ᠰᠢ ᠵᠢᠨ ᠫᠢᠩ ᠱᠠᠨ ᠰᠢ᠎ᠶ᠋ᠢᠨ ᠴᠠᠩ ᡁᠢ ᠬᠤᠳᠠ᠎ᠶ᠋ᠢᠨ ᠴᠢᠨ ᠶᠤᠸᠠᠨ ᠱᠢᠶᠠᠨ᠎ᠤ ᠨᠢᠭᠡᠨ ᠨᠡᠭᠦᠷᠡᠰᠦᠨ ᠠᠭᠤᠷᠬᠠᠢ᠎ᠶ᠋ᠢᠨ ᠭᠠᠰ ᠳᠡᠯᠪᠡᠷᠡᠭ᠌ᠰᠡᠨ ᠡᠨᠳᠡᠯ᠎ᠤᠨ ᠳᠤᠬᠠᠢ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ — ᠱᠢᠷᠬᠠᠲᠤᠭ᠍ᠰᠠᠳ᠎ᠢ ᠪᠦᠬᠦ᠌ ᠬᠦᠴᠦ᠍᠎ᠪᠡᠷ᠎ᠢᠶᠡᠨ ᠠᠪᠤᠷᠠᠨ ᠡᠮᠨᠡᠵᠦ᠍ ᠰᠢᠨᠵᠢᠯᠡᠬᠦ ᠤᠬᠠᠭᠠᠨᠴᠢ ᠪᠡᠷ ᠵᠤᠬᠢᠶᠠᠨ ᠪᠠᠢᠭᠤᠯᠤᠨ ᠡᠷᠢᠨ ᠠᠪᠤᠷᠠᠵᠤ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ
2026-05-24 10:26:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠴᠢᠶᠠᠩ ᠴᠣᠬᠣᠯᠠᠪᠤᠷᠢ ᠥᠭ᠌ᠴᠡᠢ

5 ᠰᠠᠷ᠎ᠠ᠎ᠶ᠋ᠢᠨ 22 ᠎ᠤ᠋ᠨ ᠡᠳᠦᠷ᠎ᠦᠨ 19 ᠴᠠᠭ 29 ᠮᠢᠨᠦ᠋ᠲ᠎ᠲᠦ᠂ ᠱᠠᠨ ᠰᠢ᠎ᠶ᠋ᠢᠨ ᠴᠠᠩ ᡁᠢ ᠬᠣᠲᠠ᠎ᠶ᠋ᠢᠨ ᠴᠢᠨ ᠶᠤᠸᠠᠨ ᠱᠢᠶᠠᠨ᠎ᠤ ᠱᠠᠨ ᠰᠢ᠎ᠶ᠋ᠢᠨ ᠲᠦᠩ ᠵᠧᠸ᠋ ᠪᠦᠯᠦᠭ᠌ᠯᠡᠯ᠎ᠦᠨ ᠯᠢᠦ ᠱᠸᠨ ᠢᠦᠶ ᠨᠡᠭᠦᠷᠡᠰᠦᠨ᠎ᠦ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠬᠤᠳᠳᠤᠭ ᠳᠣᠲᠣᠷ᠎ᠠ ᠭᠠᠰ ᠳᠡᠯᠪᠡᠷᠡᠭ᠌ᠰᠡᠨ ᠡᠨᠳᠡᠯ ᠭᠠᠷᠴᠤ᠌᠂ ᠬᠥᠮᠦᠨ ᠬᠠᠷ᠎ᠠ ᠬᠦᠨᠳᠦ ᠶᠡᠬᠡ ᠡᠨᠳᠡᠵᠦ ᠱᠢᠷᠬᠠᠲᠤᠪᠠ᠃

ᠡᠨᠳᠡᠯ ᠭᠠᠷᠤᠭ᠍ᠰᠠᠨ᠎ᠤ ᠳᠠᠷᠠᠭ᠎ᠠ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠭ᠌ᠰᠡᠨ ᠪᠥᠭᠡᠳ ᠴᠢᠬᠤᠯᠠ ᠵᠢᠭᠠᠪᠤᠷᠢ ᠦᠭᠴᠦ᠂ ᠱᠠᠨ ᠰᠢ᠎ᠶ᠋ᠢᠨ ᠴᠠᠩ ᡁᠢ ᠬᠣᠲᠠ᠎ᠶ᠋ᠢᠨ ᠴᠢᠨ ᠶᠤᠸᠠᠨ ᠱᠢᠶᠠᠨ᠎ᠤ ᠨᠢᠭᠡ ᠨᠡᠭᠦᠷᠡᠰᠦᠨ ᠠᠭᠤᠷᠬᠠᠶ᠎ᠳᠤ ᠭᠠᠰ ᠳᠡᠯᠪᠡᠷᠡᠭ᠌ᠰᠡᠨ ᠡᠨᠳᠡᠯ ᠭᠠᠷᠴᠤ᠌᠂ ᠬᠥᠮᠦᠨ ᠬᠠᠷ᠎ᠠ ᠬᠦᠨᠳᠦ ᠶᠡᠬᠡ᠎ᠪᠡᠷ ᠡᠨᠳᠡᠵᠦ᠍ ᠱᠢᠷᠬᠠᠲᠤᠵᠠᠶ᠃ ᠱᠢᠷᠬᠠᠲᠤᠭ᠍ᠰᠠᠳ᠎ᠢ ᠪᠦᠬᠦ᠌ ᠬᠦᠴᠦ᠍᠎ᠪᠡᠷ᠎ᠢᠶᠡᠨ ᠠᠪᠤᠷᠠᠨ ᠡᠮᠨᠡᠵᠦ᠍᠂ ᠱᠢᠨᠵᠢᠯᠡᠬᠦ᠌ ᠤᠬᠠᠭᠠᠨᠴᠢ᠎ᠪᠠᠷ ᠵᠤᠬᠢᠶᠠᠨ ᠪᠠᠢᠭᠤᠯᠤᠨ ᠡᠷᠢᠵᠦ᠍ ᠠᠪᠤᠷᠠᠵᠤ᠂ ᠬᠣᠢᠲᠤᠬᠢ ᠶᠠᠪᠤᠳᠠᠯ᠎ᠢ ᠱᠢᠢᠳᠪᠦᠷᠢᠯᠡᠬᠦ᠌ ᠠᠵᠢᠯ᠎ᠢ ᠲᠣᠬᠢᠲᠠᠢ ᠰᠠᠢᠲᠤᠷ ᠬᠢᠬᠦ᠌ ᠬᠡᠷᠡᠭ᠌ᠲᠡᠢ᠃ ᠡᠨᠳᠡᠯ᠎ᠦᠨ ᠱᠢᠯᠲᠠᠭᠠᠨ᠎ᠢ ᠪᠠᠢᠴᠠᠭᠠᠨ ᠲᠣᠳᠣᠷᠬᠠᠢᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠡᠨᠳᠡᠯ᠎ᠡᠴᠡ ᠰᠤᠷᠭᠠᠮᠵᠢ ᠠᠪᠴᠤ᠌᠂ ᠠᠶᠤᠯᠭᠦᠶ ᠦᠶ᠋ᠯᠡᠳᠪᠦᠷᠢᠯᠡᠯ᠎ᠦᠨ ᠡᠨᠡ ᠬᠦ᠌ ᠬᠦᠪᠴᠢ ᠵᠢ ᠴᠠᠭ ᠢᠮᠠᠭ᠍ᠲᠠ ᠴᠢᠩᠭᠠᠯᠠᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠭᠦᠨᠵᠡᠭᠡᠶ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ᠃ ᠣᠳᠣᠬᠠᠨ᠎ᠳᠤ ᠶᠠᠭ ᠦᠶᠡᠷ᠎ᠦᠨ ᠬᠤᠭᠤᠴᠠᠭ᠎ᠠ ᠪᠣᠯᠬᠣᠷ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠭᠠᠮᠱᠢᠭ ᠡᠴᠡ ᠠᠪᠤᠷᠬᠠᠸ᠋ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠴᠣᠬᠣᠯᠠᠪᠤᠷᠢ ᠥᠭ᠌ᠴᠦ᠂ ᠬᠠᠱᠢᠭ᠍ᠳᠠᠭ᠍ᠰᠠᠨ ᠬᠥᠮᠦᠰ᠎ᠢ ᠪᠦᠬᠦ᠌ ᠬᠦᠴᠦ᠍᠎ᠪᠡᠷ᠎ᠢᠶᠡᠨ ᠡᠷᠢᠨ ᠠᠪᠤᠷᠠᠵᠤ᠂ ᠱᠢᠷᠬᠠᠲᠤᠭ᠍ᠰᠠᠳ᠎ᠢ ᠠᠪᠤᠷᠠᠨ ᠡᠮᠨᠡᠵᠦ᠍᠂ ᠬᠣᠢᠲᠤᠬᠢ ᠶᠠᠪᠤᠳᠠᠯ᠎ᠢ ᠰᠠᠢᠲᠤᠷ ᠰᠶ᠋ᠶ᠋ᠳᠪᠤᠷᠢᠯᠠᠵᠤ ᠂ ᠮᠡᠳᠡᠭᠡ ᠵᠠᠩᠭᠢ᠎ᠶ᠋ᠢ ᠴᠠᠭ ᠲᠤᠬᠠᠢ᠎ᠳᠤᠨᠢ ᠣᠨᠣᠪᠴᠢᠲᠠᠢ ᠨᠡᠢᠲᠡᠯᠡᠵᠦ᠍᠂ ᠡᠨᠳᠡᠯ᠎ᠦᠨ ᠱᠢᠯᠲᠠᠭᠠᠨ᠎ᠢ ᠳᠠᠷᠤᠢ ᠲᠦᠷᠭᠡᠨ ᠪᠠᠢᠴᠠᠭᠠᠨ ᠲᠤᠳᠤᠯᠠᠬᠤ᠎ᠶ᠋ᠢᠨ ᠬᠠᠮᠲᠤ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠢ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ᠎ᠤᠨ ᠬᠢᠨ ᠡᠯ᠎ᠡ ᠭᠠᠵᠠᠷ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠢ ᠤᠯᠠᠮ ᠨᠢᠭᠡ ᠠᠯᠬᠤᠮ ᠱᠠᠯᠠᠪᠳᠠᠭᠤᠯᠤᠨ ᠵᠢᠯᠣᠭᠣᠳᠴᠤ᠌ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ᠎ᠦ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠦᠨᠡᠨ ᠬᠦ᠌ ᠰᠠᠢᠲᠤᠷ ᠠᠳᠭᠤᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠎ᠦᠨ ᠴᠢᠬᠤᠯᠠ ᠵᠢᠭᠠᠪᠤᠷᠢ ᠪᠣᠯᠤᠨ ᠯᠢ ᠴᠢᠶᠠᠩ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠡᠳ᠋ ᠶᠡᠷᠦᠩᠬᠡᠢ ᠰᠠᠢᠳ ᠵᠠᠩ ᠭᠦᠸᠧ ᠴᠢᠩ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠢ ᠳᠠᠭᠠᠭᠤᠯᠤᠨ ᠲᠤᠬᠠᠢ᠎ᠶ᠋ᠢᠨ ᠲᠠᠯᠠᠪᠠᠢ᠎ᠳᠤ ᠬᠦᠷᠴᠦ᠍ ᠠᠪᠤᠷᠠᠨ ᠲᠤᠰᠠᠯᠠᠵᠤ ᠱᠢᠢᠳᠪᠦᠷᠢᠯᠡᠬᠦ᠌ ᠠᠵᠢᠯ᠎ᠢ ᠵᠢᠭᠠᠨ ᠵᠢᠯᠣᠭᠣᠳᠪᠠ᠃ ᠱᠠᠨ ᠰᠢ ᠮᠤᠵᠢ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ ᠨᠥᠬᠥᠳ ᠨᠢᠭᠡᠨᠲᠡ ᠲᠤᠬᠠᠢ᠎ᠶ᠋ᠢᠨ ᠲᠠᠯᠠᠪᠠᠢ᠎ᠳᠤ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠠᠵᠢᠯ᠎ᠢ ᠵᠢᠯᠣᠭᠣᠳᠴᠤ᠌᠂ ᠱᠠᠨ ᠰᠢ ᠮᠤᠵᠢ᠂ ᠴᠠᠩ ᡁᠢ ᠬᠤᠳᠠ᠎ᠶ᠋ᠢᠨ ᠬᠢᠨ ᠱᠢᠷᠬᠠᠲᠤᠭ᠍ᠰᠠᠳ᠎ᠢ ᠠᠪᠤᠷᠠᠨ ᠡᠮᠨᠡᠬᠦ᠌᠂ ᠲᠤᠬᠠᠢ᠎ᠶ᠋ᠢᠨ ᠲᠠᠯᠠᠪᠠᠢ᠎ᠳᠤ ᠠᠪᠤᠷᠠᠨ ᠲᠤᠰᠠᠯᠠᠬᠤ ᠵᠡᠷᠭᠡ ᠠᠵᠢᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍ ᠪᠠᠢᠨ᠎ᠠ᠃ ᠣᠳᠣᠬᠠᠨ᠎ᠳᠤ ᠬᠣᠯᠪᠣᠭ᠍ᠳᠠᠯ ᠪᠦᠬᠦᠢ ᠠᠵᠢᠯ ᠶᠠᠭ ᠶᠠᠪᠤᠭ᠍ᠳᠠᠵᠤ ᠪᠠᠢᠨ᠎ᠠ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 23 ᠎ᠤ᠋ ᠴᠠᠬᠢᠯᠭᠠᠨ ᠮᠡᠳᠡᠭᠡ ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号