《ᠥᠩᠭᠡᠷᠡᠭ᠌ᠰᠡᠨ᠎ᠳᠦ ᠡᠮᠨᠡᠯᠭᠡ ᠵᠢᠨ ᠬᠤᠷᠢᠶᠠᠨ᠎ᠳᠦ ᠢᠷᠡᠬᠦ ᠪᠦᠷᠢ ᠲᠡᠷᠭᠡ ᠵᠣᠭ᠍ᠰᠣᠬᠤ ᠣᠷᠣ ᠡᠷᠢᠬᠦ᠌ᠭᠡᠵᠦ ᠶᠡᠬᠡ ᠲᠦᠪᠡᠭᠳᠡᠵᠦ᠂ ᠡᠷᠬᠢᠨ ᠲᠣᠭᠣᠷᠢᠨ᠎ᠤ ᠵᠡᠭᠡᠯᠢ ᠭᠤᠳᠤᠮᠵᠢ᠎ᠶ᠋ᠢ ᠬᠡᠳᠦ ᠲᠣᠭᠣᠷᠢᠬᠰᠡᠨ ᠴᠤ᠌ ᠬᠣᠭᠣᠰᠣᠨ ᠣᠷᠣ ᠤᠯᠬᠤ᠎ᠳᠤ ᠪᠡᠷᠬᠡ ᠪᠠᠢᠳᠠᠭ᠃ ᠱᠦᠢ ᠸᠸᠨ ᠬᠤᠸᠠ ᠶᠠᠩ ᠰᠠᠭᠤᠭᠠᠯᠢ ᠠᠷᠠᠳ᠎ᠤᠨ ᠲᠣᠭᠣᠷᠢᠭ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠲᠡᠷᠭᠡᠨ ᠵᠣᠭ᠍ᠰᠣᠭᠠᠯ ᠭᠠᠷᠭᠠᠬᠰᠠᠨ ᠡᠴᠨ ᠲᠡᠷᠭᠡ ᠵᠣᠭ᠍ᠰᠣᠭᠠᠬᠤ᠎ᠳᠤ ᠰᠠᠨᠠᠭ᠎ᠠ ᠵᠣᠪᠠᠬᠤ ᠬᠡᠷᠡᠭ ᠦᠭᠡᠢ ᠪᠣᠯᠵᠠᠶ!》 ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠣᠢᠷ᠎ᠠ᠎ᠶ᠋ᠢᠨ ᠬᠤᠭᠤᠴᠠᠭᠠᠨ᠎ᠤ ᠲᠡᠷᠭᠡ ᠵᠣᠭ᠍ᠰᠣᠬᠤ ᠣᠷᠴᠢᠨ ᠨᠥᠬᠥᠴᠡᠯ᠎ᠦᠨ ᠬᠤᠪᠢᠷᠠᠯᠲᠠ᠎ᠶ᠋ᠢ ᠶᠠᠷᠢᠬᠤ᠎ᠳᠤ ᠬᠣᠲᠠ᠎ᠶ᠋ᠢᠨ ᠠᠷᠠᠳ ᠵᠢᠩ ᠠᠪᠤᠭᠠᠶ ᠭᠦᠨ ᠲᠥᠷᠥᠭ᠌ᠳᠡᠯ᠎ᠲᠡᠶ ᠪᠠᠢᠯ᠎ᠠ᠃
ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ᠂ ᠰᠤᠯᠠ ᠲᠠᠯᠪᠢᠭ᠍ᠳᠠᠵᠤ ᠪᠠᠢᠭ᠎ᠠ ᠭᠠᠵᠠᠷ᠎ᠢ ᠲᠡᠷᠭᠡᠨ ᠵᠣᠭ᠍ᠰᠣᠭᠠᠯᠪᠣᠯᠭᠠᠬᠰᠠᠨ ᠨᠢ ᠬᠣᠲᠣᠩ ᠠᠷᠠᠳ᠎ᠤᠨ ᠲᠣᠭᠣᠷᠢᠭ᠎ᠤᠨ ᠲᠡᠷᠭᠡ ᠵᠣᠭ᠍ᠰᠣᠭᠠᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌ ᠱᠢᠨ᠎ᠡ ᠠᠷᠭ᠎ᠠ ᠬᠡᠮᠵᠢᠶ᠎ᠡ ᠮᠥᠨ ᠱᠦᠢ ᠸᠸᠨ ᠬᠤᠸᠠ ᠶᠠᠩ ᠰᠠᠭᠤᠭᠠᠯᠢ ᠠᠷᠠᠳ᠎ᠤᠨ ᠲᠣᠭᠣᠷᠢᠭ᠎ᠤᠨ ᠦᠶ᠋ᠯᠡᠳᠦᠯᠭᠡ ᠨᠢ ᠶᠠᠭ ᠡᠨᠡ ᠬᠦ᠌ ᠠᠷᠭ᠎ᠠ ᠬᠡᠮᠵᠢᠶ᠎ᠡ᠎ᠶ᠋ᠢᠨ ᠪᠣᠳᠠᠲᠤ ᠦᠷ᠎ᠡ ᠪᠦᠲᠦᠮᠵᠢ ᠪᠡᠷ ᠣᠯᠠᠨ ᠲᠦᠮᠡᠨ᠎ᠳᠤ ᠠᠰᠢᠭ ᠬᠦᠷᠲᠡᠭᠡᠪᠡ᠃
ᠱᠦᠢ ᠸᠸᠨ ᠬᠤᠸᠠ ᠶᠠᠩ ᠰᠠᠭᠤᠭᠠᠯᠢ ᠠᠷᠠᠳ᠎ᠤᠨ ᠲᠣᠭᠣᠷᠢᠭ᠎ᠢ ᠪᠠᠢᠭᠤᠯᠤᠭᠠᠳ ᠨᠢᠭᠡᠨᠲᠡ 20 ᠭᠠᠷᠤᠢ ᠵᠢᠯ ᠪᠤᠯᠵᠤ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ᠎ᠲᠠᠶ ᠬᠥᠷᠱᠢᠯᠡᠵᠦ᠍᠂ ᠰᠠᠭᠤᠭᠠᠯᠢ ᠠᠷᠠᠳ ᠨᠢ ᠡᠩ᠎ᠤᠨ ᠠᠵᠢᠯᠲᠠᠨ ᠪᠠ ᠰᠤᠷᠤᠭ᠍ᠴᠢ᠎ᠪᠠᠷ ᠭᠣᠣᠯᠯᠠᠵᠤ ᠪᠠᠢᠳᠠᠭ᠃ ᠡᠳᠦᠷ ᠪᠦᠷᠢ᠎ᠶ᠋ᠢᠨ 8 ᠴᠠᠭ᠎ᠠᠴᠠ 18 ᠴᠠᠭ ᠪᠣᠯᠲᠠᠯ᠎ᠠ ᠣᠯᠠᠩᠬᠢ ᠰᠠᠭᠤᠭᠠᠯᠢ ᠠᠷᠠᠳ ᠭᠠᠳᠠᠭ᠍ᠰᠢ ᠭᠠᠷᠴᠤ᠌ ᠠᠵᠢᠯᠯᠠᠬᠤ ᠪᠤᠶᠤ ᠰᠤᠷᠭᠠᠭᠤᠯᠢ᠎ᠳᠤ ᠰᠠᠭᠤᠵᠤ᠂ ᠰᠠᠭᠤᠭᠠᠯᠢ ᠠᠷᠠᠳ᠎ᠤᠨ ᠲᠣᠭᠣᠷᠢᠭ᠎ᠲᠠᠬᠢ ᠲᠡᠷᠭᠡᠨ ᠵᠣᠭ᠍ᠰᠣᠭᠠᠯ ᠶᠡᠬᠡ ᠬᠡᠮᠵᠢᠶ᠎ᠡ᠎ᠪᠡᠷ ᠰᠤᠯᠠ ᠲᠠᠯᠪᠢᠭ᠍ᠳᠠᠳᠠᠭ ᠴᠤ᠌ 500 ᠮᠧᠲ᠋ᠷ ᠵᠠᠢᠲᠠᠶ ᠡᠮᠨᠡᠯᠭᠡ᠎ᠶ᠋ᠢᠨ ᠬᠣᠷᠢᠶ᠎ᠠ᠎ᠳᠤ ᠬᠠᠷᠢᠨ ᠲᠡᠷᠭᠡ ᠵᠣᠭ᠍ᠰᠣᠬᠤ᠎ᠳᠦ ᠮᠠᠰᠢ ᠬᠦᠴᠢᠷ᠎ᠲᠠᠢ ᠪᠠᠢᠳᠠᠭ᠃
ᠡᠨᠡ ᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠬᠣᠲᠣᠩ ᠠᠷᠠᠳ᠎ᠤᠨ ᠲᠣᠭᠣᠷᠢᠭ᠎ᠤᠨ ᠱᠢᠨᠬᠤᠸᠠ ᠪᠠᠷᠠᠭᠤᠨ ᠵᠠᠮ᠎ᠤᠨ ᠬᠡᠷᠡᠭ ᠡᠷᠬᠢᠯᠡᠬᠦ᠌ ᠭᠠᠵᠠᠷ᠎ᠤᠨ ᠲᠦᠩ ᠳ᠋ᠤᠤ ᠬᠣᠢᠲᠤ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠠᠵᠢᠯᠲᠠᠨ ᠤᠷᠢᠳ ᠬᠣᠵᠢᠳ 10 ᠭᠠᠷᠤᠶ ᠤᠳᠠᠭ᠎ᠠ ᠡᠷᠦᠬᠡ᠎ᠳᠦ ᠣᠷᠣᠵᠤ ᠰᠤᠷᠪᠤᠯᠵᠢᠯᠠᠨ᠂ ᠦᠮᠴᠢᠲᠡᠨ᠎ᠤ ᠵᠥᠪᠯᠡᠯ᠂ ᠠᠳᠠᠯ ᠠᠬᠤᠶ᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠲᠠᠶ ᠨᠡᠪᠲᠡᠷᠡᠯᠴᠡᠨ ᠵᠥᠪᠳᠡᠯᠴᠡᠵᠦ᠍᠂ ᠭᠠᠳᠠᠨ᠎ᠠ᠎ᠠᠴᠠ ᠢᠷᠡᠭ᠌ᠰᠡᠨ ᠲᠡᠷᠭᠡ ᠬᠥᠰᠭᠡ᠎ᠶ᠋ᠢᠨ ᠣᠷᠣᠵᠤ ᠭᠠᠷᠬᠤ ᠴᠠᠭ᠂ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠨ᠂ ᠣᠶᠤᠨᠴᠢ ᠬᠢᠨᠠᠨ ᠡᠵᠡᠮᠳᠡᠬᠦ᠌ ᠲᠥᠬᠥᠭᠡᠷᠦᠮᠵᠢ ᠤᠭ᠍ᠰᠠᠷᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠳᠣᠲᠣᠷᠠᠬᠢ ᠲᠡᠷᠭᠡ ᠵᠣᠭ᠍ᠰᠣᠬᠤ ᠤᠷᠤ᠎ᠶ᠋ᠢ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠬᠠᠮᠲᠤ᠎ᠪᠠᠷ ᠡᠳ᠋ᠯᠡᠬᠦ᠌ ᠲᠡᠷᠭᠡᠨ ᠵᠤᠬᠰᠤᠭᠠᠯ ᠪᠣᠯᠭᠠᠨ ᠪᠠᠢᠭᠤᠯᠬᠤ ᠲᠥᠰᠦᠯ᠎ᠢ ᠲᠣᠭ᠍ᠲᠠᠭᠠᠪᠠ᠃
《ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠬᠠᠮᠲᠤ᠎ᠪᠠᠷ ᠡᠳ᠋ᠯᠡᠬᠦ᠌ ᠲᠡᠷᠭᠡᠨ ᠵᠣᠭ᠍ᠰᠣᠭᠠᠯ᠎ᠢ ᠪᠠᠢᠭᠤᠯᠤᠭ᠍ᠰᠠᠨ ᠨᠢ ᠣᠯᠠᠨ ᠲᠦᠮᠡᠨ᠎ᠦ ᠲᠡᠷᠭᠡ ᠵᠣᠭ᠍ᠰᠣᠭᠠᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠵᠦ᠍ ᠴᠢᠳᠠᠬᠤ᠎ᠪᠠᠷ ᠪᠠᠷᠠᠬᠤ ᠥᠬᠡᠶ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠴᠤ᠌ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍ ᠪᠣᠯᠤᠨ᠎ᠠ᠃ ᠰᠠᠭᠤᠭᠠᠯᠢ ᠠᠷᠠᠳ᠎ᠤᠨ ᠲᠣᠭᠣᠷᠢᠭ ᠡᠳᠦᠷ᠎ᠦᠨ ᠲᠡᠷᠭᠡᠨ ᠵᠣᠭ᠍ᠰᠣᠭᠠᠯ᠎ᠢᠶᠠᠨ ᠨᠡᠭᠡᠭᠡᠭ᠌ᠰᠡᠨ᠎ᠦ ᠳᠠᠷᠠᠭ᠎ᠠ᠂ ᠰᠦᠶ᠋ᠳᠭᠡᠯ ᠬᠤᠷᠢᠶᠠᠬᠤ ᠪᠠᠷᠢᠮᠵᠢᠶ᠎ᠠ᠎ᠶ᠋ᠢᠨ ᠲᠠᠯ᠎ᠠ᠎ᠪᠠᠷ᠂ ᠬᠦᠳᠡᠯᠦᠩᠬᠦᠢ ᠰᠦᠶ᠋ᠳᠭᠡᠯ ᠬᠤᠷᠢᠶᠠᠬᠤ ᠠᠷᠭ᠎ᠠ᠎ᠶ᠋ᠢ ᠬᠡᠷᠡᠭ᠌ᠵᠢᠭᠦᠯᠵᠦ᠍᠂ ᠡᠳᠦᠷ ᠪᠦᠷᠢ᠎ᠶ᠋ᠢᠨ 7 ᠴᠠᠭ᠎ᠠᠴᠠ 22 ᠴᠠᠭ ᠪᠣᠯᠲᠠᠯ᠎ᠠ ᠲᠡᠷᠭᠡ ᠵᠣᠭ᠍ᠰᠣᠬᠤ ᠰᠦᠶ᠋ᠳᠭᠡᠯ ᠨᠢ ᠴᠠᠭ ᠪᠦᠷᠢ 3 ᠲᠥᠭᠥᠷᠢᠭ ᠪᠠᠢᠵᠦ᠂ 22 ᠴᠠᠭ᠎ᠠᠴᠠ ᠳᠠᠷᠠᠭ᠎ᠠ ᠡᠳᠦᠷ᠎ᠦᠨ 7 ᠴᠠᠭ ᠪᠣᠯᠲᠠᠯ᠎ᠠ ᠲᠡᠷᠭᠡ ᠵᠣᠭ᠍ᠰᠣᠬᠤ ᠰᠦᠢᠳᠭᠡᠯ ᠴᠠᠭ ᠪᠦᠷᠢ 1 ᠲᠥᠭᠥᠷᠢᠭ᠂ 24 ᠴᠠᠭ᠎ᠤᠨ ᠳᠣᠲᠣᠷ᠎ᠠ ᠳᠡᠭᠡᠷ᠎ᠡ ᠬᠢᠵᠠᠭᠠᠷ ᠨᠢ 20 ᠲᠥᠭᠥᠷᠢᠭ ᠪᠣᠯᠤᠨ᠎ᠠ᠃ ᠬᠤᠷᠢᠶᠠᠭ᠍ᠰᠠᠨ ᠲᠡᠷᠭᠡ ᠵᠣᠭ᠍ᠰᠣᠬᠤ ᠰᠦᠶ᠋ᠳᠭᠡᠯ᠎ᠢ ᠭᠤᠤᠯᠳᠠᠭᠤ ᠠᠳᠠᠯ ᠠᠬᠤᠶ᠎ᠶ᠋ᠢᠨ ᠰᠦᠶ᠋ᠳᠭᠡᠯ᠎ᠳᠦ ᠨᠥᠬᠥᠪᠥᠷᠢ ᠥᠭ᠌ᠬᠦ᠂ ᠰᠠᠭᠤᠭᠠᠯᠢ ᠲᠣᠭᠣᠷᠢᠭ᠎ᠤᠨ ᠠᠷᠢᠭᠤᠨ ᠴᠡᠪᠡᠷ᠎ᠢ ᠬᠠᠮᠠᠭᠠᠯᠠᠬᠤ ᠵᠡᠷᠭᠡ ᠦᠨᠳᠦᠰᠦᠨ ᠦᠶ᠋ᠯᠡᠴᠢᠯᠡᠭᠡ᠎ᠳᠦ ᠬᠡᠷᠡᠭ᠌ᠯᠡᠬᠦ ᠪᠤᠯᠤᠨ᠎ᠠ》 ᠭᠡᠵᠦ ᠲᠦᠩ ᠳ᠋ᠤᠤ ᠬᠣᠢᠲᠤ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠵᠠᠩ ᠨᠠ ᠲᠠᠨᠢᠯᠴᠠᠭᠤᠯᠪᠠ᠃
ᠬᠣᠲᠠ᠎ᠶ᠋ᠢᠨ ᠵᠠᠰᠠᠯᠲᠠ᠎ᠶ᠋ᠢᠨ ᠳᠤᠯᠠᠭᠠᠴᠠ᠎ᠶᠢᠨ ᠬᠡᠮᠵᠢᠶ᠎ᠡ ᠨᠢ ᠵᠡᠭᠡᠯᠢ ᠭᠤᠳᠤᠮᠵᠢ᠎ᠶ᠋ᠢᠨ ᠦᠨᠴᠦᠭ ᠪᠤᠯᠤᠩᠳ᠋ᠤ ᠨᠢᠭᠤᠭ᠍ᠳᠠᠵᠤ ᠪᠠᠢᠳᠠᠭ᠃ ᠲᠡᠷᠭᠡ ᠵᠣᠭ᠍ᠰᠣᠬᠤ ᠠᠰᠠᠭᠤᠳᠠᠯ ᠪᠣᠯ ᠣᠯᠠᠨ ᠲᠦᠮᠡᠨ᠎ᠦ ᠡᠳᠦᠷ ᠲᠤᠲᠤᠮ᠎ᠤᠨ ᠶᠠᠪᠤᠵᠤ ᠰᠠᠭᠤᠬᠤ᠎ᠲᠠᠶ ᠬᠣᠯᠪᠣᠭ᠍ᠳᠠᠬᠤ ᠠᠷᠠᠳ᠎ᠤᠨ ᠠᠮᠢᠳᠤᠷᠠᠯ᠎ᠤᠨ 《ᠶᠡᠬᠡ ᠶᠠᠪᠤᠳᠠᠯ》 ᠪᠣᠯᠬᠤ ᠪᠥᠭᠡᠳ ᠪᠠᠰᠠ ᠴᠤ᠌ ᠬᠣᠲᠠ᠎ᠶ᠋ᠢᠨ ᠵᠠᠰᠠᠯᠲᠠ᠎ᠶ᠋ᠢᠨ ᠴᠢᠳᠠᠪᠤᠷᠢ᠎ᠶ᠋ᠢ ᠬᠡᠮᠵᠢᠬᠦ᠌ ᠴᠢᠬᠤᠯᠠ ᠬᠡᠮᠵᠢᠭᠦᠷ ᠪᠣᠯᠤᠨ᠎ᠠ᠃
《ᠲᠡᠷᠭᠡ ᠵᠣᠭ᠍ᠰᠣᠬᠤ᠎ᠳᠤ ᠬᠦᠴᠢᠷ᠂ ᠳᠤᠷ᠎ᠠ ᠪᠡᠷ ᠵᠢᠡᠨ ᠲᠡᠷᠭᠡ ᠵᠣᠭ᠍ᠰᠣᠭᠠᠬᠤ》 ᠵᠢ ᠵᠠᠰᠠᠬᠤ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠡᠨᠡ ᠵᠢᠯ᠎ᠡᠴᠡ ᠬᠣᠲᠣᠩ ᠠᠷᠠᠳ᠎ᠤᠨ ᠲᠣᠭᠣᠷᠢᠭ ᠭᠤᠤᠯᠳᠠᠯᠭ᠎ᠠ᠎ᠲᠠᠶ ᠲᠡᠷᠭᠡ ᠵᠣᠭ᠍ᠰᠣᠬᠤ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ 《ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠬᠠᠮᠲᠤ ᠪᠠᠷ ᠡᠳ᠋ᠯᠡᠬᠦ᠌᠂ ᠬᠦᠳᠡᠯᠦᠩᠬᠦᠢ᠎ᠪᠠᠷ ᠲᠡᠷᠭᠡ ᠵᠣᠭ᠍ᠰᠣᠬᠤ᠂ ᠡᠬᠢ ᠪᠠᠶᠠᠯᠢᠭ᠎ᠢ ᠭᠦᠨᠵᠡᠭᠡᠶ ᠠᠭᠤᠳᠠᠯᠬᠤ》 ᠭᠤᠷᠮᠤᠰᠤᠨ ᠵᠠᠰᠠᠯᠲᠠ᠎ᠶ᠋ᠢᠨ ᠵᠠᠭ᠍ᠪᠤᠷ᠎ᠢᠶᠠᠷ ᠳᠠᠮᠵᠢᠨ ᠲᠡᠷᠭᠡ ᠵᠣᠭ᠍ᠰᠣᠬᠤ ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠵᠢᠵᠢᠭ ᠶᠠᠪᠤᠳᠠᠯ᠎ᠢ ᠦᠨᠡᠨ ᠬᠦ᠌ ᠪᠣᠳᠠᠲᠠᠶ ᠰᠠᠢᠲᠤᠷ ᠬᠢᠪᠠ᠃
《ᠣᠲᠣ ᠵᠡᠭᠡᠯᠢ ᠲᠣᠭᠣᠷᠢᠬᠤ᠂ ᠡᠳᠦᠷ ᠲᠤᠲᠤᠮ ᠶᠠᠪᠤᠵᠤ ᠰᠠᠭᠤᠬᠤ᠎ᠳᠦ ᠲᠡᠷᠭᠡ ᠵᠣᠭ᠍ᠰᠣᠬᠤ ᠨᠢ ᠤᠤᠯᠡᠴᠠᠪᠠᠨ ᠲᠥᠬᠥᠮ ᠪᠣᠯᠵᠣ᠂ ᠲᠡᠷᠭᠡ ᠵᠣᠭ᠍ᠰᠣᠬᠤ ᠨᠢ ᠡᠮᠬᠢ ᠵᠢᠷᠤᠮ᠎ᠲᠠᠶ ᠪᠣᠯᠵᠣ᠂ ᠬᠣᠲᠠ ᠲᠣᠭᠣᠷᠢᠭ᠎ᠤᠨ ᠣᠷᠴᠢᠨ ᠲᠣᠭᠣᠷᠢᠨ ᠴᠤ᠌ ᠰᠠᠢᠵᠢᠷᠠᠪᠠ》᠃ ᠲᠡᠷᠭᠡ ᠵᠣᠭ᠍ᠰᠣᠬᠤ ᠲᠤᠬᠠᠶ ᠶᠠᠷᠢᠬᠤ᠎ᠳᠠᠭᠠᠨ ᠬᠣᠲᠣᠩ ᠠᠷᠠᠳ᠎ᠤᠨ ᠲᠣᠭᠣᠷᠢᠭ᠎ᠲᠤ ᠰᠠᠭᠤᠵᠤ ᠪᠠᠢᠭ᠎ᠠ ᠯᠢᠦ ᠢᠦᠶ ᠵᠢᠶᠠᠩ ᠭᠦᠨ ᠲᠥᠷᠥᠭ᠌ᠳᠡᠯ᠎ᠲᠡᠶ ᠪᠠᠢᠯ᠎ᠠ᠃ ᠯᠢᠦ ᠢᠦᠶ ᠵᠢᠶᠠᠩ᠎ᠤᠨ ᠰᠠᠭᠤᠵᠤ ᠪᠠᠢᠭ᠎ᠠ ᠰᠠᠭᠤᠭᠠᠯᠢ ᠠᠷᠠᠳ᠎ᠤᠨ ᠲᠣᠭᠣᠷᠢᠭ ᠨᠢ ᠴᠠᠭᠠᠨ ᠪᠠᠢᠱᠢᠩ᠎ᠤᠨ ᠴᠢᠶᠠᠨ ᠴᠢᠨ ᠶᠤᠸᠠᠨ ᠰᠠᠭᠤᠭᠠᠯᠢ ᠠᠷᠠᠳ᠎ᠤᠨ ᠲᠣᠭᠣᠷᠢᠭ ᠲᠠᠶ ᠬᠥᠷᠱᠢᠯᠡᠵᠦ᠍᠂ ᠣᠢᠷ᠎ᠠ᠎ᠶ᠋ᠢᠨ ᠵᠢᠯ᠎ᠳᠦ ᠰᠠᠭᠤᠭᠠᠯᠢ ᠠᠷᠠᠳ᠎ᠤᠨ ᠲᠣᠭᠣᠷᠢᠭ᠎ᠤᠨ ᠡᠷᠬᠢᠨ ᠲᠣᠭᠣᠷᠢᠨ᠎ᠤ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠤᠤᠯ᠎ᠤᠨ ᠲᠡᠷᠭᠡᠨ ᠤᠷᠤ ᠵᠢᠨ ᠲᠣᠬᠢᠷᠠᠭᠤᠯᠤᠯᠲᠠ᠎ᠶ᠋ᠢᠨ ᠬᠠᠷᠢᠴᠠᠯ ᠨᠢ ᠨᠢᠭᠡᠨᠲᠡ ᠰᠠᠭᠤᠭᠠᠯᠢ ᠠᠷᠠᠳ᠎ᠤᠨ ᠮᠠᠰᠢᠨ ᠲᠡᠷᠭᠡ ᠵᠣᠭ᠍ᠰᠣᠬᠤ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠥᠬᠡᠶ ᠪᠣᠯᠵᠣ᠂ ᠮᠠᠰᠢ ᠣᠯᠠᠨ ᠥᠮᠴᠢᠲᠡᠨ ᠮᠠᠰᠢᠨ ᠲᠡᠷᠭᠡ᠎ᠪᠡᠨ ᠵᠠᠮ᠎ᠤᠨ ᠬᠣᠶᠠᠷ ᠲᠠᠯ᠎ᠠ᠎ᠳᠤ ᠵᠣᠭ᠍ᠰᠣᠭᠠᠵᠤ᠂ ᠵᠠᠮ ᠬᠠᠷᠢᠯᠴᠠᠭ᠎ᠠ᠎ᠶ᠋ᠢ ᠬᠦᠨᠳᠦ ᠨᠣᠴᠢᠲᠠᠶ ᠨᠥᠯᠥᠭᠡᠯᠡᠵᠦ᠍ ᠪᠠᠢᠵᠠᠢ᠃
ᠰᠠᠭᠤᠭᠠᠯᠢ ᠠᠷᠠᠳ᠎ᠤᠨ ᠲᠣᠭᠣᠷᠢᠭ᠎ᠤᠨ ᠣᠢᠷ᠎ᠠ ᠬᠠᠪᠢ ᠵᠢᠴᠢ ᠬᠤᠳᠠᠯᠳᠤᠭᠠᠨ᠎ᠤ ᠲᠣᠭᠣᠷᠢᠭ᠎ᠤᠨ ᠲᠡᠷᠭᠡ ᠵᠣᠭ᠍ᠰᠣᠬᠤ᠎ᠳᠤ ᠬᠦᠴᠢᠷᠲᠡᠶ᠂ ᠲᠣᠭ᠍ᠲᠠᠭᠠᠯ᠎ᠠᠴᠠ ᠵᠥᠷᠢᠴᠡᠨ ᠵᠣᠭ᠍ᠰᠣᠬᠤ ᠦᠵᠡᠭ᠌ᠳᠡᠯ ᠪᠠᠢᠨ ᠳᠠᠬᠢᠨ ᠭᠠᠷᠴᠤ᠌ ᠪᠠᠢᠭ᠎ᠠ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠬᠦ᠌᠎ᠶ᠋ᠢᠨ ᠲᠥᠯᠥᠭᠡ ᠬᠣᠲᠣᠩ ᠠᠷᠠᠳ᠎ᠤᠨ ᠲᠣᠭᠣᠷᠢᠭ 《ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ》 ᠬᠠᠮᠢᠶᠠᠷᠤᠯᠲᠠ᠎ᠶ᠋ᠢᠨ ᠵᠠᠭ᠍ᠪᠤᠷ᠎ᠢ ᠲᠠᠶᠠᠭ᠍ᠳᠠᠵᠤ᠂ ᠠᠳᠠᠯᠢ ᠪᠤᠰᠤ ᠣᠷᠣᠨ ᠪᠦᠰᠡ᠎ᠶ᠋ᠢᠨ ᠲᠡᠷᠭᠡ ᠵᠣᠭ᠍ᠰᠣᠬᠤ ᠣᠷᠭᠢᠯ᠎ᠤᠨ ᠵᠥᠷᠢᠶ᠎ᠡ᠎ᠳᠦ ᠴᠢᠭ᠌ᠯᠡᠭᠦᠯᠦᠨ᠂ ᠵᠥᠷᠢᠶᠡᠴᠢᠯᠡᠭᠰᠡᠨ ᠬᠦᠳᠡᠯᠦᠩᠬᠦᠢ ᠲᠣᠭ᠍ᠲᠠᠴᠠ᠎ᠶ᠋ᠢ ᠬᠡᠷᠡᠭ᠌ᠵᠢᠭᠦᠯᠪᠡ᠃
ᠴᠠᠭᠠᠨ ᠪᠠᠢᠱᠢᠩ᠎ᠤᠨ ᠴᠢᠶᠠᠨ ᠴᠢᠨ ᠶᠤᠸᠠᠨ ᠪᠠᠷᠠᠭᠤᠨ ᠵᠠᠮ᠎ᠤᠨ ᠬᠤᠳᠠᠯᠳᠤᠭᠠᠨ᠎ᠤ ᠶᠠᠪᠠᠭᠠᠨ ᠵᠡᠭᠡᠯᠢ᠎ᠳᠦ ᠰᠠᠭᠤᠭᠠᠯᠢ ᠠᠷᠠᠳ᠎ᠤᠨ ᠲᠡᠷᠭᠡ ᠵᠣᠭ᠍ᠰᠣᠬᠤ ᠬᠡᠷᠡᠭ᠌ᠴᠡᠭᠡ᠎ᠲᠡᠶ ᠤᠶᠠᠯᠳᠤᠭᠤᠯᠤᠨ 349 ᠬᠦᠳᠡᠯᠦᠩᠬᠦᠢ ᠲᠡᠷᠭᠡᠨ ᠵᠣᠭ᠍ᠰᠣᠭᠠᠯ ᠭᠠᠷᠭᠠᠵᠤ᠂ 22 ᠴᠠᠭ᠎ᠠᠴᠠ ᠳᠠᠷᠠᠭ᠎ᠠ ᠡᠳᠦᠷ᠎ᠦᠨ 8 ᠴᠠᠭ ᠪᠣᠯᠲᠠᠯ᠎ᠠ ᠴᠠᠭ ᠪᠦᠷᠢ 0.5 ᠲᠥᠭᠥᠷᠢᠭ᠂ ᠬᠠᠮᠤᠭ᠎ᠤᠨ ᠦᠨᠳᠦᠷ ᠳᠡᠭᠡᠨ 3 ᠲᠥᠭᠥᠷᠢᠭᠬᠤᠷᠢᠶᠠᠨᠠ; ᠵᠥᠩ ᠱᠠᠨ ᠵᠠᠮ᠎ᠤᠨ ᠬᠤᠳᠠᠯᠳᠤᠭᠠᠨ᠎ᠤ ᠲᠣᠭᠣᠷᠢᠭ᠎ᠲᠤ ᠡᠷᠬᠢᠨ ᠲᠣᠭᠣᠷᠢᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠤᠨ ᠰᠥᠨᠢ ᠪᠡᠷ ᠲᠡᠷᠭᠡ ᠵᠣᠭ᠍ᠰᠣᠭᠠᠬᠤ᠎ᠳᠤ ᠬᠦᠴᠢᠷᠲᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠬᠤᠳᠠᠯᠳᠤᠭᠠᠨ᠎ᠤ ᠲᠠᠯᠠᠪᠤᠷ᠎ᠤᠨ ᠲᠡᠷᠭᠡᠨ ᠵᠣᠭ᠍ᠰᠣᠭᠠᠯ᠎ᠳᠤ 21 ᠴᠠᠭᠡᠴᠠ ᠳᠠᠷᠠᠭ᠎ᠠ ᠡᠳᠦᠷ ᠦᠨ 8 ᠴᠠᠭ ᠪᠣᠯᠲᠠᠯ᠎ᠠ ᠳᠤᠤᠷ᠎ᠠ ᠦᠨ᠎ᠡ᠎ᠶ᠋ᠢᠨ ᠬᠦᠳᠡᠯᠦᠩᠬᠦᠢ ᠰᠦᠶ᠋ᠳᠭᠡᠯ ᠬᠤᠷᠢᠶᠠᠵᠤ᠂ ᠴᠠᠭ ᠪᠦᠷᠢ ᠵᠥᠪᠬᠡᠨ 1 ᠲᠥᠭᠥᠷᠢᠭ ᠬᠤᠷᠢᠶᠠᠨ᠎ᠠ᠃
ᠡᠭᠦᠨ᠎ᠦ ᠬᠠᠮᠲᠤ᠂ ᠬᠠᠷᠢᠶ᠎ᠠ ᠣᠷᠣᠨ᠎ᠤ ᠰᠤᠯᠠ ᠳᠠᠯᠪᠢᠬᠳᠠᠵᠦ ᠪᠠᠢᠭ᠎ᠠ ᠭᠠᠵᠠᠷ ᠵᠢᠴᠢ ᠬᠠᠶᠠᠭ᠍ᠳᠠᠮᠠᠯ ᠪᠠᠷᠢᠯᠭ᠎ᠠ᠎ᠶ᠋ᠢ ᠪᠥᠬᠥ᠌ ᠲᠠᠯ᠎ᠠ᠎ᠪᠠᠷ ᠤᠢᠯᠠᠭᠠᠨ ᠢᠯᠡᠷᠡᠬᠦᠯᠵᠦ᠂ ᠲᠡᠷᠭᠡᠨ ᠵᠣᠭ᠍ᠰᠣᠭᠠᠯ᠎ᠢ ᠪᠥᠬᠥ᠌ ᠬᠦᠴᠦᠨ᠎ᠢᠶᠡᠷ ᠥᠷᠭᠡᠳᠭᠡᠪᠡ᠃ ᠵᠦᠩ ᠱᠠᠨ ᠪᠠᠷᠠᠭᠤᠨ ᠵᠠᠮ᠎ᠤᠨ ᠬᠤᠳᠠᠯᠳᠤᠭᠠᠨ᠎ᠤ ᠲᠣᠭᠣᠷᠢᠭ᠎ᠲᠤ᠂ ᠰᠤᠯᠠ ᠳᠠᠯᠪᠢᠬᠳᠠᠵᠦ ᠪᠠᠢᠭ᠎ᠠ ᠪᠠᠷᠢᠯᠭ᠎ᠠ᠎ᠶ᠋ᠢ ᠨᠤᠷᠠᠭᠠᠬᠤ᠎ᠪᠠᠷ ᠳᠠᠮᠵᠢᠨ 3 ᠪᠠᠷᠢᠮᠵᠢᠶᠠᠵᠢᠭ᠍ᠰᠠᠨ ᠲᠡᠷᠭᠡᠨ ᠵᠣᠭ᠍ᠰᠣᠭᠠᠯ᠎ᠢ ᠱᠢᠨ᠎ᠡ᠎ᠪᠡᠷ ᠪᠠᠢᠭᠤᠯᠵᠤ᠂ ᠱᠢᠨ᠎ᠡ ᠪᠡᠷ 400 ᠤᠷᠦ ᠨᠡᠮᠡᠭ᠌ᠳᠡᠭᠦᠯᠪᠡ; 22 ᠭᠠᠵᠠᠷ ᠳᠤᠤᠷᠠᠬᠢ ᠰᠤᠯᠠ ᠳᠠᠯᠪᠢᠬᠳᠠᠵᠦ ᠲᠡᠷᠭᠡᠨ ᠵᠣᠭ᠍ᠰᠣᠭᠠᠯ᠎ᠢ ᠡᠮᠬᠢᠯᠡᠨ ᠨᠡᠢᠯᠡᠭᠦᠯᠵᠦ᠍᠂ 2650 ᠵᠣᠭ᠍ᠰᠣᠭᠠᠯ᠎ᠢ ᠠᠮᠢᠳᠤᠯᠢᠭᠵᠢᠭᠤᠯᠵᠦ᠂ ᠬᠤᠳᠠᠯᠳᠤᠭᠠᠨ᠎ᠤ ᠲᠣᠭᠣᠷᠢᠭ᠎ᠤᠨ ᠶᠡᠷᠦᠩᠬᠡᠶ ᠵᠣᠭ᠍ᠰᠣᠭᠠᠯ᠎ᠢ 6748 ᠪᠣᠯᠭᠠᠨ ᠨᠡᠮᠡᠭ᠌ᠳᠡᠭᠦᠯᠪᠡ᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠡᠷᠭᠢᠨ ᠲᠣᠭᠣᠷᠢᠨ᠎ᠳᠤ᠂ ᠵᠡᠭᠡᠯᠢ ᠭᠤᠳᠤᠮᠵᠢ᠎ᠶ᠋ᠢᠨ ᠥᠨᠴᠥᠭ᠂ ᠨᠣᠭᠣᠭᠠᠷᠠᠭᠤᠯᠤᠯᠲᠠ᠎ᠶ᠋ᠢᠨ ᠪᠦᠰᠡ᠎ᠶ᠋ᠢᠨ ᠵᠠᠪᠰᠠᠷ᠎ᠢᠶᠠᠷ ᠱᠢᠨᠵᠢᠯᠡᠬᠦ᠌ ᠤᠬᠠᠭᠠᠨᠴᠢ᠎ᠪᠠᠷ 2060 ᠣᠷᠣᠨ ᠪᠠᠢᠷᠢᠭᠠᠷᠭᠠᠪᠠ᠃
ᠲᠡᠷᠭᠡᠨ ᠵᠣᠭ᠍ᠰᠣᠭᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ ᠬᠣᠲᠣᠩ ᠠᠷᠠᠳ᠎ᠤᠨ ᠲᠣᠭᠣᠷᠢᠭ᠎ᠲᠤ ᠪᠠᠰᠠ ᠬᠠᠯᠠᠮᠱᠢᠯ ᠬᠤᠳᠠᠯᠳᠤᠭᠠᠨ᠎ᠤ ᠲᠣᠭᠣᠷᠢᠭ᠂ ᠭᠤᠤᠯᠳᠠᠯᠭ᠎ᠠ᠎ᠲᠠᠶ ᠪᠠᠢᠷᠢ᠂ ᠲᠡᠷᠭᠡᠨ ᠵᠣᠭ᠍ᠰᠣᠭᠠᠯ᠎ᠤᠨ ᠡᠭᠦᠳᠡᠨ᠎ᠳᠦ ᠣᠶᠤᠨᠴᠢ ᠲᠡᠷᠭᠡᠨ ᠵᠣᠭ᠍ᠰᠣᠭᠠᠯ᠎ᠤᠨ ᠱᠢᠰᠲ᠋ᠧᠮ ᠪᠠᠢᠭᠤᠯᠵᠤ᠂ 24 ᠬᠡᠰᠡᠭ ᠬᠥᠲᠥᠯᠥᠨ ᠳᠠᠭᠠᠭᠤᠯᠬᠤ ᠳᠡᠯᠭᠡᠴᠡ ᠪᠠᠢᠷᠢᠯᠠᠭᠤᠯᠤᠨ᠂ 3800 ᠳᠡᠷᠭᠡᠨ ᠵᠣᠭ᠍ᠰᠣᠭᠠᠯ᠎ᠢ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠪᠠᠢᠴᠠᠭᠠᠨ ᠯᠠᠪᠯᠠᠬᠤ᠎ᠶ᠋ᠢ ᠪᠡᠶᠡᠯᠡᠭᠦᠯᠵᠦ᠍᠂ ᠬᠣᠲᠠ᠎ᠶ᠋ᠢᠨ ᠠᠷᠠᠳ᠎ᠤᠨ ᠲᠡᠷᠭᠡ ᠵᠣᠭ᠍ᠰᠣᠭᠠᠬᠤ ᠬᠦᠴᠢᠷᠳᠡᠯ᠎ᠢ ᠱᠢᠶ᠋ᠳᠪᠦᠷᠢᠯᠡᠪᠡ᠃
ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠲᠡᠷᠭᠡ ᠵᠣᠭ᠍ᠰᠣᠭᠠᠬᠤ ᠡᠴᠡ ᠬᠦᠳᠡᠯᠦᠩᠬᠦᠢ ᠲᠡᠷᠭᠡᠨ ᠵᠣᠭ᠍ᠰᠣᠭᠠᠯ᠎ᠢᠶᠠᠷ ᠲᠦᠭ ᠲᠦᠮᠡᠨ ᠰᠠᠭᠤᠭᠠᠯᠢ ᠠᠷᠠᠳ᠎ᠲᠤ ᠠᠱᠢᠭ ᠬᠦᠷᠲᠡᠭᠡᠬᠦ᠌ ᠬᠦᠷᠲᠡᠯ᠎ᠡ᠂ ᠳᠠᠬᠢᠭᠠᠳ ᠡᠬᠢ ᠪᠠᠶᠠᠯᠢᠭ᠎ᠢ ᠭᠦᠨ ᠠᠭᠤᠳᠠᠯᠵᠤ ᠲᠡᠷᠭᠡᠨ ᠵᠣᠭ᠍ᠰᠣᠭᠠᠯ᠎ᠤᠨ ᠳᠤᠲᠠᠭᠤᠳᠠᠯ᠎ᠢ ᠨᠥᠬᠥᠪᠥᠷᠢᠯᠡᠬᠦ᠌ ᠬᠦᠷᠲᠡᠯ᠎ᠡ ᠵᠢᠵᠢᠭᠭᠡᠨ ᠲᠡᠷᠭᠡᠨ ᠵᠣᠭ᠍ᠰᠣᠭᠠᠯ᠎ᠨᠢ ᠣᠯᠠᠨ ᠲᠦᠮᠡᠨ᠎ᠦ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠣᠯᠪᠣᠵᠤ᠂ ᠬᠣᠲᠠ᠎ᠶ᠋ᠢᠨ ᠵᠠᠰᠠᠯᠲᠠ᠎ᠶ᠋ᠢᠨ ᠬᠠᠯᠠᠭᠤᠨ ᠳᠤᠯᠠᠭᠠᠨ᠎ᠢ ᠬᠠᠷᠠᠭᠤᠯᠪᠠ᠃
ᠲᠠᠷᠠᠭᠠᠴᠢ᠎ᠶ᠋ᠢᠨ ᠠᠯᠬᠤᠮ᠎ᠳᠤ᠂ ᠬᠣᠲᠣᠩ ᠠᠷᠠᠳ᠎ᠤᠨ ᠲᠣᠭᠣᠷᠢᠭ ᠣᠯᠠᠨ ᠲᠦᠮᠡᠨ᠎ᠦ ᠶᠠᠪᠤᠵᠤ ᠰᠠᠭᠤᠬᠤ ᠬᠡᠷᠡᠭ᠌ᠴᠡᠭᠡ ᠱᠠᠭᠠᠷᠳᠠᠯᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠲᠡᠷᠭᠡ ᠵᠣᠭ᠍ᠰᠣᠬᠤ᠎ᠶ᠋ᠢ ᠵᠠᠰᠠᠬᠤ ᠠᠷᠭ᠎ᠠ ᠬᠡᠮᠵᠢᠶ᠎ᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠣᠶᠤᠨᠴᠢ᠎ᠪᠠᠷ ᠲᠡᠷᠭᠡ ᠵᠣᠭ᠍ᠰᠣᠬᠤ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠨᠠᠩ ᠨᠠᠷᠢᠯᠢᠭ ᠨᠠᠩ ᠪᠣᠳᠠᠲᠠᠶ᠎ᠶ᠋ᠢ ᠡᠷᠬᠢᠮᠯᠡᠬᠦ᠌ ᠠᠵᠢᠯᠯᠠᠭ᠎ᠠ᠎ᠪᠠᠷ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃