ᠤᠢ᠍ᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠢᠨ 《ᠮᠥᠩᠭᠥᠨ ᠭᠦᠢᠯᠭᠡᠭᠡᠨᠢ᠋ᠢᠡᠷ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠳᠡᠮᠵᠢᠬᠦ᠌ ᠠᠷᠪᠠᠨ ᠵᠦᠢᠯ ᠤ᠋ᠨ ᠠᠷᠭ᠎ᠠ ᠬᠡᠮᠵᠢᠶ᠎ᠡ (2026 ᠣᠨ)》 (ᠳᠣᠷᠣᠭ᠍ᠰᠢ 《ᠮᠥᠩᠭᠥᠨ ᠭᠦᠢᠯᠭᠡᠭᠡᠨ᠎ᠦ ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠭᠡᠵᠦ᠍ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭᠠᠪᠠ᠃ 《ᠮᠥᠩᠭᠥᠨ ᠭᠦᠢᠯᠭᠡᠭᠡᠨ᠎ᠦ ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠨᠢ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠮᠥᠩᠭᠥᠨ ᠭᠦᠢᠯᠭᠡᠭᠡ᠂ ᠳᠠᠪᠠᠭᠤᠯᠢᠭ ᠤᠨᠴᠠᠯᠢᠬ᠍ᠳᠤ ᠠᠵᠤ ᠦᠢᠯᠡᠰ᠂ ᠣᠨ᠎ᠤ ᠭᠣᠣᠯᠳᠠᠯᠭ᠎ᠠ᠎ᠲᠠᠶ ᠡᠭᠦᠷᠭᠡ ᠵᠡᠷᠭᠡ 5 ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠪᠠᠨ ᠵᠦᠢᠯ ᠤ᠋ᠨ ᠪᠣᠳᠠᠲᠠᠢ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃
ᠠᠷᠪᠠᠨ ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠪᠣᠯ᠄ ᠨᠢᠭᠡ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠮᠥᠩᠭᠥᠨ ᠭᠦᠶ᠋ᠯᠭᠡᠭᠡᠨ᠎ᠦ ᠥᠭᠡᠷᠡᠴᠢᠯᠡᠯᠲᠡ᠎ᠶ᠋ᠢᠨ ᠱᠢᠨ᠎ᠡ᠎ᠶ᠋ᠢ ᠡᠭᠦᠳᠬᠦ᠌ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠴᠢᠯᠥᠭᠡᠲᠦ ᠠᠷᠠᠯᠵᠢᠶᠠᠨ᠎ᠤ ᠮᠥᠩᠭᠥᠨ ᠭᠦᠶ᠋ᠯᠭᠡᠭᠡᠨᠢ᠋ 10% ᠡᠴᠡ ᠳᠡᠭᠡᠭ᠌ᠰᠢ ᠨᠡᠮᠡᠭᠳᠡᠬᠦᠯᠬᠦ ᠶ᠋ᠢ ᠠᠬᠢᠭᠤᠯᠤᠨ᠎ᠠ᠃ ᠬᠢᠯᠢ ᠠᠯᠤᠰᠯᠠᠭ᠍ᠰᠠᠨ ᠪᠤᠳᠤᠯᠳᠡ ᠢ᠋ᠢᠨ ᠬᠦᠴᠤᠨ ᠤ᠋ᠦᠶ᠋ᠯᠡᠴᠢᠯᠡᠭᠡᠨᠦ ᠳ᠋ᠦᠩᠨᠡᠨ ᠪᠤᠳᠤᠬᠤ ᠵᠠᠭ᠍ᠪᠤᠷ᠎ᠢ ᠰᠦᠪᠡᠭ᠌ᠴᠢᠯᠡᠵᠦ᠍᠂ ᠳᠤᠮᠳᠠᠳᠤ ᠮᠣᠩᠭᠣᠯ᠎ᠤᠨ ᠬᠢᠯᠢ ᠠᠯᠤᠰᠯᠠᠭ᠍ᠰᠠᠨ ᠰᠢᠯᠵᠢᠮᠡᠯ ᠲᠣᠭᠠᠴᠠᠭ᠎ᠠ᠎ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠤᠨ᠎ᠠ᠃ ᠭᠠᠳᠠᠭᠠᠳᠤ᠎ᠳᠤ ᠬᠣᠯᠪᠣᠭ᠍ᠳᠠᠬᠰᠠᠨ ᠬᠤᠳᠠᠯᠳᠤᠭᠠᠨ᠎ᠤ ᠡᠮᠴᠢᠯᠡᠭᠡᠨ᠎ᠦ ᠳᠠᠭᠠᠳᠭᠠᠯ᠎ᠤᠨ ᠤᠢᠯᠡᠳᠬᠦ᠎ᠨᠢ ᠰᠦᠪᠡᠭ᠌ᠴᠢᠯᠡᠨ ᠨᠡᠭᠡᠭᠡᠨ ᠬᠥᠭ᠌ᠵᠢᠭᠦᠯᠦᠨ᠎ᠡ᠃ ᠬᠣᠶᠠᠷ᠂ ᠭᠣᠣᠯᠳᠠᠯᠭ᠎ᠠ᠎ᠲᠠᠶ ᠠᠵᠤ ᠦᠢᠯᠡᠰ᠎ᠢ ᠳᠡᠮᠵᠢᠬᠦ᠌ ᠡᠷᠴᠢᠮ᠎ᠢᠶᠡᠨ ᠴᠢᠡᠭᠭᠠᠷᠠᠭᠤᠯᠤᠨᠠ᠃ ᠮᠠᠯ ᠠᠵᠤ ᠠᠬᠤᠶ᠎ᠲᠠᠷᠢᠶᠠᠯᠠᠩ ᠤ᠋ᠨ ᠬᠦᠷᠢᠶᠡᠨ᠎ᠳ᠋ᠡᠬᠢ ᠮᠥᠩᠭᠥᠨ ᠭᠦᠶ᠋ᠯᠭᠡᠭᠡᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠪᠥᠬᠥ᠌ ᠣᠷᠣᠨ᠎ᠤ ᠮᠠᠯ ᠠᠵᠤ ᠠᠬᠤᠶ ᠲᠠᠷᠢᠶᠠᠯᠠᠨᠭ᠌ ᠤ᠋ᠨ ᠵᠢᠭᠡᠯᠡᠯᠭᠡᠢ᠋ᠢᠨ ᠢᠳᠡᠬᠡᠮᠵᠢ ᠢ᠋ᠢ ᠵᠠᠭᠤᠨ ᠳ᠋ᠦᠩᠱᠢᠭᠤᠷ ᠲᠥᠭᠥᠷᠢᠭ᠎ᠢ ᠲᠠᠪᠠᠭᠤᠯᠤᠨᠡ᠃ ᠡᠯᠡᠰᠦᠨ ᠴᠦᠯ ᠭᠤᠪᠢ ᠨᠤᠳᠤᠭ ᠴᠦᠯᠯᠡᠷᠬᠡᠭ ᠭᠠᠵᠠᠷ ᠤ᠋ᠨ ᠲᠣᠮᠣ ᠰᠠᠭᠤᠷᠢᠨ ᠳ᠋ᠤ᠌ ᠮᠢᠩᠭᠠᠨ ᠳ᠋ᠦᠩᠱᠢᠭᠤᠷ ᠲᠥᠭᠥᠷᠢᠭ᠎ᠦᠨ ᠢᠲᠡᠭᠡᠮᠵᠢ ᠣᠯᠭᠣᠬᠤ ᠠᠵᠢᠯᠯᠠᠭ᠎ᠠ᠎ᠶ᠋ᠢ ᠥᠷᠨᠢᠭᠦᠯᠵᠦ᠍᠂ ᠡᠨᠧᠷᠭᠢ᠎ᠶ᠋ᠢᠨ ᠲᠥᠷᠥᠯ᠎ᠦᠨ ᠠᠵᠤ ᠠᠬᠤᠢᠯᠠᠯ᠎ᠳᠤ ᠰᠢᠨ᠎ᠡ ᠪᠡᠷ ᠤᠯᠭᠤᠬᠤ ᠢᠳᠡᠬᠡᠮᠵᠢ ᠢ᠋ᠢ 500 ᠳ᠋ᠦᠩᠱᠢᠭᠤᠷ ᠲᠥᠭᠥᠷᠢᠭ᠎ᠡᠴᠡ ᠲᠤᠤᠷ᠎ᠡ ᠪᠠᠢᠯᠭᠠᠬᠤ ᠦᠬᠡᠢ ᠪᠠᠢᠵᠤ᠂ ᠬᠣᠪᠣᠷ ᠱᠢᠷᠣᠶ᠎ᠶ᠋ᠢᠨ ᠲᠥᠷᠥᠯ᠎ᠦᠨ ᠠᠵᠤ ᠠᠬᠤᠢᠯᠠᠯ᠎ᠤᠨ ᠪᠠᠯᠠ ᠬᠤᠷᠠᠮᠳᠤᠭᠤᠯᠭ᠎ᠠ᠎ᠶ᠋ᠢ 10% ᠨᠡᠮᠡᠭ᠌ᠳᠡᠭᠦᠯᠦᠨ᠎ᠡ᠃ ᠭᠤᠷᠪᠠ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠤᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠭᠡᠯᠡᠯᠭᠡ᠎ᠶ᠋ᠢ 800 ᠳ᠋ᠦᠩᠱᠢᠭᠤᠷ ᠲᠥᠭᠥᠷᠢᠭ ᠱᠢᠨ᠎ᠡ᠎ᠪᠡᠷ ᠨᠡᠮᠡᠭ᠌ᠳᠡᠭᠦᠯᠬᠦ᠌ ᠢ᠋ᠢ ᠠᠬᠢᠭᠤᠯᠵᠤ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠦᠢᠯᠡᠳᠬᠦᠨ ᠢ᠋ ᠱᠢᠨᠡᠴᠢᠯᠠᠵᠤ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠦᠮᠴᠢᠯᠡᠯ ᠤ᠋ᠨ ᠡᠷᠬᠡ ᠵᠡᠷᠭᠡ ᠳᠠᠭᠠᠳᠭᠠᠯ᠎ᠤᠨ ᠦᠢᠯᠡᠳᠬᠦᠨ ᠪᠠ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ ᠥᠷᠭᠡᠳᠭᠡᠨ᠎ᠡ᠃ ᠳᠥᠷᠪᠡ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠬᠤ᠎ᠶ᠋ᠢ ᠳᠡᠮᠵᠢᠵᠦ᠍᠂ ᠪᠥᠬᠥ᠌ ᠵᠢᠯ᠎ᠳᠦ ᠲᠠᠷᠬᠠᠭᠠᠬᠤ ᠬᠡᠪᠴᠢᠶ᠎ᠡ ᠢ᠋ᠢ ᠨᠡᠢᠲᠡ 500 ᠳ᠋ᠦᠩᠱᠢᠭᠤᠷ ᠲᠥᠭᠥᠷᠢᠭ ᠲᠦ᠍ ᠬᠦᠷᠬᠡᠵᠤ᠂ ᠥᠯᠥ᠍ ᠬᠥᠳᠡᠯᠬᠦ᠌ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠢᠲᠡᠭᠡᠮᠵᠢᠲᠦ ᠰᠠᠭᠤᠷᠢ ᠮᠥᠩᠭᠥ᠌(REITs )᠂ ᠡᠳ᠋ ᠬᠥᠷᠥᠩᠭᠡᠢ᠋ᠢᠨ ᠲᠡᠮᠵᠢᠯᠬᠡ ᠢ᠋ᠢᠨ ᠲᠡᠮᠳᠡᠭ᠌ᠲᠦ (ABS) ᠵᠡᠷᠭᠡ ᠪᠠᠭᠠᠵᠢ᠎ᠶ᠋ᠢ ᠭᠦᠶ᠋ᠴᠡᠳ ᠬᠡᠷᠡᠭ᠌ᠯᠡᠵᠦ᠍᠂ 1 ᠡᠴᠡ ᠳᠡᠭᠡᠭ᠌ᠰᠢᠬᠢ ᠲᠥᠷᠥᠯ ᠵᠦᠶ᠋ᠯ᠎ᠢ ᠰᠲ᠋ᠤᠺ ᠢ᠋ᠢᠡᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠠᠬᠢᠭᠤᠯᠤᠨ᠎ᠠ᠃ ᠲᠠᠪᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠪᠦᠲᠦᠴᠡ᠎ᠶ᠋ᠢᠨ ᠴᠢᠨᠠᠷᠲᠠᠶ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠰᠠᠢᠲᠤᠷ ᠬᠡᠷᠡᠭ᠌ᠯᠡᠬᠦ᠌᠎ᠶ᠋ᠢ ᠠᠬᠢᠭᠤᠯᠵᠤ᠂ 500 ᠳ᠋ᠦᠩᠱᠢᠭᠤᠷ ᠲᠥᠭᠥᠷᠢᠭ᠎ᠦᠨ ᠳᠠᠬᠢᠨ ᠵᠢᠭᠡᠯᠡᠯᠭᠡ᠎ᠶ᠋ᠢᠨ ᠪᠠᠯᠠ ᠮᠥᠩᠭᠥ᠎ᠶ᠋ᠢ ᠬᠡᠷᠡᠭᠯᠡᠬᠡᠨ ᠳ᠋ᠤ᠌ ᠤᠷᠤᠭᠤᠯᠤᠨ᠎ᠡ᠃ ᠵᠢᠷᠭᠤᠭ᠎ᠠ᠂ ᠪᠦᠬᠡᠮ ᠲᠠᠸᠠᠷ ᠤ᠋ᠨ ᠢᠳᠡᠬᠡᠮᠵᠢ ᠢ᠋ᠢᠨ ᠲᠡᠮᠳᠡᠭᠳᠤ ᠳ᠋ᠤ᠌ ᠵᠠᠭᠤᠨ ᠳ᠋ᠦᠨᠭᠰᠢᠭᠤᠷ ᠲᠦᠬᠦᠷᠢᠭ ᠤ᠋ᠨ ᠲᠦᠯᠦᠪᠯᠡᠬᠡ ᠢ᠋ᠢ ᠬᠡᠷᠡᠭᠵᠢᠬᠦᠯᠵᠤ᠂ ᠪᠠᠨᠭᠬᠢ ᠢ᠋ᠢᠨ ᠤᠢᠯᠡᠰ ᠤ᠋ᠨ ᠮᠦᠨᠭᠬᠦᠨ ᠬᠦᠢᠯᠬᠡᠬᠡᠨ ᠤ᠋ ᠪᠠᠢᠭᠤᠯᠤᠮᠵᠢ ᠡᠴᠡ ᠪᠦᠬᠡᠮ ᠲᠠᠸᠠᠷ ᠤ᠋ᠨ ᠠᠵᠤ ᠠᠬᠤᠢᠯᠡᠯ ᠳ᠋ᠤ᠌ ᠤᠯᠭᠤᠬᠤ ᠲᠤᠰᠬᠠᠢ ᠵᠦᠢᠯ ᠤ᠋ᠨ ᠢᠳᠡᠬᠡᠮᠵᠢ ᠢ᠋ᠢ 100 ᠳ᠋ᠦᠨᠭᠰᠢᠭᠤᠷ ᠲᠦᠬᠦᠷᠢᠭ ᠢ᠋ ᠲᠠᠪᠠᠭᠤᠯᠬᠤ ᠪᠡᠷ ᠴᠢᠷᠮᠠᠢᠨ᠎ᠡ᠃ ᠳᠣᠯᠣᠭ᠎ᠠ᠂ ᠪᠥᠬᠥ᠌ ᠣᠷᠣᠨ᠎ᠤ ᠵᠠᠰᠠᠭ᠎ᠤᠨ ᠣᠷᠳᠣᠨ᠎ᠤ ᠬᠥᠲᠥᠯᠦᠨ ᠵᠢᠯᠣᠭᠣᠳᠭᠤ ᠰᠠᠭᠤᠷᠢ ᠮᠥᠩᠭᠥ᠎ᠶ᠋ᠢᠨ ᠶᠡᠷᠦᠩᠬᠡᠶ ᠬᠡᠪᠴᠢᠶ᠎ᠡ᠎ᠶ᠋ᠢ 50 ᠳ᠋ᠦᠩᠱᠢᠭᠤᠷ ᠲᠥᠭᠥᠷᠢᠭ᠎ᠲᠦ ᠬᠦᠷᠬᠡᠬᠦ ᠶ᠋ᠢ ᠠᠬᠢᠭᠤᠯᠤᠨ᠎ᠠ᠃ ᠨᠠᠶ᠋ᠮᠠ᠂ 《ᠠᠵᠢᠨᠠᠢ ᠲᠥᠯᠥᠪᠯᠡᠭᠡ》᠎ᠶ᠋ᠢ ᠬᠦᠴᠦᠯᠡᠨ ᠠᠬᠢᠭᠤᠯᠵᠤ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠦᠶ᠋ᠯᠡᠴᠢᠯᠡᠭᠡᠨ᠎ᠦ ᠰᠠᠷ᠎ᠠ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠵᠢᠯ᠎ᠦᠨ ᠳᠣᠲᠣᠷ᠎ᠠ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠬᠤ ᠠᠵᠤ ᠠᠬᠤᠢᠯᠠᠯ᠎ᠢ 1 —2 ᠱᠢᠨ᠎ᠡ᠎ᠪᠡᠷ ᠨᠡᠮᠡᠭ᠌ᠳᠡᠭᠦᠯᠵᠦ᠍᠂ ᠰᠲ᠋ᠣᠺ᠎ᠢᠶᠠᠨ ᠵᠠᠬ᠎ᠠ ᠳᠡᠯᠭᠡᠭᠦᠷ᠎ᠲᠦ ᠭᠠᠷᠭᠠᠬᠤ ᠪᠡᠯᠡᠳᠬᠡᠯ ᠠᠵᠤ ᠠᠬᠤᠢᠯᠠᠯ᠎ᠢ 10 ᠢ᠋ᠢ ᠲᠠᠪᠠᠭᠤᠯᠤᠨᠡ᠃ ᠶᠢᠰᠦ᠂ ᠲᠠᠷᠢᠶᠠᠯᠠᠩ᠎ᠤᠨ ᠳᠠᠭᠠᠳᠭᠠᠯ᠎ᠤᠨ ᠣᠨᠣᠪᠴᠢᠲᠠᠶ᠎ᠪᠠᠷ ᠲᠦᠯᠦᠪᠤᠷᠢ ᠦᠭᠬᠦ ᠬᠠᠮᠤᠷᠬᠤ ᠬᠡᠪᠴᠢᠶ᠎ᠡ᠎ᠶ᠋ᠢ ᠳᠡᠭᠡᠭ᠌ᠰᠢᠯᠡᠭᠦᠯᠵᠦ᠍᠂ ᠲᠦᠯᠦᠪᠤᠷᠢ ᠦᠭᠬᠦ ᠭᠦᠶ᠋ᠴᠡᠳᠭᠡᠯ ᠲᠣᠭ᠎ᠠ᠎ᠶ᠋ᠢ ᠳᠠᠭᠠᠳᠭᠠᠯ᠎ᠤᠨ ᠪᠠᠢᠭᠤᠯᠤᠮᠵᠢ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠦᠨᠡᠯᠡᠬᠦ᠌ ᠱᠢᠰᠲ᠋ᠧᠮ᠎ᠳᠦ ᠤᠷᠤᠭᠤᠯᠤᠨ᠎ᠡ᠃ ᠶᠡᠬᠡ ᠭᠠᠮᠱᠢᠭ ᠲᠦ᠍ ᠲᠦᠯᠦᠪᠤᠷᠢ ᠦᠭᠬᠦ ᠰᠠᠭᠠᠳ ᠥᠭᠡᠢ ᠨᠡᠪᠲᠡᠷᠡᠬᠦ᠌ ᠵᠠᠮ ᠢ᠋ ᠪᠠᠢᠭᠤᠯᠤᠨ᠂ ᠲᠠᠷᠢᠶᠠᠯᠠᠩ ᠤ᠋ᠨ ᠳᠠᠭᠠᠳᠭᠠᠯ ᠤ᠋ᠨ ᠲᠦᠯᠦᠪᠤᠷᠢ ᠦᠭᠬᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨᠡ᠃ ᠠᠷᠪᠠ᠂ ᠵᠢᠭᠡᠯᠡᠭᠦᠯᠬᠦ᠌ ᠶᠣᠰᠣᠲᠠᠶ ᠳ᠋ᠤᠨᠢ ᠵᠠᠪᠠᠯ ᠵᠢᠭᠡᠯᠡᠭᠦᠯᠬᠦ᠌ ᠵᠠᠷᠴᠢᠮ ᠶᠣᠰᠣᠭᠠᠷ ᠡᠳ᠋᠎ᠦᠨ ᠵᠠᠰᠠᠭ ᠮᠥᠩᠭᠥᠨ ᠭᠦᠶ᠋ᠯᠭᠡᠭᠡ ᠬᠠᠮᠵᠢᠯᠴᠠᠨ ᠥᠷᠢ ᠥᠭ᠌ᠴᠡᠭᠡ᠎ᠶ᠋ᠢ ᠰᠢᠢᠳᠪᠤᠷᠢᠯᠡᠬᠦ ᠠᠵᠢᠯ᠎ᠤᠨ ᠡᠷᠴᠢᠮ᠎ᠢ ᠴᠢᠩᠭᠠᠷᠠᠭᠤᠯᠤᠨ᠎ᠡ᠃
《〈ᠮᠥᠩᠭᠥᠨ ᠭᠦᠢᠯᠭᠡᠭᠡᠨ᠎ᠦ ᠠᠷᠪᠠᠨ ᠵᠦᠢᠯ ᠤ᠋ᠨ ᠠᠷᠭ᠎ᠠ ᠬᠡᠮᠵᠢᠶ᠎ᠡ〉 ᠵᠢᠨ ᠵᠣᠷᠢᠯᠭ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠡ ᠶ᠋ᠢᠨ 〈1571〉 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠦᠢᠯᠡᠴᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠶᠤᠮ᠃ ᠪᠠᠢᠴᠠᠭᠠᠨ ᠰᠤᠳᠤᠯᠤᠯᠲᠠ᠎ᠶ᠋ᠢᠨ ᠳᠤᠮᠳᠠ ᠠᠵᠤ ᠠᠬᠤᠢᠯᠠᠯ᠎ᠤᠨ ᠲᠤᠰᠭᠠᠭ᠍ᠰᠠᠨ ᠪᠠᠯᠠ ᠬᠤᠷᠠᠮᠳᠤᠭᠤᠯᠭ᠎ᠠ᠎ᠶ᠋ᠢᠨ ᠲᠦᠭ᠌ᠵᠢᠷᠡᠯ ᠴᠡᠭ ᠬᠣᠷᠢᠭ᠎ᠠ ᠴᠡᠭ ᠵᠢᠴᠢ ᠠᠢᠮᠠᠭ ᠬᠣᠲᠠ᠎ᠶ᠋ᠢᠨ ᠳᠤᠷᠠᠳᠤᠭ᠍ᠰᠠᠨ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢᠶᠠᠷ ᠭᠤᠤᠯᠳᠠᠭᠤᠯᠵᠤ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠬᠡᠷᠡᠭ᠌ᠵᠢᠭᠦᠯᠵᠦ᠍᠂ ᠬᠠᠨᠳᠤᠯᠭᠠᠲᠤ ᠴᠢᠨᠠᠷᠲᠠᠶ᠎ᠪᠠᠷ ᠬᠦᠴᠦᠯᠡᠵᠦ᠍᠂ ᠮᠥᠩᠭᠥᠨ ᠭᠦᠶ᠋ᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌ ᠬᠦᠴᠢᠷ ᠠᠰᠠᠭᠤᠳᠡᠯ ᠢ᠋ ᠬᠦᠴᠦᠯᠡᠨ ᠱᠢᠶ᠋ᠳᠪᠦᠷᠢᠯᠡᠨ᠎ᠡ》ᠬᠡᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠮᠢᠶ᠎ᠡ ᠪᠥᠬᠥᠶ ᠬᠠᠷᠢᠭᠤᠴᠠᠯᠭᠠᠲᠠᠨ ᠡᠴᠡ ᠲᠠᠨᠢᠯᠴᠠᠭᠤᠯᠵᠤ ᠪᠠᠢᠯ᠎ᠡ᠃