ᠥᠪᠥᠷ ᠮᠣᠩᠭᠣᠯ᠎ᠤᠨ ᠴᠠᠭ᠍ᠳᠠᠭᠠᠨ᠎ᠤ ᠳᠡᠭᠡᠳᠦ ᠰᠤᠷᠭᠠᠭᠤᠯᠢ 2 ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠨᠡᠮᠡᠨ ᠲᠤᠬᠢᠷᠠᠭᠤᠯᠵᠠᠢ
2026-05-25 11:18:52
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ ᠡᠴᠨ 2025 ᠣᠨ᠎ᠤ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠳᠠᠩᠰᠠᠯᠠᠭᠤᠯᠤᠭ᠍ᠰᠠᠨ ᠪᠠ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠢ ᠨᠡᠢᠲᠡᠯᠡᠪᠡ᠃ ᠡᠭᠦᠨ᠎ᠳᠦ ᠥᠪᠥᠷ ᠮᠣᠩᠭᠣᠯ᠎ᠤᠨ ᠴᠠᠭ᠍ᠳᠠᠭᠠᠨ᠎ᠤ ᠳᠡᠭᠡᠳᠦ ᠰᠤᠷᠭᠠᠭᠤᠯᠢ ᠨᠢ ᠡᠷᠡᠭᠦᠦ᠍᠎ᠶ᠋ᠢᠨ ᠬᠡᠷᠡᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠠᠭ᠍ᠳᠠᠭᠠᠨ᠎ᠤ ᠶᠠᠪᠤᠳᠠᠯ᠎ᠤᠨ ᠵᠢᠯᠣᠭᠣᠳᠣᠯᠭ᠎ᠠ ᠪᠠ ᠪᠠᠢᠯᠳᠤᠬᠤ ᠠᠷᠭ᠎ᠠ ᠭᠡᠬᠦ᠌ ᠬᠣᠶᠠᠷ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠠᠮᠵᠢᠯᠲᠠ᠎ᠲᠠᠶ᠎ᠪᠠᠷ ᠨᠡᠮᠡᠵᠦ᠍ ᠲᠤᠬᠢᠷᠠᠭᠤᠯᠵᠤ᠂ 2026 ᠣᠨ᠎ᠳᠤ ᠵᠢᠩᠬᠢᠨᠢ᠎ᠪᠡᠷ ᠰᠣᠷᠣᠭ᠍ᠴᠢ ᠡᠯᠰᠡᠬᠦ᠌ ᠪᠣᠯᠤᠨ᠎ᠠ᠃ ᠲᠣᠰ ᠤᠳᠠᠭ᠎ᠠ ᠵᠢᠨ ᠱᠢᠨ᠎ᠡ᠎ᠪᠡᠷ ᠨᠡᠮᠡᠭ᠌ᠳᠡᠭᠦᠯᠦᠭᠰᠡᠨ ᠲᠤᠰᠭᠠᠶ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠵᠣᠯᠭᠠᠯᠴᠠᠭᠤᠯᠤᠨ᠂ ᠳᠣᠲᠣᠭᠠᠳᠤ᠎ᠶ᠋ᠢ ᠬᠠᠮᠠᠭᠠᠯᠠᠬᠤ ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌ ᠲᠠᠰ ᠳᠠᠪᠬᠤᠷᠭ᠎ᠠ᠎ᠶ᠋ᠢ ᠳᠡᠭᠡᠭ᠌ᠰᠢᠯᠡᠭᠦᠯᠬᠦ᠌ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠪᠣᠯᠤᠨ᠎ᠠ᠃

ᠣᠢᠷ᠎ᠠ᠎ᠶ᠋ᠢᠨ ᠵᠢᠯ᠎ᠡᠴᠡ ᠦᠪᠦᠷ ᠮᠤᠩᠭᠤᠯ ᠤ᠋ᠨ ᠴᠠᠬᠳᠠᠭᠠᠨ ᠤ᠋ ᠳᠡᠭᠡᠳᠦ ᠰᠤᠷᠭᠠᠭᠤᠯᠢ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠬᠥᠳᠡᠯᠦᠩᠭᠦᠶ ᠲᠣᠬᠢᠷᠠᠭᠤᠯᠤᠯᠲᠠ᠂ ᠠᠭᠤᠯᠤᠭ᠍ᠳᠠᠬᠤᠨ᠎ᠤ ᠪᠠᠢᠭᠤᠯᠤᠯᠲᠠ ᠪᠡᠷ  ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ ᠎ᠶ᠋ᠢ ᠦᠷᠭᠦᠯᠵᠢᠯᠡᠨ ᠠᠬᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ ᠭᠤᠤᠯ ᠪᠣᠯᠬᠤ ᠲᠤᠰᠭᠠᠶ ᠮᠡᠷᠭᠡᠵᠢᠯ᠎ᠦᠨ ᠳᠠᠪᠠᠭᠤᠯᠢᠭ ᠵᠢᠡᠷ ᠲᠣᠪᠣᠢᠮ᠎ᠠ᠂ ᠰᠣᠯᠪᠢᠴᠠᠨ ᠠᠭᠤᠰᠤᠯᠴᠠᠭ᠍ᠰᠠᠨ ᠣᠨᠴᠠᠯᠢᠭ᠎ᠢᠶᠠᠷ ᠢᠯᠡ ᠲᠣᠳᠣ ᠲᠤᠰᠭᠠᠶ ᠮᠡᠷᠭᠡᠵᠢᠯ᠎ᠦᠨ ᠱᠢᠰᠲ᠋ᠧᠮ᠎ᠢ ᠬᠦᠴᠦᠯᠡᠨ ᠪᠠᠢᠭᠤᠯᠪᠠ᠃ ᠣᠳᠣᠬᠠᠨ᠎ᠳᠤ  ᠦᠪᠦᠷ ᠮᠤᠩᠭᠤᠯ ᠤ᠋ᠨ ᠴᠠᠬᠳᠠᠭᠠᠨ ᠤ᠋ ᠳᠡᠭᠡᠳᠦ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ ᠨᠢᠭᠡᠨᠲᠡ 6 ᠪᠣᠯᠤᠨ ᠨᠡᠮᠡᠭ᠌ᠳᠡᠵᠦ᠍᠂ ᠲᠠᠩᠨᠠᠨ  ᠪᠠᠢᠴᠠᠭᠠᠬᠤ ᠤᠬᠠᠭᠠᠨ᠂ ᠠᠮᠤᠷ᠎ᠢ ᠬᠠᠮᠠᠭᠠᠯᠠᠬᠤ ᠤᠬᠠᠭᠠᠨ᠂ ᠰᠦᠯᠵᠢᠶᠡᠨ᠎ᠦ ᠠᠮᠤᠷ ᠲᠦᠪᠱᠢᠨ ᠬᠢᠭᠡᠳ ᠬᠠᠤᠯᠢ ᠬᠡᠷᠡᠭ᠌ᠵᠢᠭᠦᠯᠦᠯᠲᠡ᠂ ᠡᠷᠡᠭᠦᠦ᠍᠎ᠶ᠋ᠢᠨ ᠬᠡᠷᠡᠭ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠠᠭ᠍ᠳᠠᠭᠠᠨ᠎ᠤ ᠶᠠᠪᠤᠳᠠᠯ᠎ᠤᠨ ᠵᠢᠯᠣᠭᠣᠳᠣᠯᠭ᠎ᠠ ᠬᠢᠭᠡᠳ ᠪᠠᠢᠯᠳᠤᠬᠤ ᠠᠷᠭ᠎ᠠ ᠵᠡᠷᠭᠡ ᠳᠣᠲᠣᠭᠠᠳᠤ᠎ᠶ᠋ᠢ ᠬᠠᠮᠠᠭᠠᠯᠠᠬᠤ 5 ᠭᠤᠤᠯ ᠪᠣᠯᠬᠤ ᠲᠤᠰᠭᠠᠶ ᠮᠡᠷᠭᠡᠵᠢᠯ ᠵᠢᠴᠢ ᠬᠠᠤᠯᠢ᠎ᠶ᠋ᠢᠨ ᠤᠬᠠᠭᠠᠨ᠎ᠤ ᠲᠤᠰᠭᠠᠶ ᠮᠡᠷᠭᠡᠵᠢᠯ᠎ᠢ ᠬᠠᠮᠤᠷᠴᠠᠢ᠃

ᠲᠠᠷᠠᠭᠠᠴᠢ᠎ᠶ᠋ᠢᠨ ᠠᠯᠬᠤᠮ᠎ᠳᠤ ᠥᠪᠥᠷ ᠮᠣᠩᠭᠣᠯ᠎ᠤᠨ ᠴᠠᠭ᠍ᠳᠠᠭᠠᠨ᠎ᠤ ᠳᠡᠭᠡᠳᠦ ᠰᠤᠷᠭᠠᠭᠤᠯᠢ ᠱᠢᠨ᠎ᠡ᠎ᠪᠡᠷ ᠨᠡᠮᠡᠭ᠌ᠳᠡᠭ᠌ᠰᠡᠨ ᠲᠤᠰᠭᠠᠶ ᠮᠡᠷᠭᠡᠵᠢᠯ᠎ᠢᠶᠡᠷ ᠱᠢᠨ᠎ᠡ ᠭᠠᠷᠤᠭ᠎ᠠ ᠪᠣᠯᠭᠠᠵᠤ᠂ ᠳᠣᠲᠣᠭᠠᠳᠤ᠎ᠶ᠋ᠢ ᠬᠠᠮᠠᠭᠠᠯᠠᠬᠤ ᠶᠡᠬᠡ ᠳᠡᠭᠡᠳᠦ ᠰᠤᠷᠭᠠᠭᠤᠯᠢ᠎ᠶ᠋ᠢᠨ ᠪᠣᠳᠠᠲᠤ ᠪᠠᠢ᠌ᠯᠳᠤᠭᠠᠨᠴᠢᠯᠠᠭ᠍ᠰᠠᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠤᠰᠭᠠᠶ ᠮᠡᠷᠭᠡᠵᠢᠯ᠎ᠦᠨ ᠪᠠᠭ᠍ᠰᠢ᠎ᠶ᠋ᠢᠨ ᠡᠩᠨᠡᠬᠡ ᠵᠢ ᠪᠠᠢᠭᠤᠯᠤᠨ ᠬᠦᠴᠦᠷᠬᠡᠭ᠌ᠵᠢᠭᠦᠯᠵᠦ᠍᠂ ᠬᠢᠴᠢᠶᠡᠯ᠎ᠦᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠴᠢᠳᠠᠪᠤᠷᠢᠲᠠᠨ᠎ᠢ ᠬᠥᠮᠦᠵᠢᠭᠦᠯᠬᠦ᠌ ᠶᠠᠰᠤ ᠴᠢᠨᠠᠷ ᠪᠠ ᠰᠤᠷᠭᠠᠭᠤᠯᠢ ᠡᠷᠭᠢᠯᠡᠬᠦ᠌ ᠲᠦᠪᠱᠢᠨ᠎ᠢ ᠲᠠᠰᠤᠷᠠᠯᠲᠠ ᠥᠬᠡᠶ ᠲᠡᠭᠡᠭᠰᠢᠯᠡᠬᠦᠯᠬᠦ ᠪᠡᠷ ᠴᠢᠷᠮᠠᠢᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号