5 ᠰᠠᠷ᠎ᠠ᠎ᠶᠢᠨ 20᠎ᠤ᠋ ᠡᠳᠦᠷ᠂ 2026 ᠣᠨ᠎ᠤ ᠬᠥᠬᠡᠬᠣᠲᠠ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠠᠷᠠᠭ᠎ᠤᠨ ᠠᠵᠢᠯᠯᠠᠭ᠎ᠠ ᠵᠢᠴᠢ ᠪᠥᠬᠥ ᠠᠷᠠᠳ᠎ᠤᠨ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠶᠢᠨ ᠭᠠᠷᠠᠭ᠎ᠤᠨ ᠠᠵᠢᠯᠯᠠᠭ᠎ᠠ ᠵᠢᠨ ᠡᠬᠢᠯᠡᠯᠲᠡ᠎ᠶᠢᠨ ᠶᠣᠰᠣᠯᠠᠯ ᠥᠪᠥᠷ ᠮᠣᠩᠭᠣᠯ᠎ᠤᠨ ᠦᠵᠡᠰᠬᠦᠯᠡᠩ᠎ᠦᠨ ᠣᠷᠳᠣᠨ᠎ᠳᠤ ᠶᠠᠪᠤᠭᠳᠠᠪᠠ ᠃
ᠠᠵᠢᠯᠯᠠᠭ᠎ᠠ ᠲᠡᠭᠡᠷ᠎ᠠ᠂ 《ᠤᠢᠷ᠎ᠠ ᠣᠭᠲᠠᠷᠭᠤᠢ᠎ᠶᠢᠨ ᠠᠵᠤ ᠠᠬᠤᠢ᠎ᠶᠢᠨ ᠥᠪᠥᠷ ᠮᠣᠩᠭᠣᠯ᠎ᠤᠨ ᠠᠺᠠᠳᠧᠮᠢᠴᠢ᠎ᠶᠢᠨ ᠠᠵᠢᠯ᠎ᠤᠨ ᠦᠷᠳᠡᠬᠡ ︱ ᠬᠥᠬᠡᠬᠣᠲᠠ᠎ᠶᠢᠨ ᠤᠳᠤ ᠦᠶ᠎ᠡ᠎ᠶᠢᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠤᠪᠢᠶᠠᠷᠢ ᠦᠷᠳᠡᠬᠡ 》 ᠫᠠᠢᠰᠠ ᠰᠡᠬᠦᠵᠦ᠂ ᠵᠢᠩ ᠳ᠋ᠦᠩ᠂ ᠴᠧᠩ ᠲᠦᠩ᠂ ᠲᠣᠮᠣ᠌ ᠳ᠋ᠠᠢᠲ᠋ᠠ ᠭᠤᠷᠪᠠᠨ ᠶᠡᠬᠡ ᠠᠵᠤ ᠦᠢᠯᠡᠰ᠎ᠦᠨ ᠳᠡᠭᠡᠳᠦ ᠰᠤᠷᠭᠠᠭᠤᠯᠢ ᠫᠠᠢᠰᠠ ᠡᠯᠭᠦᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠳ ᠫᠷᠤᠹᠧᠰᠰᠤᠷ᠎ᠢ ᠤᠷᠢᠨ ᠬᠡᠷᠡᠭᠯᠡᠬᠦ᠂ ᠰᠤᠷᠭᠠᠭᠤᠯᠢ ᠠᠵᠤ ᠠᠬᠤᠢᠯᠠᠯ᠎ᠤᠨ ᠵᠠᠬᠢᠶᠠᠯᠠᠭ᠎ᠠ᠎ᠶᠢᠨ ᠠᠩᠭᠢ᠎ᠳᠤ ᠭᠠᠷᠤᠨ ᠦᠰᠦᠭ ᠵᠢᠷᠤᠬᠤ ᠶᠣᠰᠣᠯᠠᠯ ᠵᠡᠷᠭᠡ᠎ᠶᠢ ᠶᠠᠪᠤᠭᠳᠠᠭᠤᠯᠵᠠᠢ᠃ ᠡᠭᠦᠨ᠎ᠦ ᠬᠠᠮᠳᠤ᠂ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠮᠣᠩᠭᠣᠯ ᠣᠷᠣᠰ᠎ᠤᠨ ᠵᠠᠰᠠᠭ᠎ᠤᠨ ᠤᠷᠳᠤᠨ ᠠᠵᠢᠯ ᠲᠦᠷᠦᠯ ᠠᠵᠤ ᠠᠬᠤᠢᠯᠠᠯ ᠰᠤᠷᠭᠠᠭᠤᠯᠢ᠎ᠶᠢᠨ ᠬᠠᠮᠢᠶ᠎ᠠ ᠪᠦᠬᠦᠢ ᠨᠢᠭᠡᠴᠢ᠎ᠲᠠᠢ ᠬᠣᠯᠪᠤᠭᠠᠯᠠᠨ᠂ 《ᠳᠤᠮᠳᠠᠳᠤ ᠮᠣᠩᠭᠣᠯ ᠣᠷᠣᠰ᠎ᠤᠨ ᠬᠢᠯᠢ ᠠᠯᠤᠰᠯᠠᠭᠰᠠᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠬᠠᠮᠵᠢᠯᠴᠠᠭᠠᠨ᠎ᠤ ᠬᠣᠯᠪᠣᠭ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ》 ᠢ᠋ ᠨᠡᠢᠲᠡᠯᠡᠵᠦ᠂ ᠣᠷᠣᠨ᠎ᠤ ᠲᠥᠪ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠴᠢᠯᠦᠭᠡᠲᠦ ᠠᠷᠠᠯᠵᠢᠶᠠᠨ᠎ᠤ ᠣᠷᠣᠨ᠎ᠤ ᠠᠵᠤ ᠦᠢᠯᠡᠰ᠎ᠦᠨ ᠬᠥᠭᠵᠢᠯᠲᠡ ᠳ᠋ᠤ ᠬᠦᠴᠦᠨ ᠤᠯᠭᠤᠬᠤ ᠵᠢ ᠠᠬᠢᠭᠤᠯᠪᠠ᠃
ᠠᠵᠢᠯᠯᠠᠭ᠎ᠠ ᠲᠡᠭᠡᠷ᠎ᠡ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠵᠢᠨ ᠬᠢᠨ ᠪᠠᠷ ᠵᠢᠷᠤᠭ᠎ᠤᠨ ᠦᠢᠯᠡᠳᠬᠡᠯ᠎ᠦᠨ ᠭᠠᠵᠠᠷ᠎ᠤᠨ ᠰᠤᠶᠤᠯ᠎ᠤᠨ ᠪᠦᠳᠦᠬᠡᠯᠴᠢ ᠦᠢᠯᠡᠳᠬᠦᠨ᠎ᠢ ᠳᠡᠯᠭᠡᠨ ᠦᠵᠡᠭᠦᠯᠵᠦ᠂ ᠰᠣᠶᠣᠯ᠎ᠤᠨ ᠬᠥᠮᠦᠵᠢᠯ᠎ᠦᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠭᠦᠢᠴᠡᠳ ᠢᠯᠡᠷᠡᠭᠦᠯᠪᠡ᠃ ᠮᠦᠨ ᠬᠥᠬᠡᠬᠣᠲᠠ᠎ᠶᠢᠨ ᠣᠳᠣ᠌ ᠦᠶ᠎ᠡ᠎ᠶᠢᠨ ᠦᠢᠯᠡᠴᠢᠯᠡᠭᠡᠨ᠎ᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠯᠣᠭᠣᠴᠢ ᠦᠭᠡᠢ ᠨᠢᠰᠬᠡᠯ᠎ᠦᠨ ᠪᠦᠬᠦ ᠠᠵᠤ ᠦᠢᠯᠡᠰ᠎ᠦᠨ ᠬᠡᠯᠬᠢᠶᠡᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠬᠥᠬᠡᠬᠣᠲᠠ᠎ᠶᠢᠨ ᠣᠶᠤᠨᠲᠤ ᠮᠡᠷᠭᠡᠵᠢᠯ᠎ᠦᠨ ᠬᠡᠷᠡᠭᠯᠡᠭᠡᠨ᠎ᠦ ᠰᠤᠷᠭᠠᠭᠤᠯᠢ᠂ ᠣᠶᠤᠨᠲᠤ ᠨᠠᠰᠤᠵᠢᠯ᠎ᠤᠨ ᠠᠰᠠᠷᠠᠮᠵᠢ᠎ᠶᠢᠨ ᠵᠠᠭᠪᠤᠷ᠂ ᠭᠡᠷᠡᠯ ᠴᠠᠬᠢᠯᠭᠠᠨ᠎ᠤ ᠬᠠᠷᠢᠯᠴᠠᠨ ᠨᠥᠬᠥᠪᠦᠷᠢᠯᠡᠬᠦ ᠰᠢᠰᠲᠧᠮ ᠵᠡᠷᠭᠡ ᠤᠷ᠎ᠠ ᠮᠡᠷᠭᠡᠵᠢᠯ᠎ᠦᠨ ᠦᠷ᠎ᠠ ᠪᠦᠲᠦᠭᠡᠯ᠎ᠢ ᠳᠡᠯᠭᠡᠨ ᠦᠵᠡᠬᠦᠯᠪᠡ᠃
ᠲᠣᠰ ᠤᠳᠠᠭᠠᠨ᠎ᠤ ᠭᠠᠷᠠᠭ᠎ᠤᠨ ᠠᠵᠢᠯᠯᠠᠭ᠎ᠠ 7 ᠡᠳᠦᠷ ᠶᠠᠪᠤᠬᠳᠠᠵᠦ᠂ ᠰᠤᠷᠭᠠᠭᠤᠯᠢ ᠪᠠ ᠠᠵᠤ ᠠᠬᠤᠢᠯᠠᠯ᠎ᠢ ᠵᠣᠯᠭᠠᠭᠤᠯᠬᠤ᠂ ᠬᠥᠳᠡᠯᠮᠦᠷᠢ᠎ᠶᠢᠨ ᠵᠢᠱ᠌ᠢᠶᠡᠴᠢ᠎ᠶᠢ ᠤᠬᠠᠭᠤᠯᠤᠨ ᠲᠠᠢᠯᠪᠤᠷᠢᠯᠠᠬᠤ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠡᠶᠡᠴᠢᠯᠡᠨ ᠣᠢᠯᠠᠭᠠᠯᠲᠠ ᠵᠡᠷᠭᠡ ᠰᠢᠷᠢᠰ ᠠᠵᠢᠯᠯᠠᠭ᠎ᠠ᠎ᠶᠢ ᠲᠥᠪᠯᠡᠷᠡᠭᠦᠯᠦᠨ ᠡᠷᠭᠢᠯᠡᠬᠦ ᠪᠤᠯᠤᠨ᠎ᠠ᠃