ᠥᠪᠥᠷ ᠮᠣᠩᠭᠣᠯ᠎ᠤᠨ ᠠᠩᠬᠠᠳᠠᠭ᠍ᠴᠢ ᠬᠤᠷᠤᠬᠠᠢ ᠱᠢᠪᠠᠵᠢ ᠵᠢ ᠷᠠᠳᠠᠷ ᠵᠢᠡᠷ ᠬᠢᠨᠠᠨ ᠬᠡᠮᠵᠢᠬᠦ᠌ ᠥᠷᠲᠡᠭᠡ ᠠᠱᠢᠭ᠍ᠯᠠᠯᠲᠠ᠎ᠳᠤ ᠣᠷᠣᠪᠠ
2026-05-24 10:33:30
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂  ᠤᠢᠷ᠎ᠠ᠎ᠳᠦ᠂ ᠥᠪᠥᠷ ᠮᠣᠩᠭᠣᠯ᠎ᠤᠨ ᠠᠩᠬᠠᠳᠠᠭ᠍ᠴᠢ ᠬᠤᠷᠤᠬᠠᠢ ᠱᠢᠪᠠᠵᠢ᠎ᠵᠢ  ᠷᠠᠳᠠᠷ᠎ᠵᠢᠡᠷ ᠬᠢᠨᠠᠨ ᠬᠡᠮᠵᠢᠬᠦ᠌ ᠥᠷᠲᠡᠭᠡ  ᠵᠢ ᠬᠢᠩᠭᠠᠨ ᠠᠢᠮᠠᠭ ᠲᠸ᠋ ᠠᠱᠢᠭ᠍ᠯᠠᠯᠲᠠ᠎ᠳᠤ ᠤᠷᠤᠭᠤᠯᠵᠠᠢ᠂ ᠡᠨᠡ ᠬᠦ᠌ ᠵᠠᠩᠭᠢᠯᠠᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠴᠠᠩ᠎ᠢ ᠠᠰᠢᠭᠯᠠᠯᠲᠠ᠎ᠳᠦ ᠤᠷᠤᠭᠤᠯᠤᠭᠰᠠᠨ᠎ᠨᠢ ᠮᠠᠨ᠎ᠤ ᠣᠷᠣᠨ᠎ᠤ  ᠬᠤᠷᠤᠬᠠᠢ ᠱᠢᠪᠠᠵᠢ᠎ᠵᠢ ᠣᠶᠤᠨᠴᠢ᠎ᠪᠠᠷ ᠬᠢᠨᠠᠨ ᠬᠡᠮᠵᠢᠬᠦ᠌ ᠬᠦᠷᠢᠶᠡᠨ᠎ᠦ ᠳᠤᠲᠠᠭᠤᠳᠠᠯ᠎ᠢ ᠨᠥᠬᠥᠪᠥᠷᠢᠯᠡᠵᠦ᠂ ᠪᠥᠬᠥ᠌ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠴᠤ᠋ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠭ᠌ᠰᠡᠨ᠎ᠢ ᠬᠠᠷᠠᠭᠤᠯᠵᠤ ᠪᠤᠢ᠃

ᠲᠣᠰ ᠬᠢᠨᠠᠨ ᠬᠡᠮᠵᠢᠬᠦ᠌ ᠥᠷᠲᠡᠭᠡ ᠪᠣᠯ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠴᠣᠬᠣᠯᠠᠪᠤᠷᠢᠯᠠᠨ ᠪᠥᠲᠥᠭᠡᠨ ᠪᠠᠢᠭᠤᠯᠤᠭ᠍ᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠶᠤᠨᠴᠢ ᠬᠢᠨᠠᠨ ᠬᠡᠮᠵᠢᠬᠦ᠌ ᠱᠢᠰᠲ᠋ᠧᠮ᠎ᠤᠨ ᠪᠠᠢᠭᠤᠯᠤᠯᠳᠠ ᠵᠢᠨ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ᠃ ᠣᠷᠳᠣ ᠬᠤᠭᠤᠴᠠᠭᠠᠨ᠎ᠤ ᠲᠤᠷᠰᠢ᠂ ᠨᠡᠬᠦᠳᠡᠯ᠎ᠤᠨ ᠴᠢᠨᠠᠷᠳᠠᠢ ᠬᠤᠤᠷᠲᠤ ᠬᠤᠷᠤᠬᠠᠢ ᠰᠢᠪᠠᠵᠢ ᠵᠢᠨ ᠭᠡᠨᠡᠳᠲᠡ᠎ᠶ᠋ᠢᠨ ᠴᠢᠨᠠᠷᠳᠠᠢ ᠭᠠᠮᠰᠢᠭ ᠤᠴᠠᠷᠠᠭᠤᠯᠬᠤ ᠨᠢ ᠶᠡᠭᠡ᠂ ᠲᠠᠷᠬᠠᠬᠤ ᠬᠤᠷᠳᠤᠴᠠ᠎ᠨᠢ ᠲᠦᠷᠭᠡᠨ ᠪᠠᠢᠵᠤ ᠬᠢᠨᠠᠨ ᠬᠡᠮᠵᠢᠬᠦ᠌  ᠳ᠋ᠤ ᠬᠦᠴᠢᠷ ᠲᠠᠢ ᠪᠤᠯᠬᠤᠷ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠰᠦᠷᠳᠡᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠨᠥᠯᠥᠭᠡᠯᠡᠭ᠌ᠰᠡᠭᠡᠷ ᠢᠷᠡᠵᠡᠶ᠃ ᠤᠯᠠᠮᠵᠢᠯᠠᠯᠲᠤ ᠬᠢᠨᠠᠨ ᠬᠡᠮᠵᠢᠬᠦ᠌ ᠠᠷᠭ᠎ᠠ ᠬᠡᠯᠪᠡᠷᠢ ᠨᠢ ᠣᠯᠠᠩᠬᠢ᠎ᠳᠠᠭᠠᠨ ᠬᠥᠮᠦᠨ᠎ᠦ ᠬᠦᠴᠦ᠍᠎ᠪᠡᠷ ᠴᠡᠭ ᠲᠣᠭ᠍ᠲᠠᠭᠠᠨ ᠠᠵᠢᠭ᠍ᠯᠠᠨ ᠬᠡᠮᠵᠢᠬᠦ᠌ ᠂ ᠳ᠋ᠧᠩ᠎ᠦᠨ ᠬᠡᠷᠡᠯ᠎ᠢᠶᠡᠷ ᠥᠳᠥᠭᠡᠨ ᠬᠡᠮᠵᠢᠬᠦ᠌᠎ᠳᠦ ᠲᠦᠱᠢᠭ᠌ᠯᠡᠨ᠂ ᠬᠢᠨᠠᠨ ᠬᠡᠮᠵᠢᠬᠦ᠌ ᠬᠡᠪᠴᠢᠶ᠎ᠡ ᠨᠢ ᠬᠢᠵᠠᠭᠠᠷ᠎ᠲᠠᠶ᠂  ᠲᠣᠭ᠎ᠠ ᠪᠠᠷᠢᠮᠲᠠ᠎ᠶ᠋ᠢᠨ ᠨᠠᠷᠢᠯᠢᠭ᠎ᠤᠨ ᠬᠡᠮᠵᠢᠶ᠎ᠡ ᠨᠢ ᠥᠨᠳᠥᠷ ᠪᠢᠰᠢ ᠪᠠᠢᠵᠤ᠂ ᠦᠷᠭᠡᠨ ᠬᠡᠪᠴᠢᠶ᠎ᠡ᠎ᠪᠡᠷ᠂ ᠪᠦᠬᠦᠯᠢ ᠡᠳᠦᠷ᠎ᠵᠢᠡᠷ ᠬᠣᠷᠣᠬᠠᠶ ᠰᠢᠪᠠᠵᠢ᠎ᠵᠢ ᠨᠠᠷᠢᠨ ᠣᠨᠣᠪᠴᠢᠲᠠᠶ ᠰᠤᠳᠤᠯᠤᠨ ᠮᠠᠭᠠᠳᠯᠠᠬᠤ᠎ᠳᠤ ᠪᠡᠷᠬᠡ ᠪᠠᠢᠯ᠎ᠠ᠃

ᠬᠤᠷᠤᠬᠠᠢ ᠱᠢᠪᠠᠵᠢ᠎ᠵᠢ ᠷᠠᠳᠠᠷ᠎ᠵᠢᠡᠷ ᠬᠢᠨᠠᠨ ᠬᠡᠮᠵᠢᠬᠦ᠌ ᠥᠷᠲᠡᠭᠡ ᠵᠢ ᠠᠱᠢᠭ᠍ᠯᠠᠯᠲᠠ᠎ᠳᠤ ᠤᠷᠤᠭᠤᠯᠤᠭ᠍ᠰᠠᠨ ᠨᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠬᠦᠳᠡᠯ᠎ᠤᠨ ᠴᠢᠨᠠᠷᠲᠠᠢ ᠬᠤᠷᠤᠬᠠᠢ ᠱᠢᠪᠠᠵᠢ᠎ᠵᠢ  ᠠᠦ᠋ᠲ᠋ᠣᠴᠢᠯᠠᠭᠰᠠᠨ ᠲᠡᠭᠡᠳᠦ ᠨᠠᠷᠢᠯᠢᠭ ᠮᠡᠷᠭᠡᠵᠢᠯ ᠵᠢᠡᠷ ᠬᠢᠨᠠᠨ ᠬᠡᠮᠵᠢᠬᠦ᠌ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠵᠦ᠍᠂ ᠪᠥᠬᠥ᠌ ᠣᠷᠣᠨ᠎ᠤ ᠨᠡᠬᠦᠳᠡᠯ᠎ᠤᠨ ᠴᠢᠨᠠᠷᠲᠠᠢ ᠬᠤᠷᠤᠬᠠᠢ ᠱᠢᠪᠠᠵᠢ ᠵᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠵᠢᠯ᠎ᠢ ᠪᠥᠬᠥ᠌ ᠡᠳᠦᠷ᠎ᠤᠨ᠂ ᠠᠦ᠋ᠲ᠋ᠣᠴᠢᠯᠠᠭᠰᠠᠨ᠂ ᠲᠡᠭᠡᠳᠦ ᠨᠠᠷᠢᠯᠢᠭ ᠣᠳᠣᠬᠢᠴᠢᠯᠠᠯᠲᠠ᠎ᠶ᠋ᠢᠨ ᠱᠢᠨ᠎ᠡ ᠱᠠᠲᠤᠨ᠎ᠳᠤ ᠣᠷᠣᠭᠤᠯᠤᠭᠰᠠᠨ ᠪᠠᠢᠨ᠎ᠠ᠃

ᠬᠢᠨᠠᠨ ᠬᠡᠮᠵᠢᠬᠦ᠌ ᠥᠷᠲᠡᠭᠡ ᠨᠢ ᠳᠡᠭᠡᠳᠦ ᠮᠡᠷᠭᠡᠵᠢᠯ᠎ᠳᠦ ᠲᠦᠱᠢᠭ᠌ᠯᠡᠨ᠂ 《ᠲᠣᠳᠣᠷᠬᠠᠶ ᠦᠵᠡᠬᠦ᠌᠂ ᠣᠨᠣᠪᠴᠢᠲᠠᠶ ᠬᠡᠮᠵᠢᠬᠦ᠌᠂ ᠲᠤᠰᠭᠠᠯ ᠲᠦᠷᠭᠡᠨ》 ᠪᠠᠢᠬᠤ ᠲᠣᠪᠣᠢᠮ᠎ᠠ ᠳᠠᠪᠠᠭᠤᠯᠢᠭ᠎ᠢ ᠪᠡᠶᠡᠯᠡᠭᠦᠯᠪᠡ᠃  24 ᠴᠠᠭ ᠵᠢᠡᠷ ᠨᠡᠭᠦᠳᠡᠯ᠎ᠤᠨ ᠴᠢᠨᠠᠷᠲᠠᠢ  ᠬᠤᠷᠤᠬᠠᠢ ᠱᠢᠪᠠᠵᠢ᠎ᠶ᠋ᠢᠨ ᠬᠦᠳᠡᠯᠦᠩᠬᠦᠢ ᠪᠠᠢᠳᠠᠯ᠎ᠤᠨ ᠠᠦ᠋ᠲ᠋ᠣ᠋ ᠬᠢᠨᠠᠨ ᠬᠡᠮᠵᠢᠯᠲᠡ᠎ᠶ᠋ᠢ ᠲᠠᠰᠤᠷᠠᠯᠲᠠ ᠥᠬᠡᠶ ᠥᠷᠨᠢᠭᠦᠯᠵᠦ᠍᠂ ᠬᠤᠷᠤᠬᠠᠢ ᠱᠢᠪᠠᠵᠢ᠎ᠶ᠋ᠢᠨ ᠲᠥᠷᠥᠯ ᠵᠦᠶ᠋ᠯ᠂ ᠪᠡᠶ᠎ᠡ᠎ᠶ᠋ᠢᠨ ᠬᠡᠯᠪᠡᠷᠢ ᠪᠠᠢᠳᠠᠯ᠂ ᠨᠢᠭ᠍ᠲᠠᠴᠠ᠎ᠶ᠋ᠢᠨ ᠲᠠᠷᠬᠠᠯᠲᠠ᠂ ᠨᠡᠭᠦᠳᠡᠯ᠎ᠦᠨ ᠴᠢᠭ᠌ᠯᠡᠯ᠂ ᠨᠢᠰᠦᠯᠲᠡ᠎ᠶ᠋ᠢᠨ ᠥᠨᠳᠥᠷ᠎ᠦᠨ ᠬᠡᠮᠵᠢᠶ᠎ᠡ᠂ ᠨᠡᠭᠦᠳᠡᠯ᠎ᠦᠨ ᠪᠠᠢᠳᠠᠯ ᠵᠡᠷᠭᠡ ᠵᠠᠩᠭᠢᠯᠠᠭ᠎ᠠ᠎ᠶ᠋ᠢᠨ ᠲᠣᠭ᠎ᠠ ᠪᠠᠷᠢᠮᠲᠠ᠎ᠶ᠋ᠢ ᠣᠨᠣᠪᠴᠢᠲᠠᠶ ᠡᠵᠡᠮᠱᠢᠵᠦ᠍᠂ ᠬᠣᠷᠣᠬᠠᠶ ᠰᠢᠪᠠᠵᠢ᠎ᠶ᠋ᠢᠨ ᠭᠠᠮᠰᠢᠭ ᠡᠭᠦᠰᠭᠦ ᠲᠦᠭ᠌ᠰᠢᠭᠦᠷᠢ᠎ᠶ᠋ᠢ ᠤᠷᠢᠳᠴᠢᠯᠠᠨ ᠮᠠᠭᠠᠳᠯᠠᠵᠤ ᠪᠣᠯᠤᠨ᠎ᠠ᠃ ᠤᠯᠠᠮᠵᠢᠯᠠᠯᠲᠤ ᠬᠢᠨᠠᠨ ᠱᠢᠨᠵᠢᠬᠦ᠌ ᠠᠷᠭ᠎ᠠ ᠪᠠᠷᠢᠯ᠎ᠲᠠᠶ ᠬᠠᠷᠢᠴᠠᠭᠤᠯᠪᠠᠯ᠂ ᠬᠢᠨᠠᠨ ᠬᠡᠮᠵᠢᠯᠳᠡ ᠶ᠋ᠢᠨ ᠬᠠᠮᠤᠷᠬᠤ ᠬᠡᠪᠴᠢᠶ᠎ᠡ᠂ ᠲᠣᠭ᠎ᠠ ᠪᠠᠷᠢᠮᠲᠠ᠎ᠶ᠋ᠢᠨ ᠣᠨᠣᠪᠴᠢ᠎ᠶ᠋ᠢᠨ ᠬᠡᠮᠵᠢᠶ᠎ᠡ᠂ ᠤᠷᠢᠳᠴᠢᠯᠠᠨ ᠰᠡᠷᠡᠮᠵᠢᠯᠡᠭᠦᠯᠬᠦ᠌᠎ᠬᠤᠷᠳᠤᠴᠠ᠂ ᠠᠦ᠋ᠲ᠋ᠣᠴᠢᠯᠠᠭ᠍ᠰᠠᠨ ᠤᠶᠤᠨᠴᠢᠯᠠᠭ᠍ᠰᠠᠨ ᠬᠢᠷᠢ ᠬᠡᠮᠵᠢᠶ᠎ᠡ ᠪᠥᠬᠥ᠌ ᠲᠠᠯ᠎ᠠ᠎ᠪᠠᠷ ᠲᠠᠰ ᠳᠡᠪᠱᠢᠬᠦ᠌᠎ᠶ᠋ᠢ ᠪᠡᠶᠡᠯᠡᠭᠦᠯᠵᠦ᠍᠂ ᠬᠤᠤᠷᠲᠤ ᠬᠤᠷᠤᠬᠠᠢ ᠰᠢᠪᠠᠵᠢ ᠶ᠋ᠢᠨ ᠬᠦᠨᠦᠭᠡᠯ᠎ᠢ ᠬᠢᠨᠠᠨ ᠱᠢᠨᠵᠢᠬᠦ᠌᠎ᠳᠦ ᠬᠦᠴᠢᠷᠲᠡᠶ᠂ ᠤᠷᠢᠳᠴᠢᠯᠠᠨ ᠰᠡᠷᠡᠮᠵᠢᠯᠡᠭᠦᠯᠬᠦ᠌᠎ᠳᠦ ᠤᠳᠠᠭᠠᠨ᠂ ᠬᠥᠳᠡᠯᠦᠩᠭᠦᠶ ᠪᠤᠰᠤ ᠪᠠᠢᠳᠠᠯ᠎ᠢ ᠰᠡᠷᠭᠡᠢᠯᠡᠨ ᠡᠵᠡᠮᠳᠡᠬᠦ᠌ ᠳ᠋ᠤ ᠬᠦᠴᠢᠷᠳᠡᠢ ᠵᠡᠷᠭᠡ ᠪᠠᠭᠤᠷᠠᠢ ᠲᠠᠯ᠎ᠠ ᠵᠢ ᠪᠦᠲᠦᠮᠵᠢᠲᠡᠶ ᠱᠢᠶ᠋ᠳᠪᠦᠷᠢᠯᠡᠨ᠂ ᠬᠣᠷᠣᠬᠠᠶ ᠰᠢᠪᠠᠵᠢ᠎ᠶ᠋ᠢᠨ ᠬᠥᠨᠥᠭᠡᠯ ᠭᠠᠮᠰᠢᠭ᠎ᠢ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠨ ᠡᠵᠡᠮᠳᠡᠬᠦ᠌᠂ ᠬᠤᠷᠤᠬᠠᠢ ᠰᠢᠪᠠᠵᠢ ᠵᠢᠨ ᠬᠥᠨᠥᠭᠡᠯ᠎ᠦᠨ ᠠᠮᠤ ᠪᠤᠳᠠᠭᠠᠨ᠎ᠤ ᠦᠶ᠋ᠯᠡᠳᠪᠦᠷᠢᠯᠡᠯ ᠳ᠋ᠤ ᠦᠵᠡᠬᠦᠯᠬᠦ ᠬᠣᠬᠢᠷᠠᠯ᠎ᠢ ᠦᠨᠡᠨ ᠬᠦ᠌ ᠪᠠᠭᠤᠷᠠᠭᠤᠯᠵᠦ ᠲᠡᠢᠯᠬᠦ ᠪᠤᠯᠪᠠ᠃

ᠤᠢᠯᠠᠭᠠᠭᠰᠠᠨ᠎ᠶ᠋ᠢᠡᠷ᠂ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠬᠢᠩᠭᠠᠨ ᠠᠢᠮᠠᠭ᠎ᠤᠨ ᠬᠢᠨᠠᠨ ᠬᠡᠮᠵᠢᠬᠦ᠌ ᠥᠷᠲᠡᠭᠡ᠎ᠪᠡᠷ ᠦᠯᠢᠭᠡᠷ ᠵᠢᠱ᠌ᠢᠶ᠎ᠡ ᠪᠤᠯᠭᠠᠵᠤ᠂ ᠪᠥᠬᠥ᠌ ᠣᠷᠣᠨ᠎ᠤ ᠭᠤᠤᠯ ᠪᠣᠯᠬᠤ ᠱᠢᠪᠠᠵᠢ᠎ᠶ᠋ᠢᠨ ᠨᠢᠰᠦᠯᠲᠡ᠎ᠶ᠋ᠢᠨ ᠵᠠᠮ᠎ᠢ ᠬᠠᠮᠤᠷᠤᠭ᠍ᠰᠠᠨ ᠱᠢᠪᠠᠵᠢ᠎ᠵᠢ ᠷᠠᠳᠠᠷ ᠵᠢᠡᠷ ᠬᠢᠨᠠᠨ ᠬᠡᠮᠵᠢᠬᠦ᠌ ᠰᠦᠯᠵᠢᠶᠡᠨ᠎ᠦ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠱᠢᠰᠲ᠋ᠧᠮ᠎ᠲᠡᠶ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ᠎ᠢ ᠨᠡᠢᠳᠭᠡᠨ᠂ ᠬᠣᠷᠣᠬᠠᠶ ᠰᠢᠪᠠᠵᠢ᠎ᠶ᠋ᠢᠨ ᠪᠠᠢᠳᠠᠯ᠎ᠢ ᠬᠢᠨᠠᠨ ᠬᠡᠮᠵᠢᠬᠦ᠌᠂ ᠲᠣᠭ᠎ᠠ ᠪᠠᠷᠢᠮᠲᠠ᠎ᠶ᠋ᠢ ᠵᠠᠳᠠᠯᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌᠂ ᠮᠡᠷᠭᠡᠵᠢᠯ᠎ᠢ ᠳᠡᠯᠭᠡᠷᠡᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠣᠷᠣᠨ ᠪᠦᠰᠡ᠎ᠶ᠋ᠢᠨ ᠨᠡᠭᠦᠳᠡᠯ᠎ᠦᠨ ᠴᠢᠨᠠᠷᠲᠠᠢ ᠱᠢᠪᠠᠵᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠭᠡᠳ ᠮᠡᠷᠭᠡᠵᠢᠯ᠎ᠦᠨ ᠬᠡᠷᠡᠭ᠌ᠯᠡᠭᠡᠨ᠎ᠦ ᠲᠠᠪᠴᠠᠩ᠎ᠢ ᠨᠡᠨᠭ ᠲᠡᠭᠦᠯᠳᠡᠷᠵᠢᠭᠦᠯᠦᠨ ᠪᠠᠢᠭᠤᠯᠬᠤ ᠪᠤᠯᠤᠨ᠎ᠠ᠃ ᠠᠮᠢᠳᠤ ᠪᠣᠳᠠᠰ᠎ᠤᠨ ᠠᠮᠤᠷ ᠲᠦᠪᠱᠢᠨ᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠬᠢᠨᠠᠨ ᠱᠢᠨᠵᠢᠬᠦ᠌᠂ ᠬᠣᠷᠣᠬᠠᠶ ᠰᠢᠪᠠᠵᠢ ᠶ᠋ᠢᠨ ᠬᠥᠨᠥᠭᠡᠯ᠎ᠢ ᠪᠣᠬᠢᠷᠲᠤᠯ ᠥᠬᠡᠶ ᠪᠡᠷ ᠰᠡᠷᠭᠡᠢᠯᠡᠨ ᠡᠵᠡᠮᠳᠡᠬᠦ᠌ ᠵᠡᠷᠭᠡ ᠬᠦᠷᠢᠶ᠎ᠡ ᠴᠠᠷᠠᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠦᠷᠭᠦᠯᠵᠢᠯᠡᠨ ᠴᠢᠩᠭᠠᠷᠠᠭᠤᠯᠵᠤ᠂ ᠪᠥᠬᠥ᠌ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠡᠬᠦᠳᠦᠯᠳᠡ ᠪᠡᠷ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠥᠲᠥᠯᠦᠨ ᠳᠠᠭᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠠ ᠠᠮᠤ ᠪᠤᠳᠠᠭᠠᠨ᠎ᠤ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠬᠦ᠌᠎ᠳᠦ ᠪᠠᠲᠤ ᠪᠠᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号