ᠪᠠᠢᠩᠭᠤ ᠰᠠᠭᠤᠭ᠎ᠠ ᠭᠠᠵᠠᠷ ᠲᠦ᠍ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ ᠵᠢ ᠬᠡᠷᠡᠭᠵᠢᠭᠦᠯᠵᠦ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠲᠦᠪᠱᠢᠨ᠎ᠢ ᠢᠯᠡᠳᠲᠡ ᠳᠡᠭᠡᠭ᠌ᠰᠢᠯᠡᠭᠦᠯᠬᠦ ᠵᠢ ᠠᠬᠢᠭᠤᠯᠵᠤ᠂ ᠬᠥᠮᠦᠨ᠎ᠢᠶᠡᠷ ᠦᠨᠳᠦᠰᠦ ᠪᠣᠯᠭᠠᠬᠤ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢ ᠬᠦᠴᠦᠲᠡᠶ ᠲᠤᠯᠭᠠᠭᠤᠷᠢᠯᠠᠬᠤ᠎ᠶ᠋ᠢᠨ ᠲᠥᠯᠥᠭᠡ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠲᠦᠷᠦᠭᠦᠬᠡᠨ《ᠪᠠᠢᠩᠭᠤ ᠰᠠᠭᠤᠭ᠎ᠠ ᠭᠠᠵᠠᠷ᠎ᠲᠤ᠌ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ᠎ᠶᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 (ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃
《ᠰᠠᠨᠠᠯ》᠎ᠳ᠋ᠤ᠂ ᠪᠠᠢᠩᠭᠤ ᠰᠠᠭᠤᠭ᠎ᠠ ᠭᠠᠵᠠᠷ ᠲᠦ᠍ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠵᠤ᠂ ᠡᠷᠦᠬᠡ ᠠᠮᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ ᠪᠣᠯᠤᠨ ᠡᠷᠦᠬᠡ ᠠᠮᠠ᠎ᠲᠠᠶ ᠬᠥᠮᠦᠨ ᠠᠮᠠ᠎ᠶ᠋ᠢᠨ ᠠᠳᠠᠯᠢ ᠲᠡᠭ᠌ᠰᠢ᠎ᠪᠡᠷ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠭᠥᠷᠳᠡᠬᠦ᠌᠎ᠶ᠋ᠢ ᠠᠬᠢᠭᠤᠯᠬᠤ ᠨᠢ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠳᠤ ᠠᠱᠢᠭ᠍ᠲᠠᠶ ᠪᠠᠢᠵᠤ᠂ ᠬᠣᠲᠠ ᠪᠠᠯᠭᠠᠰᠤᠵᠢᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢᠨ ᠳᠠᠯᠳᠠ ᠬᠦᠴᠦᠨ᠎ᠢ ᠪᠠᠳᠠᠷᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ ᠴᠢᠬᠤᠯᠠᠴᠢᠯᠠᠪᠠ᠃
《ᠰᠠᠨᠠᠯ》 ᠳ᠋ᠤ᠂ ᠡᠴᠢᠭᠡ ᠡᠬᠡ ᠪᠡᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠡᠴᠢᠭᠡ ᠡᠬᠡ ᠪᠡᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ ᠠᠯᠪᠠᠨ᠎ᠡᠴᠡ ᠡᠷᠭᠢᠯᠡᠭ᠌ᠰᠡᠨ ᠰᠤᠷᠭᠠᠭᠤᠯᠢ᠎ᠳᠤ ᠰᠤᠷᠤᠯᠴᠠᠬᠤ ᠤᠷᠤᠨ ᠲᠤᠭ᠎ᠠ ᠵᠢᠨ ᠬᠠᠷᠢᠴᠠᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠡᠴᠢᠭᠡ ᠡᠬᠡ ᠪᠡᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠢ ᠪᠠᠢᠩᠭᠤ ᠰᠠᠭᠤᠭ᠎ᠠ ᠭᠠᠵᠠᠷ᠎ᠤᠨ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠡᠪᠴᠢᠶᠡᠨ᠎ᠳᠦ ᠣᠷᠣᠭᠤᠯᠬᠤ᠎ᠶ᠋ᠢ ᠠᠬᠢᠭᠤᠯᠬᠤ ᠬᠡᠷᠡᠭᠲᠡᠢ᠃ ᠨᠠᠩ ᠣᠯᠠᠨ ᠬᠣᠲᠠ᠎ᠶ᠋ᠢᠨ ᠲᠣᠭ᠍ᠲᠠᠪᠤᠷᠢᠲᠠᠶ᠎ᠪᠠᠷ ᠠᠵᠢᠯ ᠣᠯᠵᠤ ᠣᠷᠣᠱᠢᠨ ᠰᠠᠭᠤᠭ᠍ᠰᠠᠨ ᠡᠷᠦᠬᠡ ᠠᠮᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠡᠷ ᠪᠦᠯᠢ᠎ᠶ᠋ᠢ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠬᠤ᠎ᠶ᠋ᠢ ᠠᠬᠢᠭᠤᠯᠵᠤ᠂ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠳᠦ ᠣᠷᠣᠯᠴᠠᠬᠤ ᠲᠦᠷᠢᠮ᠎ᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ᠃ ᠠᠵᠢᠯ ᠣᠯᠤᠭ᠍ᠰᠠᠨ ᠭᠠᠵᠠᠷ᠎ᠲᠤ ᠠᠵᠢᠯᠲᠠᠨ ᠠᠵᠢᠯᠴᠢᠨ᠎ᠤ ᠨᠡᠢᠭᠡᠮ᠎ᠦᠨ ᠳᠠᠭᠠᠳᠭᠠᠯ᠎ᠳᠤ ᠣᠷᠣᠯᠴᠠᠬᠤ ᠡᠷᠦᠬᠡ ᠠᠮᠠ᠎ᠶ᠋ᠢᠨ ᠬᠢᠵᠠᠭᠠᠷᠯᠠᠯ᠎ᠢ ᠪᠦᠬᠦ᠌ ᠲᠠᠯ᠎ᠠ᠎ᠪᠠᠷ ᠦᠭᠡᠢᠰᠭᠡᠵᠦ᠍᠂ ᠡᠯ᠎ᠡ ᠲᠥᠷᠥᠯ᠎ᠦᠨ ᠬᠥᠳᠡᠯᠮᠦᠷᠢᠴᠢᠳ᠎ᠦᠨ ᠠᠵᠢᠯ ᠣᠯᠤᠭ᠍ᠰᠠᠨ ᠭᠠᠵᠠᠷ᠎ᠲᠤ ᠠᠵᠢᠯᠲᠠᠨ ᠠᠵᠢᠯᠴᠢᠨ᠎ᠤ ᠨᠡᠢᠭᠡᠮ᠎ᠦᠨ ᠳᠠᠭᠠᠳᠭᠠᠯ᠎ᠳᠤ ᠣᠷᠣᠯᠴᠠᠬᠤ᠎ᠶ᠋ᠢ ᠲᠡᠮᠵᠢᠬᠦ ᠵᠢ ᠬᠥᠲᠥᠯᠥᠨ ᠵᠢᠯᠣᠭᠣᠳᠴᠤ᠌᠂ ᠬᠦᠯᠦᠰᠦᠨ ᠲᠠᠷᠢᠶᠠᠴᠢᠨ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠱᠢᠨ᠎ᠡ ᠠᠵᠢᠯ ᠣᠯᠭᠤᠯᠲᠠ ᠵᠢᠨ ᠬᠡᠯᠪᠡᠷᠢ ᠵᠢᠨ ᠬᠥᠮᠦᠰ᠎ᠦᠨ ᠨᠡᠢᠭᠡᠮ᠎ᠦᠨ ᠳᠠᠭᠠᠳᠭᠠᠯ᠎ᠳᠤ ᠣᠷᠣᠯᠴᠠᠬᠤ ᠳᠦᠷᠢᠮ᠎ᠢ ᠪᠦᠷᠢᠨᠱᠢᠭᠦᠯᠬᠦ᠌ ᠬᠡᠷᠡᠭ᠌ᠲᠡᠶ᠃ ᠪᠠᠢᠩᠭᠤ ᠰᠠᠭᠤᠭ᠎ᠠ ᠭᠠᠵᠠᠷ᠎ᠤᠨ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠵᠤ᠂ ᠣᠷᠣᠱᠢᠨ ᠰᠠᠭᠤᠬᠤ ᠦᠨᠡᠮᠯᠡᠯ᠎ᠢᠶᠡᠷ᠎ᠢᠶᠡᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠲᠥᠷᠥ᠎ᠶ᠋ᠢᠨ ᠪᠣᠳᠣᠯᠭ᠎ᠠ᠎ᠶ᠋ᠢ ᠬᠦᠴᠦᠯᠡᠨ ᠨᠠᠢᠳᠠᠪᠤᠷᠢᠵᠢᠭᠤᠯᠵᠤ᠂ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠳ᠋ᠦᠩᠨᠡᠨ ᠪᠤᠳᠤᠬᠤ ᠬᠠᠮᠢᠶᠠᠷᠤᠯᠲᠠ᠎ᠶ᠋ᠢᠨ ᠦᠶ᠋ᠯᠡᠴᠢᠯᠡᠭᠡ᠎ᠶ᠋ᠢ ᠴᠢᠩᠭᠠᠳᠬᠠᠬᠤ ᠬᠡᠷᠡᠭᠲᠡᠢ᠃ ᠠᠵᠢᠯ ᠣᠯᠭᠣᠯᠲᠠ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠴᠢᠩᠭᠠᠳᠭᠠᠵᠤ᠂ ᠠᠵᠢᠯ ᠣᠯᠭᠣᠯᠲᠠ᠎ᠶ᠋ᠢ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠯ ᠶᠣᠰᠣᠭᠠᠷ ᠨᠠᠢᠳᠠᠪᠤᠷᠢᠵᠢᠭᠤᠯᠵᠤ᠂ ᠡᠷᠦᠬᠡ ᠠᠮᠠ ᠣᠷᠣᠭᠠᠳᠤᠢ ᠪᠡᠶ᠎ᠡ᠎ᠪᠡᠨ ᠳᠠᠭᠠᠭᠠᠵᠤ ᠦᠢᠯᠡᠰ ᠪᠤᠰᠬᠠᠭ᠍ᠰᠠᠳᠤᠨ ᠦᠢᠯᠡᠰ ᠪᠤᠰᠬᠠᠬᠤ ᠵᠢ ᠲᠡᠳᠬᠦᠨ ᠳᠡᠮᠵᠢᠬᠦ᠌ ᠠᠵᠢᠯ᠎ᠢ ᠰᠠᠢᠲᠤᠷ ᠬᠢᠬᠦ ᠬᠡᠷᠡᠭᠲᠡᠢ᠃ ᠡᠷᠦᠬᠡ ᠠᠮᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢ ᠪᠠᠢᠩᠭᠤ ᠰᠠᠭᠤᠭ᠎ᠠ ᠭᠠᠵᠠᠷ᠎ᠤᠨ ᠬᠡᠦᠬᠡᠳ᠎ᠢ ᠬᠠᠯᠠᠮᠵᠢᠯᠠᠨ ᠬᠠᠢᠷᠠᠯᠠᠬᠤ᠂ ᠨᠠᠰᠤᠲᠠᠨ᠎ᠢᠶᠠᠨ ᠠᠰᠠᠷᠠᠵᠤ ᠨᠠᠰᠤᠲᠠᠨ᠎ᠢᠶᠠᠨ ᠲᠤᠰᠠᠯᠠᠬᠤ᠂ ᠨᠡᠢᠭᠡᠮ᠎ᠦᠨ ᠠᠪᠤᠷᠠᠨ ᠲᠤᠰᠠᠯᠠᠬᠤ᠂ ᠵᠡᠮᠳᠡᠭ᠌ᠴᠦᠳ᠎ᠢ ᠲᠡᠳᠬᠦᠵᠦ᠍ ᠵᠡᠮᠳᠡᠭ᠌ᠴᠦᠳ᠎ᠢ ᠲᠤᠰᠠᠯᠠᠬᠤ ᠵᠡᠷᠭᠡ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠡᠪᠴᠢᠶᠡᠨ᠎ᠳᠦ ᠠᠯᠬᠤᠮ ᠠᠯᠬᠤᠮ᠎ᠢᠶᠠᠷ ᠣᠷᠣᠭᠤᠯᠬᠤ ᠬᠡᠷᠡᠭᠲᠡᠢ ᠭᠡᠵᠦ ᠲᠤᠷᠠᠳᠪᠠ᠃
《ᠰᠠᠨᠠᠯ》 ᠳ᠋ᠤ᠂ ᠪᠠᠢᠩᠭᠤ ᠰᠠᠭᠤᠭ᠎ᠠ ᠬᠥᠮᠦᠨ ᠠᠮᠠ ᠪᠠ ᠦᠶ᠋ᠯᠡᠴᠢᠯᠡᠭᠡᠨ᠎ᠦ ᠷᠠᠳᠢᠦ᠍ᠰ ᠶᠣᠰᠣᠭᠠᠷ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠳᠦᠬᠦᠭᠡᠷᠦᠮᠵᠢ᠎ᠶ᠋ᠢᠨ ᠣᠷᠣᠨ ᠵᠠᠶ᠎ᠶ᠋ᠢᠨ ᠪᠠᠢᠷᠢᠱᠢᠯ᠎ᠢ ᠲᠡᠭᠦᠯᠳᠡᠷᠵᠢᠭᠦᠯᠵᠦ᠍᠂ ᠬᠦᠮᠦᠨ ᠠᠮᠠ ᠵᠢᠨ ᠬᠣᠲᠠ ᠪᠠ ᠱᠢᠶᠠᠨ᠎ᠤ ᠬᠣᠲᠠ ᠳ᠋ᠦ ᠤᠷᠤᠬᠤ ᠳ᠋ᠦ ᠬᠡᠷᠡᠭᠰᠡᠬᠦ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠴᠢᠩᠭᠠᠳᠭᠠᠬᠤ ᠬᠡᠷᠡᠭ᠌ᠲᠡᠶ᠃ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠠᠲᠤᠯᠢᠭ ᠬᠠᠩᠭᠠᠯᠭ᠎ᠠ᠎ᠶ᠋ᠢ ᠵᠢᠷᠤᠮᠵᠢᠭᠤᠯᠵᠤ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠡᠬᠢ ᠪᠠᠶᠠᠯᠢᠭ᠎ᠢ ᠲᠥᠪ ᠭᠤᠤᠯᠴᠢ ᠡᠮᠬᠢ ᠵᠢᠷᠤᠮ᠎ᠲᠠᠶ ᠬᠤᠪᠢᠶᠠᠷᠢᠯᠠᠬᠤ᠎ᠶ᠋ᠢ ᠠᠬᠢᠭᠤᠯᠤᠨ᠎ᠠ᠃ ᠡᠳ᠋᠎ᠦᠨ ᠵᠠᠰᠠᠭ ᠡᠴᠡ ᠱᠢᠯᠵᠢᠭᠦᠯᠵᠦ ᠥᠭ᠌ᠬᠦ ᠪᠠᠲᠤᠯᠠᠭ᠎ᠠ᠎ᠶ᠋ᠢ ᠴᠢᠩᠭᠠᠳᠭᠠᠵᠤ᠂ ᠬᠣᠯᠪᠣᠭ᠍ᠳᠠᠯ ᠪᠦᠬᠦᠢ ᠱᠢᠯᠵᠢᠭᠦᠯᠵᠦ ᠥᠭ᠌ᠬᠦ᠎ᠶᠢ ᠲᠡᠭᠦᠯᠳᠡᠷᠵᠢᠭᠦᠯᠬᠦ ᠳ᠋ᠦ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠡᠯᠸᠮᠸᠨ᠋ᠲ᠎ᠢ ᠪᠣᠳᠣᠯᠬᠢᠯᠠᠨ ᠬᠤᠪᠢᠶᠠᠷᠢᠯᠠᠯᠳᠠ ᠬᠢᠬᠦ ᠠᠷᠭ᠎ᠠ᠎ᠶ᠋ᠢ ᠲᠡᠭᠦᠯᠳᠡᠷᠵᠢᠭᠦᠯᠦᠨ᠎ᠡ᠃ ᠱᠢᠨ᠎ᠡ᠎ᠪᠡᠷ ᠨᠡᠮᠡᠭ᠌ᠳᠡᠭᠦᠯᠬᠦ᠌ ᠬᠣᠲᠠ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠭᠦᠢᠴᠡᠳᠭᠡᠯ ᠲᠣᠭ᠎ᠠ᠎ᠶ᠋ᠢᠨ ᠲᠤᠬᠢᠷᠠᠭᠤᠯᠤᠯᠳᠠ᠎ᠶᠢ ᠪᠠᠢᠩᠭᠤ ᠰᠠᠭᠤᠭ᠎ᠠ ᠬᠥᠮᠦᠨ ᠠᠮᠠ᠎ᠶᠢᠨ ᠨᠡᠮᠡᠭ᠌ᠳᠡᠯ ᠯᠤᠬᠡ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠰᠤᠷᠭᠠᠭᠤᠯᠢ᠂ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠂ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠵᠡᠷᠭᠡ᠎ᠶᠢᠨ ᠪᠦᠲᠦᠭᠡᠨ ᠪᠠᠢᠭᠤᠯᠤᠯᠲᠠ᠎ᠶ᠋ᠢᠨ ᠬᠡᠷᠡᠭ᠌ᠴᠡᠭᠡ᠎ᠶ᠋ᠢ ᠡᠩ ᠲᠡᠷᠢᠭᠦᠨ᠎ᠳᠦ ᠪᠠᠲᠤᠯᠠᠨ᠎ᠠ᠃ ᠣᠷᠣᠱᠢᠨ ᠰᠠᠭᠤᠬᠤ ᠦᠨᠡᠮᠯᠡᠯ᠎ᠢ ᠬᠠᠷᠢᠯᠴᠠᠨ ᠨᠡᠪᠲᠡᠷᠡᠭᠦᠯᠵᠦ᠍ ᠬᠠᠷᠢᠯᠴᠠᠨ ᠮᠡᠳᠡᠷᠡᠬᠦ᠌᠂ ᠪᠠᠢᠩᠭᠤ ᠰᠠᠭᠤᠭ᠎ᠠ ᠵᠢᠯ ᠬᠤᠭᠤᠴᠠᠭ᠎ᠠ ᠪᠤᠶᠤ ᠪᠠᠢᠩᠭᠤ ᠰᠠᠭᠤᠭ᠎ᠠ ᠬᠤᠷᠠᠮᠳᠤᠯ ᠬᠤᠪᠢ᠎ᠶ᠋ᠢ ᠰᠣᠯᠢᠬᠤ ᠵᠡᠷᠭᠡ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠨᠡᠭᠦᠳᠡᠯ ᠬᠥᠮᠦᠨ ᠠᠮᠠ᠎ᠶ᠋ᠢᠨ ᠦᠷᠭᠦᠯᠵᠢᠯᠡᠨ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠭᠥᠷᠳᠡᠬᠦ᠌᠎ᠶ᠋ᠢ ᠪᠠᠲᠤᠯᠠᠨ᠂ ᠬᠣᠲᠠ᠎ᠶ᠋ᠢᠨ ᠪᠦᠯᠦᠭᠵᠢᠯ᠂ ᠬᠣᠲᠠ᠎ᠶ᠋ᠢᠨ ᠲᠣᠭᠣᠷᠢᠭ᠎ᠤᠨ ᠵᠠᠰᠠᠭ ᠵᠠᠬᠢᠷᠭᠠᠨ᠎ᠤ ᠲᠣᠭᠣᠷᠢᠭ ᠠᠯᠤᠰᠯᠠᠨ ᠬᠠᠮᠲᠤᠷᠠᠨ ᠰᠤᠷᠭᠠᠨ ᠬᠦᠮᠦᠵᠢᠯ᠎ᠤᠨ ᠪᠠᠢᠭᠤᠯᠤᠮᠵᠢ ᠡᠮᠴᠢᠯᠡᠭᠡᠨ᠎ᠤ ᠪᠠᠢᠭᠤᠯᠤᠮᠵᠢ ᠡᠷᠭᠢᠯᠡᠬᠦ᠌᠎ᠶ᠋ᠢ ᠠᠬᠢᠭᠤᠯᠤᠨ᠎ᠠ᠃ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠢ ᠮᠤᠵᠢ᠎ᠶ᠋ᠢᠨ ᠳᠣᠲᠣᠷ᠎ᠠ ᠨᠡᠢᠳᠡᠮ ᠭᠦᠶ᠋ᠴᠡᠳᠭᠡᠬᠦ᠌᠂ ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌᠎ᠶ᠋ᠢ ᠠᠬᠢᠭᠤᠯᠤᠨ᠎ᠠ᠃ ᠪᠠᠢᠩᠭᠤ ᠰᠠᠭᠤᠭ᠎ᠠ ᠬᠥᠮᠦᠨ ᠠᠮᠠ᠎ᠶ᠋ᠢ ᠳᠡᠩᠰᠡᠯᠡᠨ ᠪᠦᠷᠢᠳᠭᠡᠬᠦ᠌᠎ᠶ᠋ᠢ ᠲᠡᠭᠦᠯᠳᠡᠷᠵᠢᠭᠦᠯᠵᠦ᠍᠂ ᠣᠷᠣᠱᠢᠨ ᠰᠠᠭᠤᠬᠤ ᠦᠨᠡᠮᠯᠡᠯ᠎ᠦᠨ ᠲᠠᠩᠰᠠᠯᠠᠯᠳᠠ ᠵᠢᠨ ᠪᠠᠢᠩᠭᠤ ᠰᠠᠭᠤᠭ᠎ᠠ ᠬᠥᠮᠦᠨ ᠠᠮᠠ ᠵᠢᠴᠢ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠢ ᠭᠤᠶᠤᠴᠢᠯᠠᠬᠤ᠂ ᠬᠠᠷᠭᠤᠭᠤᠯᠤᠨ ᠪᠠᠢᠴᠠᠭᠠᠬᠤ᠂ ᠵᠢᠭ᠍ᠰᠠᠭᠠᠬᠤ᠂ ᠭᠥᠷᠳᠡᠬᠦ᠌ ᠵᠡᠷᠭᠡ᠎ᠳᠦ ᠭᠡᠷᠡᠴᠢ ᠪᠠᠷᠢᠮᠲᠠ ᠪᠣᠯᠭᠠᠬᠤ ᠴᠢᠳᠠᠮᠵᠢ᠎ᠶ᠋ᠢ ᠨᠠᠩ ᠰᠠᠢᠨ ᠪᠠᠳᠠᠷᠠᠭᠤᠯᠤᠨ᠎ᠠ ᠭᠡᠵᠦ ᠳᠤᠳᠤᠷᠬᠠᠢᠯᠠᠪᠠ᠃
《ᠰᠠᠨᠠᠯ》᠎ᠳ᠋ᠤ᠂ ᠡᠯ᠎ᠡ ᠮᠤᠵᠢ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠢᠩᠭᠤ ᠰᠠᠭᠤᠭ᠎ᠠ ᠭᠠᠵᠠᠷ᠎ᠲᠤ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ ᠬᠠᠩᠭᠠᠬᠤ ᠵᠢ ᠬᠡᠷᠡᠭᠵᠢᠬᠦᠯᠵᠦ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠠᠵᠢᠯ᠎ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠠᠬᠢᠴᠠ᠎ᠶ᠋ᠢ ᠬᠢᠨᠠᠨ ᠬᠡᠮᠵᠢᠬᠦ᠌ ᠪᠠ ᠦᠨᠡᠯᠡᠨ ᠵᠢᠱ᠌ᠢᠵᠦ᠍ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠴᠢᠩᠭᠠᠳᠭᠠᠬᠤ ᠬᠡᠷᠡᠭ᠌ᠲᠡᠶ᠃ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠳ ᠡᠷᠦᠬᠡ ᠠᠮᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ ᠭᠥᠷᠳᠡᠬᠦ᠌᠎ᠶ᠋ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠬᠠᠮᠢᠶ᠎ᠠ ᠪᠥᠬᠥᠶ ᠲᠣᠭ᠍ᠲᠠᠭᠠᠯ᠎ᠳᠤ ᠴᠠᠭᠲᠤᠨᠢ ᠵᠣᠬᠢᠴᠠᠭᠤᠯᠤᠨ ᠲᠣᠬᠢᠷᠠᠭᠤᠯᠤᠯᠲᠠ ᠬᠢᠬᠦ᠌ ᠬᠡᠷᠡᠭ᠌ᠲᠡᠶ ᠭᠡᠵᠦ ᠱᠠᠭᠠᠷᠳᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 22᠎ᠤ᠋ᠨ ᠴᠠᠬᠢᠯᠭᠠᠨ ᠮᠡᠳᠡᠭᠡ)