ᠣᠨᠣᠴᠠᠲᠠᠶ ᠬᠡᠮᠵᠢᠯᠲᠡ ᠠᠵᠤ ᠠᠬᠤᠢᠯᠠᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠤᠨ ᠦᠷ᠎ᠡ ᠠᠱᠢᠭ᠎ᠢ᠋ ᠨᠡᠮᠡᠭ᠌ᠳᠡᠭᠦᠯᠬᠦ᠌ ᠳ᠋ᠤ ᠬᠦᠴᠦᠨ ᠨᠡᠮᠡᠷᠢᠯᠡᠨᠡᠮ
2026-05-25 08:56:49
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠤᠷ᠎ᠠ ᠮᠡᠷᠭᠡᠵᠢᠯ ᠢ᠋ ᠬᠠᠮᠢᠶᠠᠷᠴᠤ᠌ ᠥᠪᠡᠷ ᠤ᠋ᠨ ᠥᠷᠲᠡᠭ ᠢ᠋ ᠡᠵᠡᠮᠳᠠᠨ ᠶᠠᠰᠤ ᠴᠢᠨᠠᠷ ᠢ᠋ ᠲᠣᠭ᠍ᠲᠠᠭᠠᠨ᠎ᠠ

  

ᠠᠳᠠᠯᠢᠬᠠᠨ ᠲᠦᠭᠦᠬᠡᠢ ᠡᠳ᠋᠂ ᠠᠳᠠᠯᠢᠬᠠᠨ ᠲᠥᠬᠥᠭᠡᠷᠦᠮᠵᠢ ᠪᠠᠢᠲᠠᠯ᠎ᠠ ᠶᠠᠭᠠᠬᠢᠭᠠᠳ ᠵᠠᠷᠢᠮ ᠠᠵᠤ ᠠᠬᠤᠢᠯᠠᠯ ᠤ᠋ᠨ ᠦᠢᠯᠡᠳᠬᠦᠨ ᠤ᠋ ᠶᠠᠰᠤ ᠴᠢᠨᠠᠷ ᠨᠢ ᠨᠡᠩ ᠲᠣᠭ᠍ᠲᠠᠪᠤᠷᠢᠲᠠᠢ᠂ ᠦᠢᠯᠡᠳᠪᠦᠷᠢᠯᠡᠯ ᠤ᠋ᠨ ᠥᠪᠡᠷ ᠤ᠋ᠨ ᠦᠷᠲᠡᠭ ᠨᠢ ᠨᠡᠩ ᠳᠣᠣᠷ᠎ᠠ᠂ ᠵᠠᠬ᠎ᠠ ᠳᠡᠯᠭᠡᠭᠦᠷ ᠤ᠋ᠨ ᠦᠷ᠎ᠡ ᠠᠱᠢᠭ ᠨᠢ ᠨᠡᠩ ᠰᠠᠢ᠌ᠨ ᠪᠠᠢᠳᠠᠭ ᠪᠤᠢ? ᠡᠬᠦᠨ᠎ᠤ ᠬᠠᠷᠢᠭᠤᠯᠳᠠ ᠭᠡᠪᠠᠯ ᠣᠯᠠᠨ ᠲᠦᠮᠡᠨ ᠤ᠋ ᠦᠷᠭᠦᠯᠵᠢ ᠣᠮᠲᠣᠭᠠᠢᠯᠠᠳᠠᠭ ᠤᠨᠤᠴᠠᠲᠠᠢ ᠬᠡᠮᠵᠢᠯᠲᠡ ᠳ᠋ᠤ ᠪᠤᠢ᠃

ᠠᠵᠤ ᠦᠢᠯᠡᠰ ᠬᠥᠭ᠌ᠵᠢᠪᠡᠯ ᠠᠵᠤ ᠠᠬᠤᠢ ᠬᠥᠭ᠌ᠵᠢᠵᠦ᠍᠂ ᠬᠡᠮᠵᠢᠯᠲᠡ ᠤᠨᠤᠴᠠᠲᠠᠢ ᠪᠤᠯ ᠶᠠᠰᠤ ᠴᠢᠨᠠᠷ ᠰᠠᠢᠨ ᠪᠤᠯᠳᠠᠭ᠃ 5 ᠰᠠᠷ᠎ᠠ ᠶ᠋ᠢᠨ 7 ᠤ᠋ ᠡᠳᠦᠷ᠂ ᠪᠥᠬᠥ᠌ ᠣᠷᠣᠨ ᠤ᠋ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠤ᠋ᠨ ᠲᠤᠬᠠᠶ ᠶ᠋ᠢᠨ ᠲᠠᠯᠠᠪᠤᠷ ᠤ᠋ᠨ ᠲᠤᠷᠱᠢᠯᠭ᠎ᠠ ᠰᠣᠯᠢᠯᠴᠠᠬᠤ ᠬᠤᠷᠠᠯ ᠬᠥᠬᠡᠬᠣᠲᠠ ᠳ᠋ᠤ ᠬᠤᠷᠠᠯᠳᠤᠪᠠ ᠃ ᠬᠤᠷᠠᠯ ᠳ᠋ᠤ ᠣᠷᠣᠯᠴᠠᠭ᠍ᠰᠠᠳ ᠲᠤᠬᠠᠢ ᠶ᠋ᠢᠨ ᠲᠠᠯᠠᠪᠤᠷ ᠢ᠋ᠶ᠋ᠡᠷ ᠲᠤᠭᠤᠷᠢᠨ ᠦᠵᠡᠵᠦ᠍᠂ ᠨᠠᠷᠢᠨ ᠵᠦᠶ᠋ᠯᠡᠰ ᠢ᠋ ᠠᠰᠠᠭᠤᠨ᠂ ᠲᠤᠷᠱᠢᠯᠭ᠎ᠠ ᠵᠢ ᠰᠣᠨᠣᠰᠴᠤ᠌᠂ ᠬᠡᠮᠵᠢᠯᠲᠡ ᠨᠢ ᠠᠵᠤ ᠠᠬᠤᠢᠯᠠᠯ ᠳ᠋ᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠥᠪᠡᠷ ᠤ᠋ᠨ ᠥᠷᠲᠡᠭ ᠢ᠋ ᠬᠢᠵᠠᠭᠠᠷᠯᠠᠬᠤ᠂ ᠦᠷ᠎ᠡ ᠠᠱᠢᠭ ᠢ᠋ ᠨᠡᠮᠡᠭ᠌ᠳᠡᠭᠦᠯᠬᠦ᠌ ᠦᠢᠯᠡᠳᠦᠯ ᠦᠵᠡᠭᠦᠯᠵᠦ ᠪᠠᠢᠭ᠎ᠠ ᠪᠤᠳᠠᠳᠤ ᠪᠠᠢᠳᠠᠯ ᠢ᠋ ᠦᠨᠡᠨ ᠬᠦ᠌ ᠣᠢᠯᠠᠭᠠᠪᠠ᠃ ᠡᠳᠦᠭᠡ᠂ ᠣᠨᠣᠴᠠᠲᠠᠢ ᠬᠡᠮᠵᠢᠯᠲᠡ ᠨᠢ ᠶᠠᠭ ᠥᠪᠥᠷ ᠮᠣᠩᠭᠣᠯ ᠤ᠋ᠨ ᠤᠨᠴᠠᠯᠢᠬ᠍ᠳᠤ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠲᠡᠢᠰᠢ ᠤᠷᠤᠭ᠍ᠰᠢᠯᠠᠬᠤ ᠳ᠋ᠤ ᠲᠤᠯᠭᠠᠭᠤᠷᠢᠯᠠᠬᠤ ᠪᠠᠲᠤ ᠪᠡᠬᠢ ᠬᠦᠴᠦᠨ ᠪᠤᠯᠵᠤ ᠪᠠᠢᠨ᠎ᠠ᠃

ᠬᠡᠮᠵᠢᠯᠲᠡ ᠶ᠋ᠢᠨ ᠪᠣᠳᠠᠲᠤ ᠦᠷ᠎ᠡ ᠪᠦᠲᠦᠮᠵᠢ᠎ᠨᠢᠳᠤᠨ᠎ᠳᠤ ᠦᠵᠡᠭᠳᠡᠵᠤ ᠭᠠᠷ᠎ᠲᠤ ᠪᠠᠷᠢᠬᠳᠠᠮᠠᠷ

《ᠥᠩᠭᠡᠷᠡᠭ᠌ᠰᠡᠨ ᠳ᠋ᠤ ᠬᠥᠮᠦᠰ ᠶᠡᠷᠦ᠍ ᠨᠢ ᠬᠡᠮᠵᠢᠯᠲᠡ ᠪᠣᠯ ᠳᠠᠷᠤᠶ 〈ᠬᠦᠨᠳᠦ᠍ ᠵᠢ ᠵᠢᠩᠯᠡᠬᠦ᠌᠂ ᠬᠡᠮᠵᠢᠭᠦᠷ ᠢ᠋ ᠰᠢᠯᠭᠠᠬᠤ〉 ᠦᠢᠯᠡᠳᠦᠯ ᠲᠠᠢ ᠭᠡᠵᠦ᠍ ᠦᠵᠡᠳᠡᠭ᠂ ᠦᠨᠡᠨ ᠳ᠋ᠡᠭᠡᠨ ᠬᠡᠮᠵᠢᠯᠲᠡ ᠪᠣᠯ ᠤᠷ᠎ᠠ ᠮᠡᠷᠭᠡᠵᠢᠯ ᠢ᠋ ᠬᠠᠮᠢᠶᠠᠷᠴᠤ᠌᠂ ᠥᠪᠡᠷ ᠤ᠋ᠨ ᠥᠷᠲᠡᠭ ᠢ᠋ ᠡᠵᠡᠮᠳᠠᠵᠤ᠂ ᠶᠠᠰᠤ ᠴᠢᠨᠠᠷ ᠢ᠋ ᠲᠣᠭ᠍ᠲᠠᠭᠠᠳᠠᠭ》 ᠭᠡᠵᠦ 5 ᠰᠠᠷ᠎ᠠ ᠶ᠋ᠢᠨ 7 ᠤ᠋ ᠡᠳᠦᠷ᠂ ᠰᠠᠶᠢᠬᠠᠨ ᠤᠯᠤᠰ ᠤ᠋ᠨ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠦᠪ ᠤ᠋ᠨ ᠲᠤᠷᠱᠢᠯᠲᠠ ᠶ᠋ᠢᠨ ᠲᠠᠰᠤᠭ᠎ᠵᠢᠡᠷ ᠲᠤᠭᠤᠷᠢᠨ ᠦᠵᠡᠭᠰᠡᠨ ᠠᠢᠮᠠᠭ ᠬᠤᠲᠠ ᠡᠴᠡ ᠢᠷᠡᠭᠰᠡᠨ ᠨᠢᠭᠡᠨ ᠲᠥᠯᠥᠭᠡᠯᠡᠭ᠌ᠴᠢ ᠥᠪᠡᠷ ᠤ᠋ᠨ ᠡᠷᠬᠡ ᠥᠬᠡᠶ ᠰᠡᠳᠭᠢᠯ ᠳᠣᠭ᠍ᠳᠣᠯᠦᠨ ᠬᠡᠯᠡᠨ᠎ᠡ᠃

ᠲᠤᠬᠠᠶ ᠶ᠋ᠢᠨ ᠲᠠᠯᠠᠪᠠᠶ ᠪᠡᠷ ᠲᠣᠭᠣᠷᠢᠨ ᠦᠵᠡᠬᠦ᠌ ᠶᠠᠪᠤᠴᠠ ᠳ᠋ᠤ᠂ ᠤᠯᠤᠰ ᠤ᠋ᠨ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠤ᠋ᠨ ᠦᠷ᠎ᠡ ᠪᠦᠲᠦᠭᠡᠯ ᠤ᠋ᠨ ᠦᠵᠡᠭᠦᠯᠭᠡ ᠨᠢ ᠬᠥᠮᠦᠰ ᠤ᠋ᠨ ᠠᠩᠬᠠᠷᠤᠯ ᠢ᠋ ᠲᠠᠲᠠᠪᠠ᠃ ᠲᠤᠰ ᠲᠥᠪ ᠤ᠋ᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭ᠌ᠰᠡᠨ ᠴᠠᠭᠠᠨ ᠢᠳᠡᠭᠡᠨ ᠤ᠋ ᠲᠤᠰᠭᠠᠶ ᠬᠡᠷᠡᠭ᠌ᠯᠡᠬᠦ᠌ ᠤᠷᠤᠰᠴᠠ ᠶ᠋ᠢᠨ ᠬᠡᠮᠵᠢᠭᠦᠷ ᠤ᠋ᠨ ᠲᠤᠬᠠᠶ ᠶ᠋ᠢᠨ ᠲᠠᠯᠠᠪᠤᠷ ᠤ᠋ᠨ ᠱᠢᠯᠭᠠᠬᠤ ᠲᠣᠨᠣᠭ᠍ᠯᠠᠯ ᠨᠢ ᠦᠶ᠋ᠯᠡᠴᠢᠯᠡᠭᠡ ᠵᠢ ᠱᠢᠭᠤᠳ ᠦᠶ᠋ᠯᠡᠳᠪᠦᠷᠢ ᠶ᠋ᠢᠨ ᠲᠠᠰᠤᠭ ᠲᠦ᠍ ᠨᠡᠭᠦᠯᠭᠡᠵᠦ᠍᠂ ᠮᠠᠱᠢᠨ ᠵᠣᠭ᠍ᠰᠣᠭᠠᠬᠤ ᠥᠬᠡᠶ᠂ ᠬᠡᠮᠵᠢᠭᠦᠷ ᠢ᠋ ᠵᠠᠳᠠᠯᠬᠤ ᠥᠬᠡᠶ᠂ ᠦᠶ᠋ᠯᠡᠳᠪᠦᠷᠢᠯᠡᠯ ᠢ᠋ ᠨᠥᠯᠥᠭᠡᠯᠡᠬᠦ᠌ ᠥᠬᠡᠶ ᠪᠤᠯᠭᠠᠪᠠ; ᠨᠥᠭᠥᠭᠡ ᠨᠢᠭᠡ ᠵᠦᠶ᠋ᠯ ᠤ᠋ᠨ ᠬᠠᠪᠲᠠᠰᠤᠨ ᠮᠠᠶᠢᠭ ᠤ᠋ᠨ ᠢᠯᠴᠢ ᠰᠣᠯᠢᠯᠴᠠᠭᠤᠷ ᠤ᠋ᠨ ᠯᠡᠪᠡᠷᠡᠯ ᠢ᠋ ᠪᠠᠢᠴᠠᠭᠠᠨ ᠬᠡᠮᠵᠢᠬᠦ᠌ ᠮᠡᠷᠭᠡᠵᠢᠯ ᠢ᠋ᠶ᠋ᠡᠷ ᠠᠵᠤ ᠠᠬᠤᠢᠯᠠᠯ ᠤ᠋ᠨ 170 ᠲᠥᠬᠥᠭᠡᠷᠦᠮᠵᠢ ᠵᠢ ᠪᠠᠢᠴᠠᠭᠠᠨ ᠬᠡᠮᠵᠢᠵᠦ᠍᠂ ᠲᠡᠷᠡ ᠳᠤᠤᠷ᠎ᠠ ᠨᠢ 9 ᠳᠠᠯᠳᠠ ᠯᠡᠪᠡᠷᠡᠭ᠌ᠰᠡᠨ ᠴᠡᠭ ᠢ᠋ ᠪᠠᠢᠴᠠᠭᠠᠨ ᠭᠠᠷᠭᠠᠪᠠ᠃

《ᠲᠣᠭ᠎ᠠ ᠪᠠᠷᠢᠮᠲᠠ ᠣᠨᠣᠪᠴᠢᠲᠠᠶ ᠪᠠᠢᠬᠤ ᠡᠰᠡᠬᠦ᠌ ᠨᠢ ᠦᠨᠢᠶᠡᠨ ᠰᠦ ᠶ᠋ᠢᠨ ᠠᠮᠤᠷ ᠲᠦᠪᠱᠢᠨ᠂ ᠶᠠᠰᠤ ᠴᠢᠨᠠᠷ ᠤ᠋ᠨ ᠲᠣᠭ᠍ᠲᠠᠭᠤᠨ ᠪᠠᠢᠬᠤ ᠲᠠᠢ ᠱᠢᠭᠤᠳ ᠬᠣᠯᠪᠣᠭ᠍ᠳᠠᠨ᠎ᠠ᠃ ᠲᠠᠳᠠ ᠴᠠᠭᠠᠨ ᠢᠳᠡᠭᠡᠨ ᠤ᠋ ᠦᠶ᠋ᠯᠡᠰ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠵᠠᠳᠠᠯᠵᠤ᠂ 838 ᠵᠠᠩᠭᠢᠯᠠᠭ᠎ᠠ ᠶ᠋ᠢᠨ ᠪᠣᠯᠵᠣᠯᠲᠤ ᠲᠣᠭ᠎ᠠ ᠵᠢ ᠨᠢᠭᠡᠳ ᠨᠢᠭᠡ ᠪᠡᠷ ᠡᠮᠬᠢᠯᠡᠨ ᠭᠠᠷᠭᠠᠵᠤ᠂ 776 ᠠᠵᠤ ᠦᠶ᠋ᠯᠡᠰ ᠤ᠋ᠨ ᠪᠣᠯᠵᠣᠯᠲᠤ ᠲᠣᠭ᠎ᠠ ᠶ᠋ᠢᠨ ᠬᠡᠮᠵᠢᠭᠳᠡᠯ ᠢ᠋ ᠮᠦᠷᠳᠡᠬᠦ ᠱᠢᠰᠲ᠋ᠧᠮ ᠤ᠋ᠨ ᠵᠢᠷᠤᠭ ᠢ᠋ ᠵᠢᠷᠤᠵᠤ᠂ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠠᠮᠢᠶ᠎ᠠ ᠪᠥᠬᠥᠶ ᠴᠡᠪᠡᠷᠴᠡ ᠶ᠋ᠢᠨ ᠲᠤᠷᠱᠢᠯᠲᠠ ᠶ᠋ᠢᠨ ᠲᠠᠰᠤᠭ᠂ ᠤᠷᠤᠰᠴᠠ ᠶ᠋ᠢᠨ ᠲᠤᠷᠱᠢᠯᠲᠠ ᠶ᠋ᠢᠨ ᠲᠠᠰᠤᠭ ᠵᠡᠷᠭᠡ 12 ᠲᠤᠰᠭᠠᠶ ᠮᠡᠷᠭᠡᠵᠢᠯ ᠤ᠋ᠨ ᠲᠤᠷᠱᠢᠯᠲᠠ ᠶ᠋ᠢᠨ ᠲᠠᠰᠤᠭ ᠢ᠋ ᠪᠠᠢᠭᠤᠯᠵᠤ᠂ 〈ᠬᠡᠮᠵᠢᠵᠦ᠍ ᠳᠡᠢᠯᠬᠦ᠌ ᠥᠬᠡᠶ᠂ ᠤᠨᠤᠪᠴᠢᠲᠠᠢ ᠬᠡᠮᠵᠢᠵᠦ᠍ ᠳᠡᠢᠯᠬᠦ᠌ ᠥᠬᠡᠶ᠂ ᠪᠦᠷᠢᠨ ᠬᠡᠮᠵᠢᠵᠦ᠍ ᠳᠡᠢᠯᠬᠦ᠌ ᠥᠬᠡᠶ〉 ᠪᠠᠢᠬᠤ ᠬᠦᠴᠢᠷ ᠠᠰᠠᠭᠤᠳᠠᠯ ᠢ᠋ ᠨᠢᠭᠡᠳ ᠨᠢᠭᠡ ᠪᠡᠷ ᠱᠢᠶ᠋ᠳᠪᠦᠷᠢᠯᠡᠪᠡ》 ᠭᠡᠵᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠮᠵᠢᠨ ᠰᠢᠯᠭᠠᠬᠤ ᠰᠤᠳᠤᠯᠭᠠᠨ ᠤ᠋ ᠬᠦᠷᠢᠶᠡᠯᠡᠩ ᠤ᠋ᠨ ᠳᠡᠳ᠋ ᠳᠠᠷᠤᠭ᠎ᠠ ᠱᠢᠶᠤᠤ ᠹᠸᠩ ᠲᠠᠨᠢᠯᠴᠠᠭᠤᠯᠪᠠ᠃ ᠳᠥᠷᠪᠡᠨ ᠵᠢᠯ ᠤ᠋ᠨ ᠲᠤᠷᠰᠢ᠂ ᠤᠯᠤᠰ ᠤ᠋ᠨ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠤ᠋ᠨ ᠬᠢᠨ ᠪᠥᠬᠥ᠌ ᠣᠷᠣᠨ ᠤ᠋ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠡᠯᠬᠢᠶ᠎ᠡ ᠶ᠋ᠢᠨ ᠬᠣᠯᠪᠣᠭ᠍ᠳᠠᠯ ᠪᠥᠬᠥᠶ 1000 ᠭᠠᠷᠤᠶ ᠠᠵᠤ ᠠᠬᠤᠢᠯᠠᠯ ᠳ᠋ᠤ ᠦᠶ᠋ᠯᠡᠴᠢᠯᠡᠵᠦ᠍᠂ ᠰᠦ ᠶ᠋ᠢᠨ ᠢᠷᠡᠯᠲᠡ᠂ ᠦᠶ᠋ᠯᠡᠳᠪᠦᠷᠢᠯᠡᠯ᠂ ᠡᠳ᠋ᠱᠢᠭᠦᠯᠦᠯᠲᠡ ᠡᠴᠡ ᠭᠦᠶ᠋ᠯᠭᠡᠭᠡ ᠬᠦᠷᠲᠡᠯ᠎ᠡ᠂ ᠭᠣᠭ᠍ᠴᠣᠭ᠎ᠠ ᠨᠢᠭᠡᠪᠦᠷᠢ ᠳ᠋ᠤ ᠴᠥᠮ ᠣᠨᠣᠴᠠᠲᠠᠶ ᠬᠡᠮᠵᠢᠯᠲᠡ ᠪᠡᠷ ᠪᠠᠷᠢᠮᠵᠢᠶ᠎ᠠ ᠵᠢ ᠰᠠᠬᠢᠵᠤ᠂ ᠶᠠᠰᠤ ᠴᠢᠨᠠᠷ ᠢ᠋ ᠲᠣᠭ᠍ᠲᠠᠪᠤᠷᠢᠵᠢᠭᠤᠯᠵᠤ᠂ ᠥᠪᠥᠷ ᠮᠣᠩᠭᠣᠯ ᠤ᠋ᠨ ᠰᠦ ᠶ᠋ᠢᠨ ᠦᠶ᠋ᠯᠡᠰ ᠤ᠋ᠨ ᠶᠠᠰᠤ ᠴᠢᠨᠠᠷ ᠤ᠋ᠨ ᠰᠠᠭᠤᠷᠢ ᠵᠢ ᠨᠠᠩ ᠰᠠᠢᠨ ᠪᠡᠬᠢᠵᠢᠭᠦᠯᠪᠡ᠃

ᠪᠤᠳᠤᠯ ᠰᠠᠨᠠᠯ᠎ᠵᠢᠡᠨ ᠰᠣᠯᠢᠯᠴᠠᠵᠤ ᠪᠣᠳᠠᠲᠤ ᠦᠷ᠎ᠡ ᠪᠦᠲᠦᠮᠵᠢ ᠪᠠᠨ ᠲᠠᠨᠢᠯᠴᠠᠭᠤᠯᠪᠠ

ᠪᠤᠳᠤᠯ ᠰᠠᠨᠠᠯ᠎ᠵᠢᠡᠨ ᠰᠣᠯᠢᠯᠴᠠᠨ ᠶᠠᠷᠢᠯᠴᠠᠬᠤ ᠭᠣᠭ᠍ᠴᠣᠭ᠎ᠠ ᠳ᠋ᠤ᠂ ᠡᠯ᠎ᠡ ᠠᠢᠮᠠᠭ ᠬᠤᠳᠠ ᠶ᠋ᠢᠨ ᠬᠢᠨ ᠠᠵᠤ ᠦᠢᠯᠡᠰ ᠤ᠋ᠨ ᠲᠦᠭᠵᠢᠷᠡᠯ ᠴᠡᠭ᠂ ᠠᠵᠤ ᠠᠬᠤᠢᠯᠠᠯ ᠤ᠋ᠨ ᠬᠦᠴᠢᠷ ᠠᠰᠠᠭᠤᠳᠠᠯ ᠤ᠋ᠨ ᠲᠣᠭᠣᠷᠢᠨ ᠳ᠋ᠤ ᠪᠣᠳᠠᠲᠤ ᠪᠠᠢᠳᠠᠯ ᠢ᠋ᠶ᠋ᠡᠨ ᠶᠠᠷᠢᠵᠤ᠂ ᠰᠠᠨᠠᠯ ᠢ᠋ᠶ᠋ᠡᠨ ᠰᠤᠯᠢᠯᠴᠠᠵᠤ᠂ ᠦᠷ᠎ᠡ ᠪᠦᠲᠦᠮᠵᠢ ᠪᠠᠨ ᠲᠠᠨᠢᠯᠴᠠᠭᠤᠯᠪᠠ᠃

ᠬᠣᠪᠣᠷ ᠱᠢᠷᠣᠶ ᠪᠠ ᠬᠡᠷᠡᠯᠴᠢ ᠴᠡᠨᠡᠭ ᠤ᠋ᠨ ᠠᠵᠤ ᠦᠶ᠋ᠯᠡᠰ ᠤ᠋ᠨ ᠬᠡᠮᠵᠢᠯᠲᠡ ᠶ᠋ᠢᠨ ᠡᠨᠧᠷᠭᠢ ᠣᠯᠭᠣᠬᠤ ᠲᠤᠬᠠᠶ ᠪᠤᠭᠤᠲᠤ ᠬᠣᠲᠠ ᠶ᠋ᠢᠨ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ ᠤ᠋ᠨ ᠳᠡᠳ᠋ ᠡᠷᠬᠢᠯᠡᠭ᠌ᠴᠢ ᠹᠸᠩ ᠱᠢᠶᠠᠩ ᠬᠣᠶ᠂ ᠠᠵᠤ ᠦᠶ᠋ᠯᠡᠰ ᠤ᠋ᠨ ᠲᠠᠯ᠎ᠠ ᠪᠡᠷ ᠳᠡᠭᠡᠳᠦ ᠲᠠᠰ ᠤ᠋ᠨ ᠱᠢᠪᠲᠤᠯᠤᠯᠲᠠ ᠬᠢᠬᠦ᠌ ᠳ᠋ᠤ ᠡᠩ ᠲᠡᠷᠢᠭᠦᠨ ᠳ᠋ᠤ 《ᠬᠡᠮᠵᠢᠯᠲᠡ ᠶ᠋ᠢᠨ ᠪᠣᠭᠣᠮᠲᠠ》 ᠵᠢ ᠳᠠᠪᠠᠬᠤ ᠬᠡᠷᠡᠭ᠌ᠲᠡᠶ ᠭᠡᠪᠡ᠃ ᠲᠡᠷᠡ ᠤᠯᠤᠰ ᠤ᠋ᠨ ᠬᠣᠪᠣᠷ ᠱᠢᠷᠣᠶ ᠶ᠋ᠢᠨ ᠴᠢᠳᠠᠮᠵᠢᠳᠤ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ᠂ ᠥᠪᠥᠷ ᠮᠣᠩᠭᠣᠯ ᠤ᠋ᠨ ᠬᠡᠷᠡᠯᠴᠢ ᠴᠡᠨᠡᠭ (ᠴᠠᠬᠢᠭᠤᠷ ᠮᠠᠲ᠋ᠧᠷᠢᠶᠠᠯ) ᠤ᠋ᠨ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠤ᠋ᠨ ᠬᠣᠶᠠᠷ ᠵᠢᠯ ᠤ᠋ᠨ ᠲᠤᠷᠱᠢᠬᠢ ᠬᠢᠷᠢ ᠪᠦᠲᠦᠮᠵᠢ ᠵᠢᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠲᠤᠷᠱᠢᠯᠲᠠ ᠶ᠋ᠢᠨ ᠲᠠᠰᠤᠭ ᠢ᠋ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠲᠦ᠍ ᠨᠡᠭᠦᠯᠭᠡᠬᠦ᠌ ᠪᠡᠷ ᠳᠡᠮᠵᠢᠨ᠂ ᠤᠷᠢᠳ ᠬᠣᠵᠢᠳ 300 ᠭᠠᠷᠤᠶ ᠠᠵᠤ ᠠᠬᠤᠢᠯᠠᠯ ᠳ᠋ᠤ ᠦᠶ᠋ᠯᠡᠴᠢᠯᠡᠵᠦ᠍᠂ 3 ᠲᠦᠮᠡ ᠱᠢᠬᠠᠮ ᠪᠠᠭᠠᠵᠢ ᠬᠡᠷᠡᠭ᠌ᠰᠡᠯ ᠢ᠋ ᠱᠢᠯᠭᠠᠨ ᠪᠠᠢᠴᠠᠭᠠᠵᠤ᠂ ᠥᠩᠭᠡᠷᠡᠭ᠌ᠰᠡᠨ ᠳ᠋ᠤ ᠮᠤᠵᠢ ᠠᠯᠤᠰᠯᠠᠨ ᠬᠢᠬᠦ᠌ ᠳᠡᠭᠡᠳᠦ ᠨᠠᠷᠢᠯᠢᠭ ᠱᠢᠯᠭᠠᠨ ᠪᠠᠢᠴᠠᠭᠠᠯᠲᠠ ᠵᠢ ᠣᠲᠣ ᠤᠢᠷ᠎ᠠ ᠤᠷᠴᠢᠮ ᠳ᠋ᠠᠭᠠᠨ ᠬᠢᠵᠦ᠍ ᠳᠡᠢᠯᠬᠦ᠌ ᠪᠣᠯᠵᠠᠶ ᠭᠡᠪᠡ᠃

ᠲᠥᠮᠥᠰᠥ᠍ ᠪᠠ ᠲᠡᠮᠦᠷ ᠤ᠋ᠨ ᠬᠠᠢᠯᠤᠰᠢ ᠶ᠋ᠢᠨ ᠬᠣᠶᠠᠷ ᠠᠵᠤ ᠦᠶ᠋ᠯᠡᠰ ᠤ᠋ᠨ ᠬᠡᠮᠵᠢᠨ ᠰᠢᠯᠭᠠᠬᠤ ᠲᠥᠪ ᠤ᠋ᠨ ᠠᠵᠤ ᠠᠬᠤᠢᠯᠠᠯ ᠳ᠋ᠤ ᠦᠵᠡᠭᠦᠯᠦᠭ᠌ᠰᠡᠨ ᠪᠣᠳᠠᠲᠤ ᠠᠰᠢᠬ᠎ᠤᠨ ᠲᠤᠬᠠᠶ ᠤᠯᠠᠭᠠᠨᠴᠠᠪ ᠬᠣᠲᠠ ᠶ᠋ᠢᠨ ᠦᠶ᠋ᠯᠡᠳᠬᠦᠨ ᠤ᠋ ᠶᠠᠰᠤ ᠴᠢᠨᠠᠷ ᠢ᠋ ᠱᠢᠯᠭᠠᠨ ᠪᠠᠢᠴᠠᠭᠠᠵᠤ ᠬᠢᠨᠠᠨ ᠬᠡᠮᠵᠢᠬᠦ ᠲᠥᠪ ᠤ᠋ᠨ ᠳᠡᠳ᠋ ᠡᠷᠬᠢᠯᠡᠭ᠌ᠴᠢ ᠾᠧᠦ ᡁᠢ ᠬᠣᠩ ᠦᠨᠡᠨ ᠪᠣᠳᠠᠲᠠᠶ 《ᠦᠷ᠎ᠡ ᠠᠱᠢᠭ ᠤ᠋ᠨ ᠲᠠᠩᠰᠠ》 ᠪᠤᠳᠤᠵᠤ ᠭᠠᠷᠭᠠᠪᠠ᠃ ᠲᠥᠮᠥᠰᠥᠨ ᠵᠦᠰᠦᠮ ᠡᠳ᠋ᠱᠢᠭᠦᠯᠬᠦ᠌ ᠭᠣᠭ᠍ᠴᠣᠭ᠎ᠠ ᠳ᠋ᠤ᠂ ᠬᠡᠮᠵᠢᠯᠲᠡ ᠶ᠋ᠢᠨ ᠮᠡᠷᠭᠡᠵᠢᠯ ᠢ᠋ᠶ᠋ᠡᠷ ᠳᠠᠮᠵᠢᠭᠤᠯᠤᠨ᠂ ᠳᠤᠯᠠᠭᠠᠨ ᠤ᠋ ᠬᠡᠮᠵᠢᠶ᠎ᠡ᠂ ᠳᠠᠷᠤᠯᠲᠠ ᠶ᠋ᠢᠨ ᠪᠣᠯᠵᠣᠯᠲᠤ ᠲᠣᠭ᠎ᠠ ᠵᠢ ᠣᠨᠣᠴᠠᠲᠠᠢ ᠬᠠᠮᠢᠶᠠᠷᠤᠨ ᠡᠵᠡᠮᠳᠡᠬᠦ᠌ ᠪᠡᠷ ᠳᠡᠮᠵᠢᠨ᠂ ᠵᠥᠪᠬᠡᠨ ᠥᠪᠥᠷ ᠮᠣᠩᠭᠣᠯ ᠤ᠋ᠨ ᠱᠦ᠍ ᠳᠦ ᠺᠠᠶ ᠳ᠋ᠠ ᠢᠳᠡᠭᠡᠨ ᠤ᠋ ᠬᠢᠵᠠᠭᠠᠷᠲᠤ ᠺᠣᠮᠫᠠᠨᠢ ᠶ᠋ᠢᠨ ᠨᠢᠭᠡ ᠦᠶ᠋ᠯᠡᠳᠪᠦᠷᠢᠯᠡᠯ ᠤ᠋ᠨ ᠱᠤᠭᠤᠮ ᠨᠢ ᠨᠢᠭᠡ ᠵᠢᠯ ᠳ᠋ᠤ 131 ᠲᠦᠮᠡᠨ ᠲᠥᠭᠥᠷᠢᠭ ᠤ᠋ᠨ ᠴᠠᠬᠢᠯᠭᠠᠨ ᠤ᠋ ᠰᠦᠶ᠋ᠳᠭᠡᠯ ᠢ᠋ ᠠᠷᠪᠢᠯᠠᠵᠤ᠂ ᠦᠶ᠋ᠯᠡᠳᠪᠦᠷᠢᠯᠡᠯ ᠤ᠋ᠨ ᠦᠶᠡᠯᠡᠯ ᠤ᠋ᠨ ᠬᠤᠭᠤᠴᠠᠭ᠎ᠠ ᠪᠠ ᠮᠠᠱᠢᠨ ᠵᠣᠭ᠍ᠰᠣᠬᠤ ᠬᠣᠷᠣᠭ᠍ᠳᠠᠯ ᠢ᠋ ᠴᠤ᠌ ᠶᠡᠬᠡ ᠪᠡᠷ ᠱᠢᠯᠢᠳᠡᠭ᠌ᠵᠢᠭᠦᠯᠪᠡ᠃ ᠲᠡᠮᠦᠷ ᠤ᠋ᠨ ᠬᠠᠢᠯᠤᠰᠢ ᠶ᠋ᠢᠨ ᠬᠦᠷᠢᠶᠡᠨ ᠳ᠋ᠤ ᠥᠪᠡᠷ ᠢ᠋ᠶ᠋ᠡᠨ ᠰᠤᠳᠤᠯᠤᠭ᠍ᠰᠠᠨ 12 ᠵᠦᠢᠯ ᠤ᠋ᠨ ᠪᠠᠷᠢᠮᠵᠢᠶᠠᠲᠤ ᠦᠯᠢᠭᠡᠷ ᠶᠠᠩᠵᠤ ᠪᠣᠯᠤᠨ ᠪᠠᠭ᠎ᠠ ᠨᠡᠭᠦᠷᠡᠰᠦᠲᠥ᠋ᠷᠥᠭ᠌ᠴᠢᠲᠦ ᠡᠨᠧᠷᠭᠢ ᠠᠷᠪᠢᠯᠠᠬᠤ ᠪᠠᠷᠢᠮᠵᠢᠶᠠᠲᠤ ᠱᠢᠰᠲᠸᠮ ᠳ᠋ᠤ ᠲᠦᠱᠢᠭ᠌ᠯᠡᠨ᠂ ᠵᠠᠭᠤᠨ ᠲᠦᠮᠡᠨ ᠲᠣᠨ ᠤ᠋ ᠦᠢᠯᠡᠳᠪᠦᠷᠢᠯᠡᠬᠦ᠌ ᠴᠢᠳᠠᠪᠤᠷᠢ ᠶ᠋ᠢᠨ ᠬᠡᠪᠴᠢᠶ᠎ᠡ ᠳᠤᠤᠷ᠎ᠠ᠂ ᠵᠢᠯ ᠪᠦᠷᠢ ᠠᠵᠢᠯ ᠲᠥᠷᠥᠯ ᠤ᠋ᠨ ᠡᠨᠧᠷᠭᠢ ᠶ᠋ᠢᠨ ᠥᠪᠡᠷ ᠤ᠋ᠨ ᠥᠷᠲᠡᠭ ᠢ᠋ 2500 ᠲᠦᠮᠡᠨ ᠲᠥᠭᠥᠷᠢᠭ ᠡᠴᠡ ᠳᠡᠭᠡᠭᠰᠢ ᠠᠷᠪᠢᠯᠠᠵᠤ ᠦᠭᠴᠦ ᠪᠠᠢᠨ᠎ᠠ᠃

ᠨᠡᠭᠦᠷᠡᠰᠦᠨ ᠤ᠋ ᠠᠵᠤ ᠦᠢᠯᠡᠰ ᠤ᠋ᠨ ᠪᠦᠬᠦ᠌ ᠬᠡᠯᠬᠢᠶᠡᠨ ᠤ᠋ ᠪᠠᠲᠤᠯᠠᠭ᠎ᠠ ᠳ᠋ᠤ ᠰᠠᠭᠤᠷᠢᠯᠠᠵᠤ᠂ ᠤᠷᠳᠤᠰ ᠬᠤᠳᠠ ᠶ᠋ᠢᠨ ᠱᠢᠯᠭᠠᠨ ᠪᠠᠢᠴᠠᠭᠠᠵᠤ ᠬᠢᠨᠠᠨ ᠬᠡᠮᠵᠢᠬᠦ᠌ ᠲᠥᠪ ᠤ᠋ᠨ ᠡᠷᠬᠢᠯᠡᠭ᠌ᠴᠢ ᠸᠠᠩ ᠱᠸᠨᠭ ᠡᠮᠦᠨ᠎ᠡ ᠹᠷᠣᠨᠲ ᠲᠦ᠍ ᠪᠠᠢᠴᠠᠭᠠᠨ ᠰᠤᠳᠤᠯᠤᠯᠲᠠ ᠬᠢᠭᠰᠡᠨ ᠬᠠᠮᠤᠭ ᠤ᠋ᠨ ᠭᠦᠨ ᠲᠦᠷᠦᠭ᠌ᠳᠡᠯ ᠢ᠋ᠶ᠋ᠡᠨ ᠳᠡᠯᠭᠡᠪᠡ᠃ ᠲᠤᠬᠠᠶ ᠶ᠋ᠢᠨ ᠭᠠᠵᠠᠷ ᠤ᠋ᠨ ᠬᠢᠨ 1.1 ᠲᠦᠮᠡᠨ ᠲᠡᠭ᠌ᠰᠢ ᠳᠥᠷᠪᠡᠯᠵᠢᠨ ᠮᠧᠲ᠋ᠷ ᠤ᠋ᠨ ᠨᠡᠭᠦᠷᠡᠰᠦ ᠵᠢᠴᠢ ᠨᠡᠭᠦᠷᠡᠰᠦᠨ ᠤ᠋ ᠬᠢᠮᠢ ᠶ᠋ᠢᠨ ᠠᠵᠤ ᠦᠶ᠋ᠯᠡᠳᠪᠦᠷᠢ ᠶ᠋ᠢᠨ ᠪᠠᠢᠴᠠᠭᠠᠨ ᠬᠡᠮᠵᠢᠬᠦ᠂ ᠬᠡᠮᠵᠢᠨ ᠬᠢᠨᠠᠨ ᠲᠣᠭ᠍ᠲᠠᠭᠠᠬᠤ ᠲᠤᠰᠭᠠᠶ ᠲᠤᠷᠱᠢᠯᠲᠠ ᠶ᠋ᠢᠨ ᠲᠠᠰᠤᠭ ᠪᠠᠢᠭᠤᠯᠵᠤ᠂ 250 ᠰᠠᠭᠤᠷᠢ (ᠢᠵᠢ) ᠭᠤᠤᠯ ᠲᠥᠬᠥᠭᠡᠷᠦᠮᠵᠢ ᠵᠢ ᠭᠦᠶ᠋ᠴᠡᠳ ᠲᠣᠬᠢᠷᠠᠭᠤᠯᠵᠤ᠂ 82 ᠵᠦᠶ᠋ᠯ ᠤ᠋ᠨ ᠬᠡᠮᠵᠢᠯᠲᠡ ᠶ᠋ᠢᠨ ᠪᠠᠷᠢᠮᠵᠢᠶ᠎ᠠ ᠵᠢ ᠲᠤᠬᠲᠠᠭᠠᠵᠤ᠂ 140 ᠵᠦᠶ᠋ᠯ ᠤ᠋ᠨ ᠵᠠᠩᠭᠢᠯᠠᠭ᠎ᠠ ᠶ᠋ᠢᠨ ᠪᠣᠯᠵᠣᠯᠲᠤ ᠲᠣᠭ᠎ᠠ ᠵᠢ ᠪᠠᠢᠴᠠᠭᠠᠨ ᠬᠡᠮᠵᠢᠬᠦ᠌ ᠴᠢᠳᠠᠪᠤᠷᠢ ᠵᠢ ᠪᠦᠷᠢᠯᠳᠦᠭᠦᠯᠪᠡ᠃ ᠡᠭᠦᠨ ᠤ᠋ ᠬᠠᠮᠲᠤ ᠠᠭᠤᠷᠬᠠᠶ ᠶ᠋ᠢᠨ ᠠᠦ᠋ᠲ᠋ᠣ᠋ ᠪᠡᠷ ᠵᠢᠯᠣᠭᠣᠳᠭᠤ ᠬᠦᠨᠳᠦ ᠬᠡᠯᠪᠡᠷᠢ ᠶ᠋ᠢᠨ ᠠᠴᠢᠶᠠᠨ ᠤ᠋ ᠲᠡᠷᠭᠡ ᠶ᠋ᠢᠨ ᠠᠮᠤᠷ ᠲᠦᠪᠱᠢᠨ ᠤ᠋ ᠱᠢᠯᠭᠠᠨ ᠦᠨᠡᠯᠡᠯᠲᠡ᠂ ᠤᠶᠤᠨᠴᠢ ᠮᠧᠲ᠋ᠠᠨ ᠤ᠋ ᠨᠦᠯᠦᠭᠡᠯᠡᠭᠦᠷ ᠢ᠋ ᠰᠤᠳᠤᠯᠤᠨ ᠨᠡᠭᠡᠭᠡᠬᠦ᠌ ᠬᠣᠶᠠᠷ ᠶᠡᠬᠡ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠥᠷᠥᠯ ᠵᠦᠶ᠋ᠯ ᠢ᠋ ᠪᠠᠢᠷᠢᠱᠢᠭᠤᠯᠵᠤ᠂ ᠬᠡᠮᠵᠢᠯᠲᠡ ᠶ᠋ᠢᠨ ᠠᠷᠭ᠎ᠠ ᠪᠠᠷᠢᠯ ᠢ᠋ᠶ᠋ᠡᠷ ᠠᠭᠤᠷᠬᠠᠶ ᠶ᠋ᠢᠨ ᠠᠮᠤᠷ ᠲᠦᠪᠱᠢᠨ᠂ ᠠᠷᠠᠯᠵᠢᠶᠠᠨ ᠤ᠋ ᠡᠷᠬᠡ ᠲᠡᠭ᠌ᠰᠢ ᠪᠠ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ ᠬᠣᠷᠢᠭ᠎ᠠ ᠱᠤᠭᠤᠮ ᠢ᠋ ᠪᠠᠲᠤ ᠰᠠᠬᠢᠪᠠ᠃

ᠣᠨᠣᠴᠠᠲᠠᠶ ᠬᠡᠮᠵᠢᠯᠲᠡ ᠪᠡᠷ ᠡᠨᠧᠷᠭᠢ ᠣᠯᠭᠣᠵᠤ ᠱᠢᠨ᠎ᠡ ᠵᠠᠮ ᠨᠡᠭᠡᠭᠡᠪᠡ

ᠨᠢᠭᠡ ᠤᠳᠠᠭᠠᠨ ᠤ᠋ ᠲᠤᠬᠠᠢ ᠶ᠋ᠢᠨ ᠲᠠᠯᠠᠪᠤᠷ ᠲᠦ᠍ ᠲᠣᠭᠣᠷᠢᠨ ᠦᠵᠡᠬᠦ ᠠᠵᠢᠯᠯᠠᠭ᠎ᠠ᠂ ᠨᠢᠭᠡ ᠡᠭᠡᠯᠵᠢ ᠶ᠋ᠢᠨ ᠪᠣᠳᠠᠲᠠᠢ ᠵᠢ ᠡᠷᠬᠢᠮᠯᠡᠭ᠌ᠰᠡᠨ ᠶᠠᠷᠢᠯᠴᠠᠬᠤ ᠬᠤᠷᠠᠯ ᠨᠢ ᠥᠪᠥᠷ ᠮᠣᠩᠭᠣᠯ ᠤ᠋ᠨ ᠠᠵᠤ ᠦᠢᠯᠡᠰ ᠤ᠋ᠨ ᠬᠡᠮᠵᠢᠯᠲᠡ ᠶ᠋ᠢᠨ ᠠᠵᠢᠯ ᠤ᠋ᠨ ᠬᠢᠯᠠᠯᠵᠠᠮ᠎ᠠ ᠠᠮᠵᠢᠯᠲᠠ ᠪᠦᠲᠦᠮᠵᠢ ᠵᠢ ᠢᠯᠡᠷᠡᠭᠦᠯᠦᠭ᠌ᠰᠡᠨ ᠢ᠋ᠶ᠋ᠡᠷ ᠪᠠᠷᠠᠬᠤ ᠦᠭᠡᠢ ᠪᠠᠰᠠ ᠬᠣᠢᠱᠢᠳᠠ ᠶ᠋ᠢᠨ ᠠᠵᠢᠯ ᠤ᠋ᠨ ᠠᠷᠭ᠎ᠠ ᠵᠠᠮ ᠢ᠋ ᠲᠣᠳᠣᠷᠬᠠᠢᠯᠠᠪᠠ ᠃

《ᠠᠵᠤ ᠦᠢᠯᠡᠰ ᠤ᠋ᠨ ᠪᠠᠢᠷᠢᠱᠢᠭᠤᠯᠤᠯᠲᠠ ᠬᠠᠮᠢᠭ᠎ᠠ ᠬᠦᠷᠪᠡᠯ ᠬᠡᠮᠵᠢᠯᠲᠡ ᠶ᠋ᠢᠨ ᠦᠢᠯᠡᠴᠢᠯᠡᠭᠡ ᠲᠡᠨᠳᠡ ᠬᠦᠷᠴᠦ᠍᠂ ᠠᠵᠤ ᠦᠢᠯᠡᠰ ᠤ᠋ᠨ ᠬᠡᠷᠡᠭ᠌ᠴᠡᠭᠡ ᠶᠠᠮᠠᠷ ᠬᠡᠮᠵᠢᠶᠡᠨ ᠳ᠋ᠤ ᠬᠦᠷᠲᠡᠯ᠎ᠡ ᠬᠥᠭ᠌ᠵᠢᠪᠡᠯ᠂ ᠬᠡᠮᠵᠢᠯᠲᠡ ᠶ᠋ᠢᠨ ᠬᠠᠩᠭᠠᠯᠭ᠎ᠠ ᠶ᠋ᠢᠨ ᠴᠢᠳᠠᠪᠤᠷᠢ ᠵᠢ ᠶᠠᠮᠠᠷ ᠬᠡᠮᠵᠢᠶᠡᠨ ᠳ᠋ᠤ ᠬᠦᠷᠲᠡᠯ᠎ᠡ ᠳᠡᠭᠡᠭ᠌ᠰᠢᠯᠡᠭᠦᠯᠦᠨ᠎ᠡ》 ᠭᠡᠵᠦ᠍ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠨ ᠤ᠋ ᠳᠡᠳ᠋ ᠳᠠᠷᠤᠭ᠎ᠠ ᠭᠤᠸᠠᠨ ᠵᠢᠶᠦ᠋ᠨ ᠱᠠᠨ ᠬᠡᠯᠡᠨ᠎ᠠ᠃

ᠲᠤᠬᠠᠢ ᠶ᠋ᠢᠨ ᠲᠠᠯᠠᠪᠠᠢ ᠶ᠋ᠢᠨ ᠰᠣᠯᠢᠯᠴᠠᠭ᠎ᠠ ᠳ᠋ᠤ᠂ ᠤᠯᠠᠨ ᠢ᠋ᠶ᠋ᠡᠷ ᠢ᠋ᠶ᠋ᠡᠨ ᠨᠢᠭᠡ ᠠᠵᠤ ᠦᠢᠯᠡᠰ ᠤ᠋ᠨ ᠬᠡᠮᠵᠢᠯᠲᠡ ᠶ᠋ᠢᠨ ᠲᠥᠪ ᠤ᠋ᠨ ᠦᠷ᠎ᠡ ᠪᠦᠲᠦᠮᠵᠢ ᠰᠠᠢ᠌ᠨ ᠪᠠᠢᠬᠤ ᠡᠰᠡᠬᠦ᠌ ᠵᠢ ᠦᠨᠡᠯᠡᠬᠦ᠌ ᠳ᠋ᠤ ᠠᠵᠤ ᠦᠢᠯᠡᠰ ᠤ᠋ᠨ ᠬᠡᠳᠦᠢ ᠬᠦᠴᠢᠷ᠎ᠢ ᠱᠢᠢᠳᠪᠦᠷᠢᠯᠡᠵᠦ᠍᠂ ᠡᠵᠡᠩᠨᠡᠯᠲᠡ ᠶ᠋ᠢᠨ ᠭᠣᠣᠯ ᠴᠣᠭ᠍ᠴᠠ ᠳ᠋ᠤ ᠬᠡᠳᠦᠢ ᠦᠢᠯᠡᠴᠢᠯᠡᠵᠦ᠍᠂ ᠠᠵᠤ ᠠᠬᠤᠢᠯᠠᠯ ᠳ᠋ᠤ ᠬᠡᠷᠬᠢᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠦᠷ᠎ᠡ ᠠᠱᠢᠭ ᠢ᠋ ᠨᠡᠮᠡᠭ᠌ᠳᠡᠭᠦᠯᠵᠦ ᠦᠭᠭᠦᠭᠰᠡᠨ ᠳ᠋ᠤ ᠪᠠᠢᠨ᠎ᠠ᠃ ᠡᠯ᠎ᠡ ᠠᠢᠮᠠᠭ ᠬᠣᠲᠠ ᠨᠤᠭᠤᠳ ᠲᠣᠰ ᠪᠡᠶ᠎ᠡ ᠶ᠋ᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠢ᠋ ᠬᠦᠭᠵᠢᠭᠦᠯᠵᠦ᠂ ᠵᠦᠷᠢᠶᠡᠴᠢᠯᠡᠭ᠌ᠰᠡᠨ ᠣᠨᠴᠠᠯᠢᠭ᠍ᠲᠤ ᠬᠥᠭ᠌ᠵᠢᠯᠲᠡ ᠶ᠋ᠢᠨ ᠵᠠᠮ ᠢ᠋ᠶ᠋ᠡᠷ ᠵᠠᠮᠨᠠᠬᠤ ᠬᠡᠷᠡᠭ᠌ᠲᠡᠶ᠃ ᠬᠦᠷᠢᠶᠡᠯᠡᠩ ᠲᠣᠭᠣᠷᠢᠭ ᠲᠦ᠍ ᠢᠯᠡᠭᠦᠬᠡᠨ ᠬᠦᠷᠴᠦ ᠪᠠᠢᠳᠠᠯ ᠢ᠋ ᠤᠢᠯᠠᠭᠠᠵᠤ᠂ ᠳᠤᠮᠳᠠ ᠪᠠᠭ᠎ᠠ ᠠᠵᠤ ᠠᠬᠤᠢᠯᠠᠯ ᠳ᠋ᠤ ᠬᠡᠮᠵᠢᠯᠲᠡ ᠶ᠋ᠢᠨ ᠲᠥᠰᠦᠯ ᠲᠣᠭ᠍ᠲᠠᠭᠠᠨ ᠥᠭ᠌ᠴᠦ᠂ ᠶᠡᠬᠡ ᠳᠡᠭᠡᠳᠦ ᠰᠤᠷᠭᠠᠭᠤᠯᠢ ᠰᠤᠳᠤᠯᠭᠠᠨ ᠤ᠋ ᠬᠦᠷᠢᠶᠡᠯᠡᠩ ᠭᠠᠵᠠᠷ᠂ ᠳᠠᠭᠠᠭᠤᠯᠤᠭ᠍ᠴᠢ ᠠᠵᠤ ᠠᠬᠤᠢᠯᠠᠯ ᠲᠠᠢ ᠬᠣᠯᠪᠣᠭᠠᠯᠠᠨ ᠮᠡᠷᠭᠡᠵᠢᠯ ᠤ᠋ᠨ ᠪᠣᠭᠣᠮᠢ ᠵᠢ ᠱᠢᠪᠲᠤᠯᠵᠤ᠂ ᠬᠡᠮᠵᠢᠯᠲᠡ ᠶ᠋ᠢᠨ ᠮᠡᠷᠭᠡᠵᠢᠯ ᠤ᠋ᠨ ᠳᠠᠪᠠᠭᠤᠯᠢᠭ ᠢ᠋ ᠠᠵᠤ ᠦᠶ᠋ᠯᠡᠰ ᠤ᠋ᠨ ᠬᠡᠯᠬᠢᠶ᠎ᠡ ᠶ᠋ᠢ ᠲᠣᠭ᠍ᠲᠠᠪᠤᠷᠢᠵᠢᠭᠤᠯᠤᠨ ᠴᠢᠨᠭᠭᠠᠳᠬᠠᠬᠤ ᠥᠷᠢᠰᠥᠯᠳᠦᠭᠡᠨ ᠤ᠋ ᠳᠠᠪᠠᠭᠤᠯᠢᠭ ᠪᠣᠯᠭᠠᠨ ᠦᠨᠡᠨ ᠬᠦ᠌ ᠬᠤᠪᠢᠷᠠᠭᠤᠯᠬᠤ ᠬᠡᠷᠡᠭᠲᠡᠢ ᠭᠡᠰᠡᠨ ᠬᠠᠮᠲᠤ ᠶ᠋ᠢᠨ ᠲᠠᠨᠢᠯᠲᠠ ᠵᠢ ᠪᠤᠢ ᠪᠤᠯᠭᠠᠪᠠ᠃

ᠪᠠᠭ᠎ᠠ ᠡᠴᠡ ᠨᠢᠭᠡ ᠦᠢᠯᠡᠳᠬᠦᠨ ᠤ᠋ ᠶᠠᠰᠤ ᠴᠢᠨᠠᠷ ᠢ᠋ ᠡᠵᠡᠮᠳᠡᠬᠦ᠌᠂ ᠶᠡᠬᠡ ᠡᠴᠡ ᠨᠢᠭᠡ ᠠᠵᠤ ᠦᠢᠯᠡᠰ ᠤ᠋ᠨ ᠬᠡᠯᠬᠢᠶ᠎ᠡ ᠶ᠋ᠢ ᠲᠡᠰ ᠲᠡᠪᠱᠢᠭᠦᠯᠵᠦ ᠪᠦᠰᠡᠯᠡᠯᠲᠡ ᠵᠢ ᠱᠢᠪᠲᠤᠯᠬᠤ ᠬᠦᠷᠲᠡᠯ᠎ᠡ᠂ ᠣᠨᠣᠴᠠᠲᠠᠢ ᠬᠡᠮᠵᠢᠯᠲᠡ ᠨᠢ ᠢᠮᠠᠬᠲᠠ ᠴᠢᠬᠤᠯᠠ ᠲᠤᠯᠭᠠᠭᠤᠷᠢᠯᠠᠬᠤ ᠦᠢᠯᠡᠳᠦᠯ ᠪᠠᠳᠠᠷᠠᠭᠤᠯᠵᠤ᠂ ᠪᠦᠬᠦ᠌ ᠶᠠᠪᠤᠴᠠ ᠳ᠋ᠤ ᠡᠨᠧᠷᠭᠢ ᠨᠡᠮᠡᠷᠢᠯᠡᠪᠡ᠃ ᠲᠡᠷᠡ ᠨᠢ ᠥᠴᠦᠬᠡᠨ ᠴᠦ᠍ ᠵᠥᠷᠢᠬᠦ᠌ ᠦᠭᠡᠢ ᠪᠠᠷᠢᠮᠵᠢᠶ᠎ᠠ ᠪᠡᠷ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠰᠠᠬᠢᠨ ᠬᠠᠮᠠᠭᠠᠯᠠᠵᠤ᠂ ᠨᠠᠷᠢᠯᠢᠭ ᠤᠨᠤᠴᠠᠲᠠᠢ ᠮᠡᠷᠭᠡᠵᠢᠯ ᠢ᠋ᠶ᠋ᠡᠷ ᠠᠵᠤ ᠦᠢᠯᠡᠰ ᠤ᠋ᠨ ᠬᠦᠴᠢᠷ ᠠᠰᠠᠭᠤᠳᠠᠯ ᠢ᠋ ᠱᠢᠢᠳᠪᠦᠷᠢᠯᠡᠵᠦ᠍᠂ ᠤᠨᠤᠴᠠᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠡᠷ ᠬᠥᠭ᠌ᠵᠢᠯᠲᠡ ᠶ᠋ᠢᠨ ᠰᠠᠭᠤᠷᠢ ᠵᠢ ᠪᠡᠬᠢᠵᠢᠭᠦᠯᠵᠦ᠂ ᠡᠨᠡ ᠬᠦ᠌ 《ᠬᠡᠮᠵᠢᠯᠲᠡ ᠶ᠋ᠢᠨ ᠪᠠᠷᠢᠮᠵᠢᠶᠠᠲᠤ ᠱᠤᠭᠤᠮ》 ᠨᠢ ᠶᠠᠭ ᠥᠪᠥᠷ ᠮᠣᠩᠭᠣᠯ ᠤ᠋ᠨ ᠦᠪᠡᠷᠮᠢᠴᠡ ᠤᠨᠴᠠᠯᠢᠬᠳᠤ ᠳᠠᠪᠠᠭᠤᠯᠢᠭ ᠠᠵᠤ ᠦᠢᠯᠡᠰ ᠤ᠋ᠨ ᠬᠥᠭ᠌ᠵᠢᠯᠲᠡ ᠶ᠋ᠢᠨ ᠦᠨᠳᠦᠷᠴᠡ ᠵᠢ ᠲᠠᠰᠤᠷᠠᠯᠲᠠ ᠦᠭᠡᠢ ᠬᠡᠮᠵᠢᠵᠦ᠍᠂ ᠪᠦᠬᠦ᠌ ᠣᠷᠣᠨ ᠤ᠋ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠤ᠋ᠨ ᠪᠠᠢᠭᠤᠯᠤᠯᠲᠠ ᠳ᠋ᠤ ᠪᠠᠲᠤ ᠪᠡᠬᠢ ᠮᠡᠷᠭᠡᠵᠢᠯ ᠤ᠋ᠨ ᠬᠥᠳᠡᠯᠭᠡᠬᠦ᠌ ᠡᠨᠧᠷᠭᠢ ᠬᠠᠩᠭᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号