ᠲᠦᠷᠦᠬᠦᠬᠡᠨ᠂ ᠮᠠᠱᠢᠨ ᠲᠡᠷᠭᠡ᠎ᠪᠡᠷ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠬᠣᠢᠲᠤ ᠬᠡᠰᠡᠭ᠎ᠦᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠥᠷᠥᠴᠡᠨ᠎ᠳᠦ ᠬᠦᠷᠬᠦ᠌᠎ᠳᠦ ᠤᠯᠠᠭᠠᠨᠴᠠᠪ ᠰᠤᠮᠤ᠎ᠶ᠋ᠢᠨ ᠤᠷᠢᠶᠠᠳᠤᠶ᠋ᠢᠨ ᠲᠥᠷᠥᠯ ᠵᠦᠶ᠋ᠯ᠎ᠦᠨ ᠲᠣᠭᠣᠷᠢᠭ ᠨᠢᠳᠦᠨ ᠡᠮᠦᠨ᠎ᠡ ᠲᠤᠳᠤᠷᠠᠪᠠ᠃ ᠥᠩᠭᠡᠷᠡᠭ᠌ᠰᠡᠨ᠎ᠳᠦ 100 ᠮᠥ᠍ ᠲᠠᠯᠠᠪᠠᠶ᠎ᠲᠠᠶ ᠬᠣᠶᠠᠷ ᠲᠣᠮᠣ ᠨᠡᠭᠦᠳᠡᠯ ᠡᠯᠡᠰᠦᠨ ᠳᠣᠪᠣ ᠨᠢ ᠣᠲᠣ ᠬᠥᠨᠳᠡᠯᠡᠨ ᠭᠤᠯᠳᠤ ᠰᠦᠯᠵᠢᠯᠳᠦᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠲᠤᠤᠷ᠎ᠲᠤ ᠣᠨᠢᠰᠤᠯᠠᠭ᠍ᠳᠠᠵᠠᠶ᠃ ᠵᠣᠪ ᠵᠤᠵᠠᠭᠠᠨ ᠵᠦᠯᠭᠡ ᠵᠢᠨ ᠳᠤᠤᠷ᠎ᠠ᠂ ᠡᠯ᠎ᠡ ᠵᠦᠶ᠋ᠯ᠎ᠦᠨ ᠡᠪᠡᠰᠦ ᠵᠢᠨ ᠦᠨᠳᠦᠰᠦ ᠨᠢ ᠬᠥᠯᠳᠡᠭᠦᠦ ᠬᠥᠷᠥᠰᠥᠨ᠎ᠳᠦ ᠮᠤᠷᠤᠯᠵᠠᠨ ᠬᠠᠳᠬᠤᠵᠤ᠂ ᠬᠠᠪᠤᠷ ᠴᠠᠭ ᠡᠭᠡ ᠭᠠᠵᠠᠷ᠎ᠲᠤ ᠪᠤᠴᠠᠬᠤ ᠰᠦᠷ ᠳᠠᠯᠠᠢᠴᠠᠲᠠᠶ ᠠᠮᠢᠵᠢᠷᠠᠯ᠎ᠤᠨ ᠬᠦᠴᠦᠨ᠎ᠢ ᠬᠤᠷᠠᠮᠳᠤᠭᠤᠯᠵᠤ ᠪᠠᠢᠳᠠᠭ᠃ ᠵᠢᠯ ᠪᠦᠷᠢ ᠬᠡᠳᠦᠨ ᠠᠷᠪᠠᠨ ᠮᠸᠲᠷᠵᠢᠡᠷ ᠪᠡᠯᠴᠢᠭᠡᠷ᠎ᠢ ᠡᠯᠡᠰᠦᠷᠬᠡᠭᠵᠢᠭᠦᠯᠵᠦ ᠪᠠᠢᠭᠰᠠᠨ ᠡᠨᠡ ᠬᠦ᠌ ᠨᠡᠭᠦᠳᠡᠯ ᠡᠯᠡᠰᠦ ᠨᠢ ᠲᠠᠯ᠎ᠠ ᠨᠤᠲᠤᠭ᠎ᠢ ᠰᠠᠬᠢᠨ ᠬᠠᠮᠠᠭᠠᠯᠠᠬᠤ ᠨᠣᠭᠣᠭᠠᠨ ᠬᠠᠯᠬᠠᠪᠴᠢ ᠪᠣᠯᠤᠨ ᠬᠤᠪᠢᠷᠠᠯ᠎ᠠ᠃
《 10 ᠵᠢᠯ᠎ᠦᠨ ᠡᠮᠦᠨ᠎ᠡ ᠡᠯᠡᠰᠦ᠎ᠶ᠋ᠢ ᠵᠠᠰᠠᠬᠤ᠎ᠳᠤ ᠲᠠᠮᠨᠠᠵᠤ ᠡᠭᠦᠷᠴᠤ ᠪᠠᠢᠭᠠᠳ ᠬᠢᠵᠤ ᠪᠠᠢᠪᠠ᠂ ᠤᠳᠤ ᠪᠢᠳᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠡᠯᠡᠰᠦᠨ᠎ᠳᠦ 〈ᠮᠡᠰᠡ ᠵᠠᠰᠠᠯ〉ᠬᠢᠵᠦ᠍ ᠪᠠᠢᠨ᠎ᠠ᠃ ᠨᠢᠳᠤᠨᠤᠨ᠎ᠤ ᠥᠯᠢᠭᠡᠷ ᠬᠡᠪ᠎ᠦᠨ ᠪᠠᠢᠴᠠᠭᠠᠨ ᠬᠡᠮᠵᠢᠯᠲᠡ᠎ᠡᠴᠡ ᠦᠵᠡᠪᠡᠯ᠂ ᠲᠡᠭ᠌ᠰᠢ ᠳᠥᠷᠪᠡᠯᠵᠢᠨ ᠮᠧᠲ᠋ᠷ ᠪᠦᠷᠢᠳᠦ 52 ᠵᠦᠶ᠋ᠯ᠎ᠦᠨ ᠤᠷᠭᠤᠮᠠᠯ ᠪᠠᠢᠵᠤ᠂ ᠣᠯᠠᠨ ᠵᠢᠯ᠎ᠦᠨ ᠲᠤᠷᠰᠢ ᠣᠷᠣ ᠮᠥᠷ ᠥᠬᠡᠶ ᠪᠣᠯᠤᠭ᠍ᠰᠠᠨ ᠬᠢᠶᠠᠭ᠂ ᠶᠦᠷᠭᠦᠭ ᠡᠯᠡᠰᠦᠷᠬᠡᠭ ᠭᠠᠵᠠᠷ᠎ᠲᠤ ᠳᠠᠬᠢᠨ ᠢᠯᠡᠷᠡᠪᠡ!》 ᠬᠡᠵᠦ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠨᠤᠲᠤᠭ ᠪᠡᠯᠴᠢᠭᠡᠷ᠎ᠦᠨ ᠠᠵᠢᠯᠯᠠᠬᠤ ᠥᠷᠲᠡᠭᠡ᠎ᠶ᠋ᠢᠨ ᠳᠠᠷᠤᠭ᠎ᠠ ᠵᠠᠩ ᠾᠧᠩ ᠲᠠᠨᠢᠯᠴᠠᠭᠤᠯᠬᠤ ᠵᠢᠨ ᠲᠠᠭᠠᠤ ᠪᠡᠶ᠎ᠡ ᠪᠥᠬᠥᠢᠨ ᠰᠠᠢᠵᠢᠷᠠᠭᠤᠯᠤᠭ᠍ᠰᠠᠨ ᠡᠯᠡᠰᠦ ᠱᠢᠷᠣᠶ᠎ᠡᠴᠡ ᠪᠡᠨ ᠨᠢᠭᠡ ᠠᠳᠬᠤ ᠠᠪᠬᠤ ᠳ᠋ᠤ᠂ ᠨᠠᠷᠢᠨ ᠨᠢᠭ᠍ᠲᠠ ᠡᠪᠡᠰᠦᠨ ᠦᠷᠡᠬᠠᠷᠠᠭᠳᠠᠵᠤ ᠪᠠᠢᠯ᠎ᠠ᠃
《ᠦᠵᠡᠭᠡᠴᠢ᠂ ᠡᠨᠡ ᠪᠣᠯ ᠮᠢᠺᠷᠣᠪ᠎ᠤᠨ ᠪᠦᠯᠦᠭᠵᠢᠯᠵᠢᠡᠷ ᠪᠦᠷᠢᠯᠳᠦᠭ᠌ᠰᠡᠨ ᠪᠠᠢᠭᠠᠯᠢᠯᠢᠭ ᠡᠯᠡᠰᠦ᠎ᠶ᠋ᠢ ᠲᠣᠭ᠍ᠲᠠᠪᠤᠷᠢᠵᠢᠭᠤᠯᠬᠤ ᠪᠦᠷᠬᠦᠭᠦᠯ ᠮᠥᠨ》᠃ ᠵᠠᠩ ᠾᠧᠩ ᠡᠯᠡᠰᠦᠨ ᠬᠠᠯᠬᠠᠪᠴᠢ᠎ᠶ᠋ᠢᠨ ᠲᠤᠤᠷ ᠢ᠋ ᠵᠢᠭᠠᠨ᠄ 《ᠪᠢᠳᠡ ᠪᠣᠳᠠ ᠪᠤᠷᠭᠠᠰᠤᠨ᠎ᠤ ᠮᠥᠴᠢᠷ᠎ᠢ 1 ᠮᠧᠲ᠋ᠷ × 1 ᠮᠧᠲ᠋ᠷ᠎ᠦᠨ ᠳᠥᠷᠪᠡᠯᠵᠢᠭᠡᠰᠦ ᠪᠣᠯᠭᠠᠨ ᠬᠠᠳᠭᠤᠵᠤ᠂ ᠪᠣᠰᠣᠭ᠎ᠠ ᠪᠡᠶᠡᠲᠦ ᠡᠯᠡᠰᠦ᠎ᠶ᠋ᠢ ᠬᠣᠷᠢᠭ᠍ᠯᠠᠬᠤ ᠪᠦᠰᠡ᠎ᠶ᠋ᠢ ᠪᠦᠷᠢᠯᠳᠦᠭᠦᠯᠪᠡ;ᠵᠢᠯᠣᠭᠣᠴᠢ ᠥᠬᠡᠶ ᠨᠢᠰᠭᠡᠯ᠎ᠢᠶᠡᠷ ᠠᠭᠠᠷ᠎ᠤᠨ ᠠᠶᠠᠯᠠᠯ᠎ᠤᠨ ᠱᠤᠭᠤᠮ ᠶᠣᠰᠣᠭᠠᠷ ᠵᠢᠵᠢᠭ ᠨᠠᠪᠴᠢᠲᠤ ᠬᠠᠷᠭᠠᠨ᠎ᠠ᠂ ᠬᠢᠩᠭᠠᠨ᠎ᠤ ᠬᠤᠵᠢᠰᠤ ᠵᠡᠷᠭᠡ ᠲᠡᠵᠢᠭᠡᠯ ᠡᠪᠡᠰᠦᠨ᠎ᠦ ᠦᠷ᠎ᠡ᠎ᠶ᠋ᠢ ᠰᠠᠴᠤᠵᠤ᠂ ᠾᠧᠺᠲ᠋ᠠᠷ ᠪᠦᠷᠢᠳᠦ 2.5 ᠺᠢᠯᠣᠭ᠌ᠷᠠᠮ ᠣᠨᠣᠪᠴᠢᠲᠠᠶ ᠰᠠᠴᠤᠳᠠᠭ; ᠡᠷᠭᠢᠯᠳᠦᠭᠡ ᠬᠠᠭᠠᠯᠪᠦᠷᠢᠯᠠᠬᠤ ᠮᠠᠱᠢᠨ ᠭᠤᠤ ᠮᠠᠯᠲᠠᠵᠤ ᠱᠢᠷᠣᠢ ᠪᠦᠷᠬᠦᠭ᠌ᠰᠡᠨᠦ ᠳᠠᠷᠠᠭ᠎ᠠ ᠳᠠᠬᠢᠨ ᠠᠷᠭᠠᠯ ᠬᠦᠷᠵᠡᠩ ᠬᠣᠯᠢᠭ᠍ᠰᠠᠨ ᠣᠷᠭᠠᠨᠢᠭ ᠪᠣᠷᠳᠣᠭᠤᠷ ᠣᠷᠣᠭᠤᠯᠵᠤ᠂ ᠮᠦ᠍ ᠪᠦᠷᠢ᠎ᠶ᠋ᠢᠨ 800 ᠺᠢᠯᠣᠭ᠌ᠷᠠᠮ᠎ᠤᠨ ᠪᠣᠷᠳᠣᠭᠤᠷ ᠵᠢᠡᠷ ᠲᠠᠴᠢᠷ ᠨᠢᠮᠭᠡᠨ ᠡᠯᠡᠰᠦᠨ ᠭᠠᠵᠠᠷ᠎ᠢ ᠳᠠᠬᠢᠨ ᠠᠮᠢᠵᠢᠷᠠᠯ᠎ᠤᠨ ᠬᠦᠴᠦᠨ᠎ᠲᠡᠶ ᠪᠣᠯᠭᠠᠪᠠ᠃ ᠮᠠᠱᠢᠨ᠎ᠢᠶᠠᠷ ᠠᠵᠢᠯᠯᠠᠬᠤ᠎ᠪᠡᠷ ᠲᠠᠮᠵᠢᠨ ᠨᠢᠴᠦᠭᠦᠨ ᠰᠤᠯᠠ ᠭᠠᠵᠠᠷ᠎ᠢ 25% ᠡᠴᠡ ᠬᠡᠲᠦᠷᠡᠭᠦᠯᠬᠦ᠌ ᠥᠬᠡᠶ ᠪᠠᠢᠬᠤ᠎ᠶ᠋ᠢ ᠪᠠᠲᠤᠯᠠᠵᠤ᠂ ᠡᠳᠡᠭᠡᠷᠡᠯᠲᠡ᠎ᠶ᠋ᠢᠨ ᠨᠣᠷᠮ᠎ᠠ᠎ᠶ᠋ᠢ ᠥᠩᠭᠡᠷᠡᠭ᠌ᠰᠡᠨ᠎ᠦ 30% ᠪᠠᠢᠭ᠍ᠰᠠᠨ᠎ᠡᠴᠡ᠎ᠪᠠᠨ 85% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠪᠡ》 ᠭᠡᠵᠡᠢ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠣᠯᠭᠣᠯᠳᠠ ᠨᠢ ᠱᠢᠰᠲ᠋ᠧᠮ᠎ᠦᠨ ᠴᠢᠨᠠᠷᠲᠠᠶ ᠪᠠᠢᠷᠢᠯᠠᠭᠤᠯᠤᠯᠲᠠ᠎ᠳᠤ ᠨᠠᠩ ᠢᠯᠡᠭᠦᠦ ᠢᠯᠡᠷᠡᠵᠦ᠍ ᠪᠠᠢᠨ᠎ᠠ᠃ ᠲᠤᠬᠠᠶ᠎ᠶ᠋ᠢᠨ ᠭᠠᠵᠠᠷ᠎ᠤᠨ ᠱᠢᠨ᠎ᠡ᠎ᠶ᠋ᠢ ᠡᠭᠦᠳᠬᠦ᠌ ᠬᠤᠪᠢᠶᠠᠷᠢᠯᠠᠯ ᠵᠢᠡᠷ 《 ᠨᠢᠭᠡ ᠴᠡᠭ ᠬᠣᠶᠠᠷ ᠪᠦᠰᠡ ᠵᠢᠷᠭᠤᠭᠠᠨ ᠲᠤᠭᠤᠷᠢᠭ》 ᠬᠤᠪᠢᠶᠠᠵᠤ᠄ᠰᠢᠷᠭ᠎ᠠ ᠨᠠᠭᠤᠷ᠎ᠤᠨ ᠨᠤᠭᠤ ᠭᠠᠵᠠᠷ᠎ᠢᠶᠠᠷ ᠭᠤᠤᠯ ᠪᠣᠯᠭᠠᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢᠨ ᠴᠡᠭ᠎ᠢ ᠪᠠᠢᠭᠤᠯᠪᠠ;ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠪᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠪᠦᠰᠡ ᠪᠠ ᠬᠡᠷᠡᠯᠴᠢ ᠴᠡᠨᠡᠭ᠎ᠦᠨ ᠬᠠᠪᠲᠠᠰᠤ᠎ᠶ᠋ᠢᠨ ᠰᠡᠭᠦᠳᠡᠷ ᠬᠠᠯᠬᠠᠯᠠᠬᠤ ᠪᠦᠰᠡ᠎ᠶ᠋ᠢ ᠪᠠᠢᠭᠤᠯᠵᠤ᠂ ᠹᠢᠽᠢᠺ ᠪᠠ ᠠᠮᠢᠳᠤ ᠪᠣᠳᠠᠰ᠎ᠤᠨ ᠳᠠᠪᠬᠤᠷ ᠬᠠᠯᠬᠠᠪᠴᠢ᠎ᠶ᠋ᠢ ᠪᠦᠷᠢᠯᠳᠦᠭᠦᠯᠪᠡ;ᠨᠡᠭᠦᠳᠡᠯ ᠡᠯᠡᠰᠦᠷᠬᠡᠭ ᠭᠠᠵᠠᠷ᠂ ᠬᠠᠭᠠᠰ ᠲᠣᠭ᠍ᠲᠠᠮᠠᠯ ᠡᠯᠡᠰᠦᠷᠬᠡᠭ ᠭᠠᠵᠠᠷ᠂ ᠲᠣᠭ᠍ᠲᠠᠮᠠᠯ ᠡᠯᠡᠰᠦᠷᠬᠡᠭ ᠭᠠᠵᠠᠷ ᠵᠡᠷᠭᠡ ᠵᠢᠷᠭᠤᠭᠠᠨ ᠲᠥᠷᠥᠯ᠎ᠦᠨ ᠣᠷᠣᠨ ᠪᠦᠰᠡ᠎ᠳᠦ ᠴᠢᠭ᠌ᠯᠡᠭᠦᠯᠦᠨ ᠲᠥᠰᠦᠯ ᠲᠣᠭ᠍ᠲᠠᠭᠠᠪᠠ᠃ 《 ᠠᠭᠤᠯᠠ ᠳᠣᠪᠣᠴᠠᠭ᠎ᠢ ᠪᠢᠲᠡᠭᠦᠮᠵᠢᠯᠡᠨ ᠪᠣᠢᠵᠢᠭᠤᠯᠬᠤ ᠨᠢ ᠬᠥᠮᠦᠨ᠎ᠦ ᠬᠦᠴᠦᠨ᠎ᠦ ᠨᠦᠯᠦᠭᠡᠯᠡᠯ ᠢ᠋ ᠪᠠᠭᠠᠰᠭᠠᠵᠤ᠂ ᠨᠠᠭᠤᠷ ᠴᠥᠭᠥᠷᠥᠮ ᠨᠢ ᠭᠠᠵᠠᠷ ᠳᠣᠣᠷᠠᠬᠢ ᠤᠰᠤ᠎ᠶ᠋ᠢ ᠬᠠᠳᠠᠭᠠᠯᠠᠵᠤ᠂ ᠨᠠᠯᠠᠤ ᠬᠥᠲᠥᠯ᠎ᠨᠢ ᠰᠠᠯᠬᠢ᠎ᠶ᠋ᠢ ᠰᠡᠷᠭᠡᠢᠯᠡᠬᠦ᠌ ᠤᠢ ᠱᠢᠭᠤᠢ᠎ᠶ᠋ᠢᠨ ᠲᠣᠣᠷ ᠪᠦᠰᠡ ᠢ᠋ᠢ ᠪᠤᠢ ᠪᠤᠯᠭᠠᠨ᠎ᠠ — ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠨᠢ ᠡᠨᠳᠡ ᠨᠢᠭᠡ ᠬᠥᠯᠭᠡ ᠱᠢᠳᠠᠷ᠎ᠠ ᠪᠣᠯᠵᠠᠢ 》 ᠭᠡᠵᠦ᠍ ᠵᠠᠩ ᠾᠧᠩ ᠬᠡᠯᠡᠪᠡ᠃
ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠲᠡᠢᠯᠠᠯᠳᠤᠭᠠᠨ ᠳᠦ᠂ ᠮᠠᠯᠴᠢᠳ᠎ᠤᠨ ᠬᠣᠷᠱᠢᠶᠠᠵᠢᠭᠡᠯᠡᠯᠭᠡᠪᠡᠷ ᠲᠣᠮᠣ ᠬᠡᠯᠪᠡᠷᠢ᠎ᠶ᠋ᠢᠨ ᠦᠷ᠎ᠡ ᠰᠠᠴᠤᠬᠤ ᠮᠠᠱᠢᠨ᠂ ᠬᠦᠷᠢᠶ᠎ᠡ ᠬᠠᠱᠢᠶ᠎ᠠ᠎ᠶ᠋ᠢᠨ ᠲᠥᠬᠥᠭᠡᠷᠦᠮᠵᠢ ᠬᠤᠳᠠᠯᠳᠤᠨ ᠠᠪᠴᠤ᠌᠂ ᠮᠠᠯᠴᠢᠳ ᠬᠥᠳᠡᠯᠮᠦᠷᠢ᠎ᠶ᠋ᠢᠨ ᠬᠤᠪᠢ ᠣᠷᠣᠭᠤᠯᠤᠯᠲᠠ᠎ᠪᠠᠷ ᠲᠤᠤᠷ ᠬᠠᠱᠢᠯᠭ᠎ᠠ ᠪᠠᠢᠭᠤᠯᠬᠤ᠎ᠳᠤ ᠣᠷᠣᠯᠴᠠᠵᠤ᠂ ᠱᠢᠯᠭᠠᠨ ᠠᠪᠤᠭ᠍ᠰᠠᠨ᠎ᠤ ᠳᠠᠷᠠᠭ᠎ᠠ ᠡᠳ᠋᠎ᠦᠨ ᠵᠠᠰᠠᠭ᠎ᠡᠴᠡ 《ᠤᠷᠢᠳ᠎ᠢᠶᠠᠷ ᠪᠠᠢᠭᠤᠯᠵᠤ ᠳᠠᠷᠠᠭ᠎ᠠ᠎ᠨᠢ ᠨᠥᠬᠥᠪᠥᠷᠢᠯᠡᠬᠦ᠌》 ᠪᠡᠷ ᠲᠠᠮᠵᠢᠨ ᠮᠥ᠍ ᠪᠦᠷᠢᠳᠦ 120 ᠲᠥᠭᠥᠷᠢᠭ᠎ᠦᠨ ᠨᠥᠬᠥᠪᠥᠷᠢ ᠣᠯᠭᠣᠵᠤ᠂ 《ᠨᠠᠳᠠ᠎ᠪᠠᠷ ᠵᠠᠰᠠᠭᠤᠯᠬᠤ》 ᠡᠴᠡ 《ᠪᠢ ᠵᠠᠰᠠᠬᠤ》 ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠪᠡ᠃
《ᠥᠩᠭᠡᠷᠡᠭ᠌ᠰᠡᠨ᠎ᠳᠦ ᠡᠯᠡᠰᠦ ᠤᠷᠤᠭ᠍ᠰᠢᠯᠠᠪᠠᠯ ᠬᠥᠮᠦᠨ ᠶᠠᠪᠤᠵᠤ᠂ ᠤᠳᠤ ᠡᠯᠡᠰᠦ ᠮᠠᠩᠬ᠎ᠠ᠎ᠡᠴᠡ ᠠᠯᠲᠠ ᠤᠨᠳᠤᠷᠤᠨ᠎ᠠ!》 ᠭᠡᠵᠦ ᠮᠠᠯᠴᠢᠨ ᠨᠠᠰᠤᠨᠳᠠᠯᠠᠶ ᠬᠡᠯᠡᠨ᠎ᠡ᠃ 2023 ᠣᠨ᠎ᠳᠤ᠂ ᠲᠡᠭᠦᠨ᠎ᠦ ᠪᠠᠢᠭ᠎ᠠ ᠪᠠᠶᠠᠬᠤᠳᠤ ᠬᠤᠷᠱᠢᠶ᠎ᠠ ᠪᠦᠬᠦ᠌ ᠦᠬᠡᠷ ᠬᠤᠨᠢ᠎ᠪᠠᠨ ᠬᠤᠳᠠᠯᠳᠤᠵᠤ᠂ ᠭᠠᠴᠡᠭᠠᠨ᠎ᠤ᠎ᠪᠠᠨ 10 ᠲᠦᠮᠡᠨ ᠮᠦ᠍ ᠡᠯᠡᠰᠦᠨ ᠪᠤᠷᠭᠠᠰᠤ᠎ᠶ᠋ᠢᠨ ᠡᠬᠢ ᠪᠠᠶᠠᠯᠢᠭ᠎ᠢ ᠬᠤᠪᠢᠷᠠᠭᠤᠯᠤᠨ ᠠᠱᠢᠭ᠍ᠯᠠᠵᠤ᠂ ᠠᠦ᠋ᠲ᠋ᠣ᠋ ᠰᠦᠯᠵᠢᠬᠦ ᠮᠠᠱᠢᠨ ᠵᠡᠷᠭᠡ᠎ᠵᠢ ᠣᠷᠣᠭᠤᠯᠤᠬᠰᠠᠨ ᠡᠴᠨ ᠭᠤᠤᠷᠰᠤ ᠲᠡᠭ᠌ᠰᠢᠯᠡᠭ᠌ᠰᠡᠨᠦ ᠳᠠᠷᠠᠭᠠᠬᠢ ᠪᠤᠲᠠ ᠮᠣᠳᠣ ᠪᠡᠷ ᠡᠯᠡᠰᠦᠲᠣᠭ᠍ᠲᠠᠪᠤᠷᠢᠵᠢᠭᠤᠯᠬᠤ ᠬᠠᠯᠬᠠᠪᠴᠢ ᠪᠣᠯᠭᠠᠪᠠ᠃
《ᠨᠢᠭᠡ ᠪᠤᠷᠭᠠᠰᠤ ᠥᠩᠭᠡᠷᠡᠭ᠌ᠰᠡᠨ᠎ᠳᠦ ᠭᠠᠵᠠᠷ᠎ᠲᠤ ᠪᠡᠨ ᠢᠯᠵᠢᠷᠡᠳᠡᠭ᠂ ᠤᠳᠤ ᠪᠤᠯ ᠢᠯᠵᠢᠷᠡᠭᠰᠡᠨ ᠪᠤᠷᠭᠠᠰᠦ 30 ᠮᠥᠩᠭᠥ᠌᠎ᠳᠤ ᠬᠦᠷᠴᠦ ᠪᠠᠢᠨ᠎ᠠ!》 ᠭᠡᠵᠦ ᠨᠠᠰᠤᠨᠳᠠᠯᠠᠶ ᠦᠶ᠋ᠯᠡᠳᠪᠦᠷᠢ᠎ᠶ᠋ᠢᠨ ᠲᠠᠰᠤᠭ᠎ᠲᠤ ᠮᠠᠱᠢᠨ᠎ᠢᠶᠠᠨ ᠰᠡᠳᠭᠢᠯ ᠳᠡᠯᠪᠢᠨ ᠲᠣᠬᠢᠷᠠᠭᠤᠯᠵᠤ ᠬᠡᠯᠡᠨ᠎ᠡ᠃ 2024 ᠣᠨ᠎ᠤ 4 ᠰᠠᠷ᠎ᠠ᠎ᠳᠤ ᠠᠱᠢᠭ᠍ᠯᠠᠯᠲᠠ᠎ᠳᠤ ᠣᠷᠣᠬᠰᠠᠨ ᠡᠴᠨ ᠤᠳᠤ ᠪᠣᠯᠲᠠᠯ᠎ᠠ ᠬᠤᠷᠱᠢᠶ᠎ᠠ᠎ᠶ᠋ᠢᠨ ᠬᠢᠨ ᠡᠯᠡᠰᠦᠨ ᠪᠤᠷᠭᠠᠰᠤ᠎ᠶ᠋ᠢ 800 ᠲᠣᠨ ᠱᠢᠩᠭᠡᠭᠡᠵᠦ᠍᠂ 300 ᠲᠦᠮᠡᠨ ᠲᠡᠭ᠌ᠰᠢ ᠳᠥᠷᠪᠡᠯᠵᠢᠨ ᠮᠸᠲᠷ ᠡᠯᠡᠰᠦᠨ ᠬᠠᠯᠬᠠᠪᠴᠢ ᠦᠢᠯᠡᠳᠪᠦᠷᠢᠯᠡᠵᠦ᠍᠂ 42 ᠭᠡᠱᠢᠭᠦᠨ᠎ᠢ ᠲᠠᠢ᠌ᠴᠢᠯᠠᠵᠤ ᠣᠷᠣᠯᠭ᠎ᠠ᠎ᠵᠢ ᠨᠢ ᠰᠠᠷ᠎ᠠ ᠪᠦᠷᠢ 6200 ᠲᠥᠭᠥᠷᠢᠭᠨᠡᠮᠡᠭ᠌ᠳᠡᠭᠦᠯᠪᠡ᠃ 《ᠪᠢ ᠡᠬᠡᠨᠡᠷᠲᠡᠶᠪᠡᠨ ᠨᠢᠳᠤᠨᠤᠨ 5 ᠰᠠᠷ᠎ᠠ ᠠᠵᠢᠯᠯᠠᠵᠤ᠂ 6 ᠲᠦᠮᠡ ᠭᠠᠷᠤᠢ ᠲᠥᠭᠥᠷᠢᠭ ᠣᠯᠵᠠᠢ》 ᠭᠡᠵᠦ ᠲᠡᠷᠡ ᠬᠡᠯᠡᠪᠡ᠃ ᠡᠢᠮᠦᠷᠬᠦᠦ 《ᠠᠵᠤ ᠠᠬᠤᠢᠯᠠᠯ + ᠬᠤᠷᠱᠢᠶ᠎ᠠ + ᠮᠠᠯᠵᠢᠬᠤ ᠡᠷᠦᠬᠡ》 ᠵᠢᠨ ᠬᠦᠳᠡᠯᠮᠦᠷᠢ᠎ᠪᠠᠷ ᠲᠡᠳᠬᠦᠮᠵᠢ᠎ᠶ᠋ᠢ ᠣᠷᠣᠯᠠᠭᠤᠯᠬᠤ ᠵᠠᠭ᠍ᠪᠤᠷ ᠨᠢ ᠨᠢᠭ᠍ᠲᠠ ᠠᠱᠢᠭ ᠲᠤᠰᠠ᠎ᠶ᠋ᠢᠨ ᠬᠣᠯᠪᠣᠭ᠎ᠠ ᠲᠣᠣᠷ᠎ᠢ ᠰᠦᠯᠵᠢᠭ᠌ᠰᠡᠨ ᠪᠠᠢᠨ᠎ᠠ᠃
ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠨᠢ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠬᠣᠢᠲᠤ ᠬᠡᠰᠡᠭ᠎ᠦᠨ ᠤᠯᠠᠭᠠᠨᠴᠠᠪ᠂ ᠶᠡᠬᠡ ᠨᠠᠭᠤᠷ ᠬᠣᠶᠠᠷ ᠰᠤᠮᠤ᠎ᠶ᠋ᠢᠨ 24 ᠭᠠᠴᠡᠭ᠎ᠠ᠎ᠶ᠋ᠢ ᠰᠤᠨᠳᠠᠯᠠᠵᠤ᠂ ᠶᠡᠷᠦᠩᠬᠡᠶ ᠵᠠᠰᠠᠬᠤ ᠲᠠᠯᠠᠪᠠᠶ ᠨᠢ 138 ᠲᠦᠮᠡᠨ ᠮᠥ᠍ ᠪᠠᠢᠵᠤ᠂ ᠡᠭᠦᠨ᠎ᠳᠦ ᠨᠡᠭᠦᠳᠡᠯ ᠡᠯᠡᠰᠦᠷᠬᠡᠭ ᠭᠠᠵᠠᠷ 2 ᠲᠦᠮᠡᠨ ᠮᠥ᠍᠂ ᠬᠠᠭᠠᠰ ᠲᠣᠭ᠍ᠲᠠᠮᠠᠯ ᠡᠯᠡᠰᠦᠷᠬᠡᠭ ᠭᠠᠵᠠᠷ 7.2 ᠲᠦᠮᠡᠨ ᠮᠥ᠍᠂ ᠲᠣᠭ᠍ᠲᠠᠮᠠᠯ ᠡᠯᠡᠰᠦᠷᠬᠡᠭ ᠭᠠᠵᠠᠷ 120 ᠲᠦᠮᠡᠨ ᠮᠥ᠍ ᠪᠠᠢᠵᠤ᠂ ᠡᠭᠦᠨ᠎ᠡᠴᠡ ᠭᠠᠳᠠᠨ᠎ᠠ ᠡᠯᠡᠰᠦᠷᠬᠡᠭ ᠭᠠᠵᠠᠷ᠎ᠡᠴᠡ ᠭᠠᠳᠠᠨᠠᠬᠢ 8.4 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠴᠤ᠌ ᠵᠠᠰᠠᠬᠤ ᠬᠡᠪᠴᠢᠶᠡᠨ᠎ᠳᠦ ᠣᠷᠣᠭᠤᠯᠪᠠ᠃
2024 — 2025 ᠣᠨ᠎ᠳᠤ᠂ ᠱᠢᠯᠤᠭᠤᠨ ᠬᠥᠪᠡᠭᠡᠲᠦ ᠴᠠᠭᠠᠨ ᠬᠣᠱᠢᠭᠤ 3.2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ 《ᠡᠯᠡᠰᠦ᠎ᠶ᠋ᠢ ᠲᠣᠭ᠍ᠲᠠᠪᠤᠷᠢᠵᠢᠭᠤᠯᠬᠤ + ᠠᠶᠠᠨ᠎ᠳᠠᠭᠠᠨ ᠰᠡᠷᠭᠦᠭᠡᠬᠦ᠌》 ᠬᠤᠤᠰ ᠵᠠᠮ᠎ᠢᠶᠠᠷ ᠳᠡᠮᠵᠢᠨ ᠨᠡᠭᠦᠳᠡᠯ ᠡᠯᠡᠰᠦᠷᠬᠡᠭ ᠭᠠᠵᠠᠷ ᠪᠣᠯᠤᠨ ᠬᠠᠭᠠᠰ ᠲᠣᠭ᠍ᠲᠠᠮᠠᠯ ᠡᠯᠡᠰᠦᠷᠬᠡᠭ ᠭᠠᠵᠠᠷ᠎ᠢ ᠪᠥᠬᠥ᠌ ᠲᠠᠯ᠎ᠠ᠎ᠪᠠᠷ ᠠᠷᠢᠯᠭᠠᠵᠤ᠂ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 15% ᠬᠥᠷᠬᠥ᠌ ᠥᠬᠡᠶ ᠪᠠᠢᠭ᠍ᠰᠠᠨ᠎ᠡᠴᠡ 30%᠎ᠡᠴᠡ ᠳᠡᠭᠡᠭ᠌ᠰᠢ ᠪᠣᠯᠭᠠᠨ ᠨᠡᠮᠡᠭᠳᠡᠭᠦᠯᠪᠡ᠃ ᠡᠨᠡ ᠬᠦ᠌ ᠰᠠᠭᠤᠷᠢᠨ ᠳᠡᠭᠡᠷ᠎ᠡ 2026 — 2030 ᠣᠨ᠎ᠳᠤ ᠲᠤᠰ ᠬᠣᠱᠢᠭᠤ 《ᠤᠮᠠᠷᠠᠲᠤ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠲᠦᠷᠦᠯ ᠵᠦᠢᠯ ᠢ ᠪᠦᠬᠦ᠌ ᠬᠦᠴᠦᠨ᠎ᠢᠶᠡᠷ᠎ᠢᠶᠡᠨ ᠬᠡᠷᠡᠭ᠌ᠵᠢᠭᠦᠯᠵᠦ᠍᠂ 6 ᠲᠦᠮᠡᠨ ᠮᠦ᠍ ᠡᠯᠡᠰᠦ᠎ᠶ᠋ᠢ ᠪᠢᠲᠡᠭᠦᠮᠵᠢᠯᠡᠨ ᠣᠢᠵᠢᠭᠤᠯᠬᠤ᠂ 4 ᠲᠦᠮᠡᠨ ᠮᠦ᠍ ᠡᠯᠡᠰᠦ᠎ᠶ᠋ᠢ ᠪᠢᠲᠡᠭᠦᠮᠵᠢᠯᠡᠨ ᠨᠤᠭᠤᠭᠠᠷᠠᠭᠤᠯᠬᠤ᠂ 4.8 ᠲᠦᠮᠡᠨ ᠮᠦ᠍ ᠬᠥᠮᠦᠨ᠎ᠦ ᠬᠦᠴᠦ᠍᠎ᠪᠡᠷ ᠡᠪᠡᠰᠦ ᠲᠠᠷᠢᠬᠤ᠎ᠵᠢ ᠪᠡᠶᠡᠯᠡᠭᠦᠯᠵᠦ᠂ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢ 46% ᠡᠴᠡ ᠳᠠᠪᠠᠭᠤᠯᠵᠤ᠂ 《ᠡᠪᠡᠰᠦ — ᠪᠤᠲᠠ ᠮᠣᠳᠣ᠂ ᠲᠤᠷᠤᠭ ᠮᠣᠳᠣ 》 ᠵᠢᠨ ᠪᠣᠰᠣᠭ᠎ᠠ ᠴᠤᠭᠴᠠᠲᠤ ᠬᠠᠮᠠᠭᠠᠯᠠᠯᠲᠠ᠎ᠶ᠋ᠢᠨ ᠲᠣᠣᠷ᠎ᠢ ᠪᠠᠢᠭᠤᠯᠬᠤ ᠪᠡᠷ ᠪᠤᠢ᠃
ᠦᠳᠡᠰᠢ᠎ᠶ᠋ᠢᠨ ᠪᠦᠷᠦᠢᠪᠤᠯᠤᠬᠰᠠᠨᠴᠤ ᠤᠷᠢᠶᠠᠲᠦᠶ᠋ᠢᠨ ᠲᠦᠷᠦᠯ ᠵᠦᠢᠯ᠎ᠦᠨ ᠲᠣᠭᠣᠷᠢᠭ᠎ᠲᠤ ᠵᠠᠩ ᠾᠧᠩ ᠮᠥᠨ ᠬᠦ᠌ ᠴᠠᠭ ᠠᠭᠤᠷ᠎ᠤᠨ ᠥᠷᠲᠡᠭᠡᠨ᠎ᠦ ᠲᠣᠭ᠎ᠠ ᠪᠠᠷᠢᠮᠲᠠ᠎ᠶ᠋ᠢ ᠲᠡᠮᠳᠡᠭ᠌ᠯᠡᠵᠦ᠍ ᠪᠠᠢᠯ᠎ᠠ᠃ ᠬᠢᠨᠠᠨ ᠬᠡᠮᠵᠢᠬᠦ᠌ ᠳᠡᠯᠭᠡᠴᠡ ᠳᠡᠭᠡᠷ᠎ᠡ ᠰᠠᠯᠬᠢᠨ᠎ᠤ ᠬᠤᠷᠳᠤᠴᠠ᠎ᠶ᠋ᠢᠨ ᠪᠠᠭᠤᠷᠠᠯᠲᠠ᠎ᠶ᠋ᠢᠨ ᠬᠡᠮᠵᠢᠶ᠎ᠡ ᠢᠯᠡᠷᠬᠡᠶ ᠪᠣᠯᠵᠣ᠂ ᠭᠠᠵᠠᠷ ᠳᠤᠤᠷᠠᠬᠢ ᠤᠰᠤᠨ᠎ᠤ ᠲᠦᠪᠱᠢᠨ 1.2 ᠮᠧᠲ᠋ᠷ ᠳᠡᠭᠡᠭ᠌ᠰᠢᠯᠡᠪᠡ᠃ ᠲᠡᠷᠡ 《ᠬᠠᠮᠤᠭ᠎ᠦᠨ ᠪᠠᠶᠠᠷᠯᠠᠭᠤᠱᠢᠲᠠᠶ ᠨᠢ ᠠᠮᠢᠲᠠᠨ ᠤᠯᠠᠰᠢᠷᠠᠪᠠ — ᠨᠢᠳᠤᠨᠤᠨ ᠵᠢᠯ ᠤᠯᠠᠭᠠᠨ᠎ᠤ ᠭᠠᠳᠠᠨᠠᠬᠢ ᠲᠤᠶᠠᠭᠠᠨᠤ ᠬᠡᠷᠡᠯ ᠵᠢᠷᠤᠭ᠎ᠤᠨ ᠮᠠᠱᠢᠨ ᠪᠣᠷᠣ ᠭᠥᠷᠥᠭᠡᠰᠦ᠂ ᠦᠨᠡᠭᠡ᠎ᠶ᠋ᠢ ᠤᠯᠵᠤ ᠰᠡᠬᠦᠳᠡᠷᠯᠡᠨ᠂ ᠴᠢᠨᠠᠭ᠍ᠰᠢᠯᠠᠪᠠᠯ ᠠᠯᠠᠭ᠎ᠠ ᠪᠣᠯᠣᠭᠠᠳ 20 ᠵᠢᠯ ᠪᠣᠯᠤᠭ᠍ᠰᠠᠨ ᠲᠣᠭᠣᠳᠠᠭ ᠰᠢᠪᠠᠭᠤ ᠴᠤ᠌ ᠢᠯᠡᠷᠡᠵᠡᠶ》 ᠭᠡᠪᠡ᠃ ᠨᠠᠰᠤᠨᠳᠠᠯᠠᠢ᠎ᠶ᠋ᠢᠨ ᠬᠤᠷᠱᠢᠶ᠎ᠠ᠎ᠳᠤ ᠰᠢᠨ᠎ᠡ ᠬᠤᠳᠠᠯᠳᠤᠨ ᠠᠪᠤᠭᠰᠠᠨ ᠡᠯᠡᠰᠦᠨ ᠪᠤᠷᠭᠠᠰᠤ ᠬᠡᠷᠴᠢᠬᠦ᠌ ᠮᠠᠱᠢᠨ ᠶᠠᠭᠠᠷᠠᠯᠲᠠᠢ ᠠᠵᠢᠯᠯᠠᠨ᠎ᠠ᠃ 《ᠡᠯᠡᠰᠦᠨ ᠪᠤᠷᠭᠠᠰᠤ᠎ᠶ᠋ᠢᠨ ᠪᠦᠬᠦ᠌ ᠪᠡᠶ᠎ᠡ᠎ᠨᠢ ᠡᠷᠳᠡᠨᠢ ᠪᠤᠯᠳᠠᠭ᠄ ᠨᠢᠯᠬ᠎ᠠ ᠮᠥᠴᠢᠷᠵᠢᠡᠷ ᠨᠢ ᠲᠡᠵᠢᠭᠡᠯ ᠪᠣᠷᠳᠣᠭ᠎ᠠ ᠪᠤᠯᠭᠠᠨ᠎ᠠ᠂ ᠪᠦᠳᠦᠭᠦᠨ ᠰᠠᠯᠠᠭ᠎ᠠ᠎ᠵᠢ ᠨᠢ ᠬᠡᠷᠴᠢᠵᠦ᠍ ᠡᠯᠡᠰᠦᠨ ᠬᠠᠯᠬᠠᠪᠴᠢ ᠪᠣᠯᠭᠠᠨ᠎ᠠ ᠂ ᠦᠨᠳᠦᠰᠦ᠎ᠨᠢ ᠡᠮ᠎ᠳᠦ ᠣᠷᠣᠨ᠎ᠠ》᠃ ᠥᠩᠭᠡᠷᠡᠭ᠌ᠰᠡᠨ᠎ᠦ ᠡᠨᠡ ᠬᠦ᠌ ᠬᠣᠨᠢᠴᠢᠨ ᠣᠲᠣ ᠡᠯᠡᠰᠦᠨ᠎ᠦ ᠠᠵᠤ ᠦᠶ᠋ᠯᠡᠰ᠎ᠦᠨ ᠠᠵᠢᠯᠴᠢᠨ ᠪᠣᠯᠵᠠᠶ᠃
《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠬᠦᠷᠲᠡᠯ᠎ᠡ᠂ ᠱᠢᠯᠤᠭᠤᠨ ᠬᠥᠪᠡᠭᠡᠲᠦ ᠴᠠᠭᠠᠨ ᠬᠣᠱᠢᠭᠤ ᠠᠮᠢ ᠠᠬᠤᠢ ᠭᠤᠶᠤ ᠰᠠᠢᠬᠠᠨ᠂ ᠠᠵᠤ ᠦᠢᠯᠡᠰ ᠬᠥᠭ᠌ᠵᠢᠭ᠌ᠰᠡᠨ᠂ ᠠᠷᠠᠳ ᠢᠷᠭᠡᠳ ᠪᠠᠶᠠᠵᠢᠭ᠍ᠰᠠᠨ ᠡᠯᠡᠰᠦ᠎ᠶ᠋ᠢ ᠵᠠᠰᠠᠬᠤ ᠱᠢᠨ᠎ᠡ ᠵᠠᠮ᠎ᠢ ᠰᠦᠪᠡᠭ᠌ᠴᠢᠯᠡᠨ ᠭᠠᠷᠭᠠᠵᠠᠢ᠃ ᠥᠩᠭᠡᠷᠡᠭ᠌ᠰᠡᠨ᠎ᠳᠦ ᠬᠥᠭ᠌ᠵᠢᠯᠲᠡ᠎ᠶ᠋ᠢᠨ ᠭᠠᠪᠠ ᠲᠦᠨᠭ᠌ᠭᠡ ᠬᠡᠮᠡᠭ᠌ᠳᠡᠵᠦ᠍ ᠪᠠᠢᠭ᠍ᠰᠠᠨ ᠡᠨᠡ ᠬᠡᠰᠡᠭ ᠨᠤᠲᠤᠭ᠎ᠡᠴᠡ ᠬᠥᠮᠦᠨ᠎ᠢ ᠰᠣᠴᠢᠭᠠᠮ᠎ᠠ ᠡᠨᠧᠷᠭᠢ ᠣᠷᠭᠢᠯᠵᠤ ᠡᠬᠢᠯᠡᠪᠡ᠃