ᠰᠤᠷᠭᠠᠭᠤᠯᠢ᠎ᠶᠢᠨ ᠬᠦᠷᠢᠶᠡᠨ᠎ᠦ ᠨᠡᠭᠡᠭᠡᠯᠲᠡ᠎ᠶᠢᠨ ᠡᠳᠦᠷ᠎ᠤᠨ ᠠᠵᠢᠯᠯᠠᠭ᠎ᠠ ᠶᠠᠪᠤᠬᠳᠠᠪᠠ
2026-05-25 11:22:58
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 16᠎ᠤ᠋ ᠡᠳᠦᠷ᠂ ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ 2026 ᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ ᠵᠢᠴᠢ ᠰᠤᠷᠭᠠᠭᠤᠯᠢ᠎ᠶᠢᠨ ᠬᠦᠷᠢᠶᠡᠨ᠎ᠦ ᠨᠡᠭᠡᠭᠡᠯᠲᠡ᠎ᠶᠢᠨ ᠡᠳᠦᠷ᠎ᠦᠨ ᠠᠵᠢᠯᠯᠠᠭ᠎ᠠ ᠥᠷᠨᠢᠭᠦᠯᠵᠦ᠂ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ ᠵᠢᠡᠨ ᠲᠥᠪᠯᠡᠷᠡᠭᠦᠯᠦᠨ ᠳᠡᠯᠭᠡᠨ ᠦᠵᠡᠭᠦᠯᠪᠡ᠃

ᠨᠡᠭᠡᠭᠡᠯᠲᠡ ᠶ᠋ᠢᠨ ᠡᠳᠦᠷ᠎ᠤᠨ ᠠᠵᠢᠯᠯᠠᠭ᠎ᠠ ᠨᠢ ᠪᠠᠭ᠍ᠰᠢ ᠰᠤᠷᠤᠭ᠍ᠴᠢᠳ᠎ᠢᠶᠠᠷ ᠪᠦᠷᠢᠯᠳᠦᠭᠰᠡᠨ ᠬᠥᠭᠵᠢᠮ᠎ᠦᠨ ᠠᠩᠭᠢ ᠵᠢᠨ ᠬᠦᠭᠵᠢᠮ 《ᠢᠳᠡᠬᠡᠯ》 ᠵᠢᠡᠷ ᠬᠥᠰᠢᠭᠡ᠎ᠪᠡᠨ ᠰᠡᠬᠦᠵᠦ ᠪᠠᠶᠠᠯᠢᠭ ᠠᠭᠤᠯᠭ᠎ᠠ ᠳᠠᠢ ᠶᠠᠪᠤᠭᠳᠠᠭᠰᠠᠨ ᠪᠠᠢᠨ᠎ᠠ᠃ ᠠᠵᠢᠯᠯᠠᠭ᠎ᠠ ᠡᠴᠡ ᠤᠢᠯᠠᠭᠠᠭᠰᠠᠨ ᠵᠢᠡᠷ᠂ ᠲᠤᠰ ᠰᠤᠷᠭᠠᠭᠤᠯᠢ ᠵᠢᠨ ᠬᠢᠨ ᠰᠢᠩᠭᠠᠫᠤᠷ᠎ᠤᠨ ᠰᠲ᠋ᠠᠨᠹᠤᠷᠲ ᠳᠡᠭᠡᠳᠦ ᠰᠤᠷᠭᠠᠭᠤᠯᠢ (ᠠᠩᠭ᠌ᠯᠢ᠎ᠶᠢᠨ ᠯᠤᠨᠳᠤᠨ ᠬᠣᠲᠠ᠎ᠶᠢᠨ ᠶᠡᠬᠡ ᠰᠤᠷᠭᠠᠭᠤᠯᠢ᠎ᠶᠢᠨ ᠰᠢᠩᠭᠠᠫᠤᠷ᠎ᠲᠤ᠌ ᠬᠢᠴᠢᠶᠡᠯᠯᠡᠬᠦ ᠰᠤᠷᠭᠠᠭᠤᠯᠢ᠎ᠶᠢᠨ ᠲᠣᠭᠣᠷᠢᠭ᠋) ᠲᠠᠢ ᠬᠠᠮᠲᠤᠷᠠᠨ ᠠᠵᠢᠯᠯᠠᠵᠤ᠂ 《ᠰᠢᠯᠢᠳᠡᠭ ᠰᠣᠷᠣᠭ᠍ᠴᠢ᠎ᠶᠢᠨ ᠢᠷᠡᠯᠲᠡ᠎ᠶᠢᠨ ᠰᠠᠭᠤᠷᠢᠨ》 ᠢ᠋ ᠬᠠᠮᠲᠤ᠎ᠪᠠᠷ ᠪᠠᠢᠭᠤᠯᠵᠤ᠂ ᠰᠣᠷᠣᠭ᠍ᠴᠢ᠎ᠶᠢ 《3+4》 ᠵᠢᠨ ᠵᠠᠭᠪᠤᠷ᠎ᠢᠶᠠᠷ ᠰᠢᠩᠭᠠᠫᠤᠷ᠎ᠤᠨ ᠵᠢᠩᠬᠢᠨᠢ ᠠᠩᠭᠢ᠎ᠳᠤ ᠰᠢᠭᠤᠳ ᠳᠡᠪᠰᠢᠭᠦᠯᠵᠦ ᠰᠤᠷᠤᠯᠴᠠᠭᠤᠯᠬᠤ ᠪᠡᠷ ᠪᠠᠢᠨ᠎ᠠ᠃ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠲᠠᠯ᠎ᠠ᠎ᠪᠠᠷ᠂ ᠰᠤᠷᠭᠠᠭᠤᠯᠢ᠎ᠶᠢᠨ ᠵᠢᠯᠣᠭᠣᠴᠢ ᠦᠭᠡᠢ ᠨᠢᠰᠬᠡᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ ᠨᠢ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠤᠭᠤᠮᠳᠠ ᠰᠢᠪᠲᠤᠯᠬᠤ》 ᠲᠥᠷᠥᠯ ᠵᠦᠢᠯ᠎ᠳᠦ ᠣᠷᠣᠵᠤ᠂ ᠠᠵᠤ ᠠᠬᠤᠢᠯᠠᠯ᠎ᠲᠠᠢ ᠬᠠᠮᠲᠤᠷᠠᠨ ᠰᠤᠳᠤᠯᠤᠨ ᠨᠡᠭᠡᠭᠡᠭᠰᠡᠨ ᠪᠥᠬᠥ ᠳᠡᠯᠡᠬᠡᠢ᠎ᠶᠢᠨ ᠠᠩᠬᠠᠳᠠᠭ᠍ᠴᠢ ᠤᠰᠤᠲᠥ᠋ᠷᠥᠭᠴᠢ ᠡᠨᠧᠷᠭᠢ᠎ᠶᠢᠨ ᠬᠥᠳᠡᠯᠭᠡᠬᠦ ᠬᠦᠴᠦᠨᠳᠤ ᠡᠭᠴᠡ ᠨᠢᠰᠴᠦ ᠪᠠᠭᠤᠬᠤ ᠵᠢᠯᠣᠭᠣᠴᠢ ᠦᠭᠡᠢ ᠨᠢᠰᠬᠡᠯ᠎ᠦᠨ ᠠᠩᠬᠠᠨ᠎ᠤ ᠨᠢᠰᠦᠯᠲᠡ ᠵᠢ ᠠᠮᠵᠢᠯᠳᠠ ᠳᠠᠢ ᠪᠡᠶᠡᠯᠡᠬᠦᠯᠪᠡ᠃ ᠠᠵᠢᠯᠯᠠᠭ᠎ᠠ ᠳ᠋ᠤ ᠰᠣᠷᠣᠭ᠍ᠴᠢ᠎ᠶᠢᠨ ᠲᠥᠯᠥᠭᠡᠯᠡᠭᠴᠢ ᠴᠧᠨ ᠽᠢ ᠬᠤᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠣᠷᠣᠭ᠍ᠴᠢ ᠠ᠋ᠴᠠ᠎ᠪᠠᠨ ᠺᠣᠮᠫᠢᠦ᠋ᠲᠧᠷ᠎ᠦᠨ ᠴᠢᠳᠠᠪᠤᠷᠢᠲᠠᠨ ᠪᠤᠯᠵᠤ ᠬᠦᠮᠦᠵᠢᠭᠳᠡᠵᠦ᠂ ᠤᠯᠤᠰ᠎ᠤᠨ ᠲᠠᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ ᠭᠥᠷᠳᠡᠭᠰᠡᠨ ᠥᠩᠭᠡᠷᠡᠯᠲᠡ᠎ᠪᠡᠨ ᠬᠤᠪᠢᠶᠠᠯᠴᠠᠪᠠ᠃

ᠰᠤᠷᠭᠠᠭᠤᠯᠢ᠎ᠶᠢᠨ ᠵᠠᠬᠢᠷᠤᠯ ᠵᠧᠦ ᠭᠠᠢ ᠯᠢᠩ ᠡᠴᠡ ᠰᠤᠷᠭᠠᠭᠤᠯᠢ᠎ᠶᠢᠨ ᠬᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠵᠤ᠂ 《ᠤᠯᠠᠨ ᠡᠰᠢᠲᠦ ᠠᠭᠤᠰᠤᠯᠴᠠᠯ᠂ ᠪᠦᠬᠦ ᠲᠠᠯ᠎ᠠ᠎ᠶᠢᠨ ᠬᠥᠭᠵᠢᠯᠲᠡ》 ᠪᠡᠷ ᠭᠣᠣᠯ ᠴᠥᠮ᠎ᠡ ᠪᠣᠯᠭᠠᠵᠤ᠂ ᠰᠤᠷᠤᠭ᠍ᠴᠢᠳ᠎ᠤᠨ ᠳᠣᠲᠣᠭᠠᠳᠤ ᠬᠥᠳᠡᠯᠭᠡᠬᠦ ᠬᠦᠴᠦᠨ᠂ ᠮᠠᠭᠠᠳᠯᠠᠬᠤ ᠴᠢᠳᠠᠪᠤᠷᠢ ᠪᠣᠯᠣᠨ ᠪᠦᠲᠦᠭᠡᠯᠴᠢ ᠴᠢᠳᠠᠪᠤᠷᠢ᠎ᠶᠢ ᠬᠥᠮᠥᠵᠢᠭᠦᠯᠬᠦ᠎ᠶᠢ ᠴᠢᠬᠤᠯᠠᠴᠢᠯᠠᠵᠤ᠂ ᠪᠠᠭ᠍ᠰᠢ᠎ᠶᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠠ ᠡᠩ᠎ᠦᠨ ᠰᠤᠷᠭᠠᠨ ᠬᠥᠮᠦᠵᠢᠯ᠎ᠦᠨ ᠠᠭᠤᠰᠤᠯᠴᠠᠯ᠂ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠂ ᠤᠯᠠᠨ ᠤᠯᠤᠰ᠎ᠤᠨ ᠰᠣᠯᠢᠯᠴᠠᠭ᠎ᠠ ᠵᠡᠷᠭᠡ ᠲᠠᠪᠴᠠᠩ᠎ᠢ ᠪᠠᠢᠭᠤᠯᠵᠤ᠂ ᠰᠤᠷᠤᠭ᠍ᠴᠢ ᠨᠢᠭᠡᠪᠦᠷᠢ᠎ᠶᠢᠨ ᠨᠡᠩ ᠥᠷᠭᠡᠨ ᠠᠭᠤᠳᠠᠮ ᠢᠷᠡᠭᠡᠳᠦᠢ᠎ᠲᠠᠢ ᠪᠣᠯᠬᠤ᠎ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号