᠦ ᠰᠢᠶᠠᠨᠦ᠌ ᠬᠠᠲᠤᠨ ᠭᠤᠤᠯ᠎ᠤ᠋ᠨ ᠬᠣᠢᠲᠤ ᠡᠷᠭᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯ᠎ᠤ᠋ᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠦ᠋ᠨ ᠬᠠᠷᠢᠭᠤᠴᠠᠯᠭᠠᠲᠠᠨ ᠪᠤᠤ ᠶᠦᠩ ᠭᠤᠸᠠᠩ᠄︽ᠪᠢᠳᠡ ᠮᠠᠰᠢᠨ ᠮᠧᠬᠠᠨᠢᠭᠢ᠋ᠶ᠋ᠠᠷ ᠭᠠᠵᠠᠷ ᠲᠡᠭᠰᠢᠯᠡᠬᠦ᠂ ᠤᠰᠤ ᠠᠷᠪᠢᠯᠠᠵᠤ ᠳᠠᠪᠤᠰᠤ ᠡᠵᠡᠮᠳᠡᠬᠦ ᠮᠡᠷᠭᠡᠵᠢᠯ᠎ᠢ᠋ ᠠᠰᠢᠬᠯᠠᠨ᠂ ᠣᠷᠭᠠᠨᠢᠭ ᠪᠣᠷᠳᠣᠭᠤᠷ ᠪᠠ ᠹᠣᠰᠹᠣᠷ ᠵᠤᠭᠠᠩᠢ᠋ᠶ᠋ᠠᠷ ᠬᠥᠷᠥᠰᠥ ᠰᠢᠷᠣᠢ᠎ᠶ᠋ᠢ ᠰᠠᠢᠵᠢᠷᠠᠭᠤᠯᠵᠤ᠂ ᠲᠤᠬᠠᠢ᠎ᠶᠢᠨ ᠭᠠᠵᠠᠷ᠎ᠤᠨ ᠨᠥᠬᠥᠴᠡᠯᠳ᠋ᠤ᠌ ᠲᠣᠬᠢᠷᠠᠬᠤ ᠮᠣᠳᠣᠨᠤ᠋ ᠲᠥᠷᠥᠯᠢ᠋ ᠰᠣᠩᠭᠣᠨ ᠰᠢᠨᠵᠢᠯᠡᠬᠦ ᠤᠬᠠᠭᠠᠨᠴᠢ᠎ᠪᠠᠷ ᠲᠠᠷᠢᠭᠠᠳ᠂ ᠠᠵᠢᠯ᠎ᠤ᠋ᠨ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠭᠰᠡᠨ᠎ᠢᠶᠡᠷ ᠦᠯᠦ ᠪᠠᠷᠠᠨ ᠪᠠᠰᠠ ᠴᠢᠬᠢ ᠮᠣᠳᠣᠨᠤ᠋ ᠡᠳᠡᠭᠡᠷᠡᠯᠲᠡ᠎ᠶ᠋ᠢᠨ ᠨᠣᠷᠮ᠎ᠠ᠎ᠶ᠋ᠢ ᠪᠦᠲᠦᠮᠵᠢᠲᠡᠢ ᠪᠠᠲᠤᠯᠠᠵᠠᠢ︾ᠭᠡᠮᠡᠨ ᠰᠤᠷᠪᠤᠯᠵᠢᠯᠠᠭᠴᠢ᠎ᠳᠤ ᠲᠠᠨᠢᠯᠴᠠᠭᠤᠯᠤᠭᠰᠠᠨ ᠪᠠᠢᠨ᠎ᠠ᠃
ᠣᠳᠣ ᠪᠤᠯ ᠶᠠᠭ ᠮᠣᠳᠣ ᠲᠠᠷᠢᠵᠤ ᠣᠢᠵᠢᠭᠤᠯᠬᠤ᠂ ᠨᠥᠬᠥᠵᠦ ᠲᠠᠷᠢᠬᠤ ᠵᠠᠩᠬᠢᠯᠠᠭ᠎ᠠ ᠵᠢᠨ ᠦᠶ᠎ᠡ ᠪᠤᠯᠬᠤᠷ᠂ᠪᠠᠶᠠᠨᠨᠠᠭᠤᠷ ᠬᠣᠲᠠ ᠵᠢᠨ ᠬᠠᠲᠤᠨ ᠭᠣᠣᠯ᠎ᠤ᠋ᠨ ᠬᠣᠢᠲᠤ ᠡᠷᠬᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯ᠎ᠤ᠋ᠨ ᠪᠦᠲᠦᠭᠡᠨ ᠪᠠᠢᠭᠤᠯᠤᠯᠲᠠ ᠵᠢᠨ ᠬᠤᠷᠳᠤᠴᠠ ᠵᠢ ᠪᠦᠬᠦ ᠲᠠᠯ᠎ᠠ᠎ᠪᠠᠷ ᠲᠦᠷᠭᠡᠳᠬᠡᠪᠡ᠃ ᠳ᠋ᠸᠡᠭᠺᠸᠤ ᠰᠢᠶᠠᠨ ᠢᠨᠵᠧᠨᠧᠷᠢᠩ᠎ᠦ᠋ᠨ ᠭᠣᠣᠯ ᠬᠡᠰᠡᠭ ᠪᠤᠯᠤᠭᠰᠠᠨ᠎ᠤ ᠬᠤᠪᠢ᠎ᠳ᠋ᠤ᠌ ᠪᠦᠲᠦᠭᠡᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠡᠭᠦᠷᠭᠡ᠎ᠶ᠋ᠢ ᠡᠭᠦᠷᠭᠡᠯᠡᠵᠤ᠂ ᠲᠥᠷᠥᠯ ᠵᠦᠢᠯ᠎ᠢ᠋ 4 ᠰᠠᠷ᠎ᠠ᠎ᠶ᠋ᠢᠨ ᠡᠬᠢ᠎ᠪᠡᠷ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 290 ᠲᠦᠮᠡᠨ ᠲᠥᠭᠥᠷᠢᠭ ᠲᠦ᠍ ᠬᠦᠷᠴᠤ᠂ ᠵᠠᠰᠠᠯᠲᠠ᠎ᠶ᠋ᠢᠨ ᠡᠭᠦᠷᠭᠡ ᠨᠢ 572.59 ᠮᠦ᠍ ᠪᠠᠢᠵᠤ᠂ ᠪᠦᠲᠦᠭᠡᠨ ᠪᠠᠢᠭᠤᠯᠬᠤ ᠣᠷᠣᠨ ᠨᠢ ᠳ᠋ᠧᠩᠺᠧᠤ ᠰᠢᠶᠠᠨ᠎ᠤ᠋ 2 ᠰᠢᠶᠠᠩ ᠪᠠᠯᠭᠠᠰᠤᠨ᠎ᠤ 6 ᠭᠠᠴᠠᠭ᠎ᠠ ᠲᠣᠰᠬᠣᠨᠢ᠋ ᠬᠠᠮᠤᠷᠪᠠ᠃ ᠲᠤᠰ ᠲᠥᠷᠥᠯ ᠵᠦᠢᠯ ᠴᠢᠬᠢ ᠮᠣᠳᠣ ᠲᠠᠷᠢᠵᠤ ᠣᠢᠵᠢᠭᠤᠯᠬᠤ ᠠᠷᠭ᠎ᠠ ᠮᠠᠶᠢᠭᠢ᠋ᠶ᠋ᠠᠷ ᠳᠠᠮᠵᠢᠭᠤᠯᠤᠨ᠂ ᠬᠠᠲᠤᠨ ᠭᠣᠣᠯ᠎ᠤ᠋ᠨ ᠬᠣᠢᠲᠤ ᠡᠷᠭᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯᠢ᠋ ᠪᠠᠢᠭᠤᠯᠵᠤ᠂ ᠣᠷᠣᠨ ᠪᠦᠰᠡ᠎ᠶ᠋ᠢᠨ ᠠᠮᠢ ᠠᠬᠤᠢ᠎ᠶ᠋ᠢᠨ ᠣᠷᠴᠢᠨ ᠲᠣᠭᠣᠷᠢᠨ᠎ᠢ᠋ ᠦᠷᠭᠦᠯᠵᠢᠯᠡᠨ ᠰᠠᠢᠵᠢᠷᠠᠭᠤᠯᠵᠤ᠂ ᠰᠠᠯᠬᠢ ᠬᠠᠯᠬᠠᠯᠠᠵᠤ ᠰᠢᠷᠣᠢ ᠵᠢ ᠲᠣᠭᠲᠠᠪᠤᠷᠢᠵᠢᠭᠤᠯᠬᠤ᠂ ᠤᠰᠤᠨ ᠰᠤᠷᠪᠤᠯᠵᠢ᠎ᠶ᠋ᠢ ᠬᠠᠳᠠᠭᠠᠯᠠᠬᠤ ᠵᠡᠷᠭᠡ ᠠᠮᠢ ᠠᠬᠤᠢ᠎ᠶ᠋ᠢᠨ ᠴᠢᠳᠠᠮᠵᠢ᠎ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
︽ᠪᠢᠳᠡ︿ᠭᠠᠵᠠᠷ ᠣᠷᠣᠨ᠎ᠤ᠋ ᠪᠠᠢᠳᠠᠯ᠎ᠳ᠋ᠤᠨᠢ ᠲᠣᠬᠢᠷᠠᠭᠤᠯᠬᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠥᠪᠯᠡᠷᠡᠭᠦᠯᠦᠨ ᠲᠠᠷᠢᠬᠤ﹀ᠵᠠᠷᠴᠢᠮᠢ᠋ ᠴᠢᠩᠭ᠎ᠠ ᠵᠢᠷᠤᠮᠯᠠᠵᠤ᠂ ᠬᠠᠲᠤᠨ ᠭᠣᠣᠯ᠎ᠤ᠋ᠨ ᠬᠣᠢᠲᠤ ᠡᠷᠭᠢᠨ ᠳ᠋ᠡᠬᠢ ᠣᠷᠣᠨ ᠪᠦᠰᠡ᠎ᠶ᠋ᠢᠨ ᠠᠮᠢ ᠠᠬᠤᠢ᠎ᠶ᠋ᠢᠨ ᠣᠨᠴᠠᠯᠢᠭᠲᠤ᠌ ᠰᠠᠭᠤᠷᠢᠯᠠᠨ᠂ ᠣᠢᠵᠢᠭᠤᠯᠤᠨ ᠡᠪᠡᠰᠦ ᠲᠠᠷᠢᠬᠤ᠂ ᠬᠦᠷᠢᠶᠡᠯᠡᠨ ᠬᠠᠮᠠᠭᠠᠯᠠᠬᠤ᠂ ᠤᠰᠤᠯᠠᠯᠲᠠ᠎ᠵᠢ ᠢᠵᠢ ᠪᠦᠷᠢᠳᠦᠭᠦᠯᠬᠦ ᠵᠡᠷᠭᠡ ᠶᠡᠷᠦᠩᠬᠡᠢᠯᠡᠭᠰᠡᠨ ᠠᠷᠭ᠎ᠠ ᠬᠡᠮᠵᠢᠶ᠎ᠡ᠎ᠶ᠋ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠣᠳᠣᠬᠠᠨ᠎ᠳ᠋ᠤ᠌ ᠪᠦᠬᠦ ᠲᠠᠷᠢᠮᠠᠯ᠎ᠤ᠋ᠨ ᠡᠭᠦᠷᠭᠡ᠎ᠪᠡᠨ ᠦᠨᠳᠦᠰᠦᠨ᠎ᠳᠡᠭᠡᠨ ᠪᠡᠶᠡᠯᠡᠭᠦᠯᠵᠡᠢ︾ᠭᠡᠵᠦ ᠪᠤᠤ ᠶᠦᠩ ᠭᠤᠸᠠᠩ ᠬᠡᠯᠡᠯ᠎ᠡ᠃
ᠣᠢᠯᠠᠭᠠᠭᠰᠠᠨ᠎ᠢ᠋ᠶ᠋ᠠᠷ᠂ ᠪᠠᠶᠠᠨᠨᠠᠭᠤᠷ ᠬᠣᠲᠠ᠎ᠶ᠋ᠢᠨ ᠬᠠᠲᠤᠨ ᠭᠣᠣᠯ᠎ᠤ᠋ᠨ ᠬᠣᠢᠲᠤ ᠡᠷᠬᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯ᠎ᠤ᠋ᠨ ᠪᠦᠬᠦ ᠤᠷᠲᠤ ᠨᠢ 303 ᠺᠢᠯᠣᠮᠧᠲ᠋ᠷ ᠪᠠᠢᠵᠤ᠂ ᠪᠠᠶᠠᠨᠨᠠᠭᠤᠷ ᠬᠣᠲᠠ᠎ᠶ᠋ᠢᠨ 5 ᠬᠣᠰᠢᠭᠤ ᠰᠢᠶᠠᠨ ᠲᠣᠭᠣᠷᠢᠭᠢ᠋ ᠬᠠᠮᠤᠷᠴᠤ ᠪᠠᠢᠨ᠎ᠠ᠃ ᠵᠠᠮ ᠳᠠᠭᠠᠤ ᠰᠠᠯᠬᠢ ᠡᠯᠡᠰᠦᠨᠦ᠌ ᠳᠠᠭᠠᠷᠢᠯᠲᠠ᠂ ᠬᠥᠷᠥᠰᠥ ᠰᠢᠷᠣᠢ᠎ᠶ᠋ᠢᠨ ᠢᠳᠡᠭᠳᠡᠯ᠂ ᠬᠥᠷᠥᠰᠥ ᠰᠢᠷᠣᠢ᠎ᠶ᠋ᠢᠨ ᠬᠤᠵᠢᠷᠲᠦᠯ ᠵᠡᠷᠭᠡ ᠳᠣᠪᠣᠢᠮ᠎ᠠ ᠠᠰᠠᠭᠤᠳᠠᠯᠳ᠋ᠤ᠌ ᠴᠢᠭᠯᠡᠭᠦᠯᠦᠨ᠂ ᠲᠤᠬᠠᠢ᠎ᠶ᠋ᠢᠨ ᠭᠠᠵᠠᠷ ᠣᠷᠣᠨ ᠲᠠᠷᠠᠬᠠᠢ ᠪᠤᠲᠠᠷᠬᠠᠢ ᠵᠠᠰᠠᠬᠤ ᠤᠯᠠᠮᠵᠢᠯᠠᠯᠲᠤ ᠰᠡᠳᠬᠢᠴᠡ᠎ᠪᠡᠨ ᠲᠠᠶᠠᠭᠳᠠᠨ᠂ ᠪᠦᠬᠦ ᠣᠷᠣᠨ ᠪᠦᠰᠡ᠎ᠶ᠋ᠢ ᠨᠢᠭᠡᠳᠦᠯᠲᠡᠢ ᠲᠥᠯᠥᠪᠯᠡᠬᠦ ᠪᠢᠲᠡᠭᠦᠦ ᠬᠡᠯᠪᠡᠷᠢ᠎ᠶ᠋ᠢᠨ ᠬᠠᠮᠢᠶᠠᠷᠤᠯᠲᠠ᠎ᠶ᠋ᠢᠨ ᠰᠢᠰᠲ᠋ᠧᠮ ᠵᠢᠡᠷ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ᠋ ᠡᠵᠡᠮᠳᠡᠵᠦ᠂ ᠲᠤᠬᠠᠢ᠎ᠶ᠋ᠢᠨ ᠭᠠᠵᠠᠷ ᠣᠷᠣᠨ᠎ᠤ᠋ ᠪᠠᠢᠳᠠᠯᠳ᠋ᠠᠭᠠᠨ ᠲᠣᠬᠢᠷᠠᠭᠤᠯᠤᠨ᠂ ᠳᠠᠪᠤᠰᠤ ᠬᠤᠵᠢᠷᠲᠤ᠌ ᠲᠡᠰᠪᠦᠷᠢᠲᠡᠢ ᠨᠤᠲᠤᠭ᠎ᠤ᠋ᠨ ᠮᠣᠳᠣᠨᠤ᠋ ᠲᠥᠷᠥᠯᠢ᠋ ᠰᠣᠩᠭᠣᠨ᠂ ᠲᠤᠷᠤᠭ ᠪᠤᠲᠠ ᠡᠪᠡᠰᠦ ᠶ᠋ᠢ ᠤᠶᠠᠯᠳᠤᠭᠤᠯᠤᠭᠰᠠᠨ ᠪᠣᠰᠤᠭ᠎ᠠ ᠴᠣᠭᠴᠠᠲᠤ ᠰᠡᠷᠭᠡᠢᠯᠡᠨ ᠬᠠᠮᠠᠭᠠᠯᠠᠬᠤ ᠰᠢᠰᠲ᠋ᠧᠮ᠎ᠢ᠋ ᠪᠠᠢᠭᠤᠯᠵᠠᠢ᠃ ᠬᠤᠵᠢᠷᠯᠢᠭ ᠭᠠᠵᠠᠷ᠎ᠢ᠋ ᠰᠠᠢᠵᠢᠷᠠᠭᠤᠯᠬᠤ᠂ ᠤᠰᠤ ᠠᠷᠪᠢᠯᠠᠵᠤ ᠣᠢᠵᠢᠭᠤᠯᠬᠤ ᠵᠡᠷᠭᠡ ᠬᠡᠷᠡᠭᠯᠡᠭᠡᠨ᠎ᠦ᠌ ᠮᠡᠷᠭᠡᠵᠢᠯ᠎ᠢ᠋ ᠵᠡᠷᠭᠡ᠎ᠪᠡᠷ ᠳᠡᠯᠭᠡᠷᠡᠭᠦᠯᠵᠦ᠂ ᠣᠢᠵᠢᠭᠤᠯᠤᠯᠲᠠ᠎ᠶ᠋ᠢᠨ ᠡᠳᠡᠭᠡᠷᠡᠯᠲᠡ᠎ᠶ᠋ᠢᠨ ᠨᠣᠷᠮ᠎ᠠ᠎ᠶ᠋ᠢ ᠳᠡᠭᠡᠭᠰᠢᠯᠡᠭᠦᠯᠪᠡ᠃ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ ᠬᠢᠭᠡᠳ ᠠᠵᠤ ᠦᠢᠯᠡᠰ᠎ᠦ᠋ᠨ ᠬᠥᠭᠵᠢᠯᠲᠡ᠎ᠶ᠋ᠢ ᠭᠦᠨᠵᠡᠭᠡᠢ ᠠᠭᠤᠰᠤᠯᠴᠠᠭᠤᠯᠵᠤ᠂ ᠠᠵᠤ ᠠᠬᠤᠢ᠎ᠶ᠋ᠢᠨ ᠣᠢ᠂ ᠠᠮᠢ ᠠᠬᠤᠢ᠎ᠶ᠋ᠢᠨ ᠵᠢᠭᠤᠯᠴᠢᠯᠠᠯ᠂ ᠣᠢ᠎ᠶ᠋ᠢᠨ ᠵᠢᠮᠢᠰ᠎ᠢ ᠭᠦᠨ ᠪᠣᠯᠪᠠᠰᠤᠷᠠᠭᠤᠯᠬᠤ ᠵᠡᠷᠭᠡ ᠡᠵᠡᠩᠨᠡᠯᠲᠡ᠎ᠶ᠋ᠢᠨ ᠪᠠᠢᠳᠠᠯ᠎ᠢ᠋ ᠪᠦᠷᠢᠳᠦᠭᠦᠯᠦᠨ᠂ ᠠᠮᠢ ᠠᠬᠤᠢ᠎ᠶ᠋ᠢᠨ ᠦᠷ᠎ᠡ ᠠᠰᠢᠭ᠎ᠢ᠋ ᠨᠡᠮᠡᠭᠳᠡᠭᠦᠯᠬᠦ ᠬᠢᠭᠡᠳ ᠣᠯᠠᠨ ᠲᠦᠮᠡᠨ᠎ᠦ᠌ ᠣᠷᠣᠯᠭ᠎ᠠ᠎ᠶ᠋ᠢ ᠨᠡᠮᠡᠭᠳᠡᠭᠦᠯᠬᠦ ᠬᠣᠣᠰ ᠦᠷ᠎ᠡ ᠠᠰᠢᠭ᠎ᠢ᠋ ᠡᠭᠦᠳᠦᠭᠰᠡᠨ ᠪᠠᠢᠨ᠎ᠠ᠃ ᠨᠡᠢᠭᠡᠮ᠎ᠦ᠋ᠨ ᠬᠦᠴᠦᠨ᠎ᠢ᠋ ᠬᠥᠲᠥᠯᠦᠨ ᠵᠢᠯᠣᠭᠣᠳᠴᠤ᠂ ᠤᠢᠵᠢᠭᠤᠯᠬᠤᠳ᠋ᠤ᠌ ᠣᠷᠣᠯᠴᠠᠭᠤᠯᠵᠤ᠂ ᠪᠦᠬᠦ ᠠᠷᠠᠳ᠎ᠤ᠋ᠨ ᠨᠣᠭᠣᠭᠠᠷᠠᠭᠤᠯᠵᠤ ᠤᠢ ᠰᠢᠭᠤᠢ᠎ᠵᠢ ᠬᠠᠮᠠᠭᠠᠯᠠᠬᠤ ᠬᠠᠮᠲᠤ᠎ᠶ᠋ᠢᠨ ᠲᠠᠨᠢᠯᠲᠠ᠎ᠶ᠋ᠢ ᠪᠤᠢ ᠪᠤᠯᠭᠠᠵᠠᠢ᠃ ᠤᠯᠤᠰ᠎ᠤ᠋ᠨ ᠥᠮᠴᠢᠯᠡᠯᠲᠦ ᠣᠢ ᠰᠢᠭᠤᠢ᠎ᠶ᠋ᠢᠨ ᠲᠠᠯᠠᠪᠠᠢ᠎ᠶ᠋ᠢᠨ ᠪᠦᠲᠦᠭᠡᠨ ᠪᠠᠢᠭᠤᠯᠵᠤ ᠬᠠᠮᠢᠶᠠᠷᠬᠤᠳ᠋ᠤ᠌ ᠪᠦᠬᠦ ᠶᠠᠪᠤᠴᠠ᠎ᠪᠠᠷ ᠣᠷᠣᠯᠴᠠᠬᠤ ᠤᠷᠲᠤ ᠬᠤᠭᠤᠴᠠᠭᠠᠨ᠎ᠤ᠋ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ᠎ᠶ᠋ᠢ ᠪᠠᠢᠭᠤᠯᠤᠨ᠂ ᠬᠠᠲᠤᠨ ᠭᠣᠣᠯ᠎ᠤ᠋ᠨ ᠡᠷᠭᠢ ᠲᠠᠭᠠᠤ ᠠᠮᠢ ᠠᠬᠤᠢ᠎ᠶ᠋ᠢᠨ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠬᠦ ᠪᠡᠷ ᠬᠦᠴᠦᠯᠡᠵᠦ ᠪᠤᠢ᠃
︽ᠡᠳᠦᠭᠡ ᠪᠣᠯᠲᠠᠯ᠎ᠠ᠂ ᠮᠠᠨ᠎ᠤ᠋ ᠬᠣᠲᠠ᠎ᠶ᠋ᠢᠨ ᠬᠠᠲᠤᠨ ᠭᠣᠣᠯ᠎ᠤ᠋ᠨ ᠬᠣᠢᠲᠤ ᠡᠷᠭᠢᠨ ᠳ᠋ᠡᠬᠢ ᠪᠣᠬᠢᠷᠲᠤᠯ ᠦᠭᠡᠢ ᠠᠮᠢ ᠠᠬᠤᠢ᠎ᠶ᠋ᠢᠨ ᠬᠣᠩᠭᠢᠯᠢ᠋ 240 ᠭᠠᠷᠤᠢ ᠺᠢᠯᠣᠮᠧᠲ᠋ᠷ ᠪᠠᠢᠭᠤᠯᠵᠤ᠂ ᠨᠡᠢᠲᠡ 1 ᠲᠦᠮᠡ ᠭᠠᠷᠤᠢ ᠮᠦ᠍ ᠣᠢᠵᠢᠭᠤᠯᠵᠤ ᠡᠪᠡᠰᠦ ᠲᠠᠷᠢᠬᠤ᠎ᠶ᠋ᠢ ᠪᠡᠶᠡᠯᠡᠭᠦᠯᠵᠠᠢ᠃ ᠲᠥᠷᠥᠯ ᠵᠦᠢᠯ᠎ᠢ᠋ ᠶᠠᠭ ᠪᠦᠬᠦᠢᠯᠡ ᠴᠣᠭᠴᠠ᠎ᠪᠠᠷ ᠨᠢ ᠴᠠᠭ ᠬᠤᠭᠤᠴᠠᠭ᠎ᠠ ᠵᠠᠩᠭᠢᠯᠠᠭ᠎ᠠ᠎ᠶ᠋ᠢᠨ ᠴᠡᠭ ᠶᠣᠰᠣᠭᠠᠷ ᠲᠦᠷᠭᠡᠨ ᠠᠬᠢᠭᠤᠯᠵᠤ᠂ ᠵᠢᠱ᠌ᠢᠯᠲᠡ᠎ᠪᠡᠷ 6 ᠰᠠᠷ᠎ᠠ᠎ᠶ᠋ᠢᠨ ᠳᠤᠮᠳᠠᠴᠢ᠎ᠪᠠᠷ ᠨᠣᠭᠣᠭᠠᠷᠠᠭᠤᠯᠬᠤᠳ᠋ᠤ᠌ ᠲᠣᠬᠢᠷᠠᠬᠤ ᠭᠠᠵᠠᠷ᠎ᠤ᠋ᠨ ᠠᠵᠢᠯ᠎ᠢ ᠪᠦᠬᠦᠨ᠎ᠢ᠋ ᠳᠠᠭᠤᠰᠬᠠᠨ᠎ᠠ》 ᠭᠡᠵᠦ ᠪᠠᠶᠠᠨᠨᠠᠭᠤᠷ ᠬᠣᠲᠠ᠎ᠶ᠋ᠢᠨ ᠣᠢ ᠰᠢᠭᠤᠢ ᠪᠠ ᠨᠤᠳᠤᠭ ᠪᠡᠯᠴᠢᠭᠡᠷ᠎ᠤ᠋ᠨ ᠲᠣᠪᠴᠢᠶᠠᠨ᠎ᠤ᠋ ᠡᠯᠡᠰᠦ᠎ᠶ᠋ᠢ ᠵᠠᠰᠠᠵᠤ ᠣᠢᠵᠢᠭᠤᠯᠬᠤ ᠰᠠᠯᠠᠭᠠᠨᠤ᠋ ᠳᠠᠷᠤᠭ᠎ᠠ ᠵᠢᠶᠣᠤ ᠬᠤᠢ ᠯᠢᠶᠠᠩ ᠲᠠᠨᠢᠯᠴᠠᠭᠤᠯᠤᠭᠰᠠᠨ ᠪᠠᠢᠨ᠎ᠠ᠃