ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ ᠠᠵᠢᠯ᠎ᠡᠴᠠ᠎ᠪᠠᠨ ᠠᠮᠠᠷᠠᠭ᠍ᠰᠠᠨ ᠺᠠᠳ᠋ᠷᠴᠤᠳ᠎ᠢ ᠵᠣᠬᠢᠶᠠᠨ ᠪᠠᠢᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠴᠢᠨᠠᠷᠲᠠᠶ ᠡᠷᠡᠭᠦᠯᠵᠢᠯ ᠰᠤᠪᠢᠯᠠᠯᠲᠠ᠎ᠶ᠋ᠢᠨ ᠨᠡᠢᠲᠡ᠎ᠶ᠋ᠢᠨ ᠪᠠᠢᠷᠢ᠎ᠳᠤ ᠬᠦᠷᠴᠦ᠍᠂ ᠲᠣᠭᠣᠷᠢᠨ ᠦᠵᠡᠵᠦ᠍ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠴᠢᠨᠠᠷᠲᠠᠶ ᠡᠷᠡᠭᠦᠯᠵᠢᠯ ᠰᠤᠪᠢᠯᠠᠯᠲᠠ᠎ᠶ᠋ᠢᠨ ᠨᠡᠢᠲᠡ᠎ᠶ᠋ᠢᠨ ᠪᠠᠢᠷᠢ ᠨᠢ ᠮᠠᠨ᠎ᠤ ᠤᠷᠤᠨ᠎ᠤ ᠭᠤᠤᠯᠳᠠᠯᠭ᠎ᠠ ᠲᠠᠢ ᠴᠤᠬᠴᠠᠯᠠᠨ ᠪᠠᠢᠭᠤᠯᠤᠬᠰᠠᠨ ᠳᠠᠭᠤᠷᠢᠶᠠᠯ ᠦᠵᠡᠭᠦᠯᠬᠦ ᠴᠢᠨᠠᠷᠲᠠᠢ ᠨᠡᠢᠲᠡ᠎ᠶᠢᠨ ᠠᠰᠠᠷᠠᠮᠵᠢ᠎ᠶᠢᠨ ᠲᠦᠷᠦᠯ ᠵᠦᠢᠯ ᠪᠠᠢᠵᠦ᠂ ᠨᠠᠰᠤᠲᠠᠢᠴᠤᠳ᠎ᠲᠤ ᠪᠦᠬᠦ ᠲᠠᠯ᠎ᠠ᠎ᠵᠢᠨ ᠪᠦᠭᠡᠳ ᠴᠢᠨᠠᠷ ᠰᠠᠢᠲᠠᠢ ᠲᠤᠰᠬᠠᠢᠵᠢᠬᠰᠠᠨ ᠡᠮᠴᠢᠯᠡᠭᠡ᠂ ᠨᠠᠰᠤᠵᠢᠯ᠎ᠤᠨ ᠦᠢᠯᠡᠴᠢᠯᠡᠭᠡ ᠬᠠᠩᠭᠠᠬᠤ ᠪᠡᠷ ᠵᠤᠷᠢᠯᠭ᠎ᠠ ᠪᠠᠨ ᠪᠤᠯᠭᠠᠵᠠᠢ᠃ ᠠᠵᠢᠯᠯᠠᠭ᠎ᠠ ᠳᠡᠭᠡᠷ᠎ᠡ᠂ ᠠᠬᠠᠮᠠᠳ ᠨᠥᠬᠥᠳ ᠡᠴᠡ ᠨᠠᠰᠤᠲᠠᠢᠴᠤᠳ᠎ᠤᠨ ᠨᠡᠢᠲᠡ᠎ᠶ᠋ᠢᠨ ᠪᠠᠢᠷᠢ᠂ ᠰᠤᠪᠢᠯᠠᠯᠲᠠ᠎ᠶ᠋ᠢᠨ ᠬᠦᠷᠢᠶᠡᠯᠡᠩ᠂ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠵᠢᠴᠢ ᠰᠣᠶᠣᠯ ᠪᠡᠶ᠎ᠡ᠎ᠶ᠋ᠢᠨ ᠲᠠᠮᠢᠷ᠎ᠤᠨ ᠣᠷᠳᠣᠨ ᠵᠡᠷᠭᠡ ᠴᠢᠳᠠᠮᠵᠢᠳᠤ ᠣᠷᠣᠨ ᠪᠦᠰᠡ᠎ᠶ᠋ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠨᠡᠢᠲᠡ᠎ᠶ᠋ᠢᠨ ᠪᠠᠢᠷᠢ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢᠨ ᠵᠠᠭ᠍ᠪᠤᠷ᠂ ᠨᠠᠰᠤᠵᠢᠯᠲᠠ᠎ᠳᠤ ᠳᠣᠭᠢᠷᠠᠬᠤ ᠲᠥᠬᠥᠭᠡᠷᠦᠮᠵᠢ᠎ᠶ᠋ᠢᠨ ᠲᠣᠬᠢᠷᠠᠭᠤᠯᠤᠯᠲᠠ᠂ ᠣᠶᠤᠨᠴᠢ ᠠᠰᠠᠷᠠᠨ ᠰᠤᠪᠢᠯᠠᠬᠤ ᠲᠥᠬᠥᠭᠡᠷᠦᠮᠵᠢ ᠵᠢᠴᠢ 《ᠡᠮᠴᠢᠯᠡᠭᠡ᠂ ᠡᠷᠡᠭᠦᠯᠵᠢᠯ᠂ ᠰᠤᠪᠢᠯᠠᠯᠲᠠ᠂ ᠵᠢᠭᠤᠯᠴᠢᠯᠠᠯ᠂ ᠵᠤᠭ᠎ᠠ ᠴᠡᠩᠭᠡᠯ》ᠲᠠᠪᠤ᠎ᠶ᠋ᠢ ᠨᠢᠭᠡ ᠴᠣᠭ᠍ᠴᠠᠵᠢᠭᠤᠯᠤᠭ᠍ᠰᠠᠨ ᠡᠷᠡᠭᠦᠯᠵᠢᠯ ᠰᠤᠪᠢᠯᠠᠯᠲᠠ᠎ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠨᠠᠷᠢᠨ ᠣᠢᠯᠠᠭᠠᠬᠤ᠎ᠶ᠋ᠢᠨ ᠬᠠᠮᠲᠤ ᠣᠷᠣᠵᠤ ᠰᠠᠭᠤᠭ᠍ᠰᠠᠨ ᠨᠠᠰᠤᠲᠠᠢᠴᠤᠳ᠎ᠲᠠᠶ ᠳᠣᠲᠣᠨᠣ᠎ᠪᠠᠷ ᠶᠠᠷᠢᠯᠴᠠᠪᠠ᠃
ᠠᠬᠠᠮᠠᠳ ᠨᠥᠬᠥᠳ ᠡᠴᠡ᠂ ᠡᠷᠡᠭᠦᠯᠵᠢᠯ ᠰᠤᠪᠢᠯᠠᠯᠲᠠ᠎ᠶ᠋ᠢᠨ ᠨᠡᠢᠲᠡ᠎ᠶ᠋ᠢᠨ ᠪᠠᠢᠷᠢ᠎ᠶ᠋ᠢᠨ ᠪᠦᠷᠢᠨ ᠲᠡᠭᠦᠯᠳᠡᠷ ᠰᠠᠭᠤᠷᠢ ᠲᠦᠬᠦᠭᠡᠷᠦᠮᠵᠢ᠎ᠶ᠋ᠢᠨ ᠨᠥᠬᠥᠴᠡᠯ᠂ ᠲᠤᠰᠭᠠᠶ ᠮᠡᠷᠭᠡᠵᠢᠯ᠎ᠦᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠣᠯᠠᠨ᠎ᠢᠶᠠᠷ᠎ᠢᠶᠠᠨ᠂ ᠲᠣᠭᠣᠷᠢᠨ ᠦᠵᠡᠵᠦ᠍ ᠪᠡᠶᠡᠴᠢᠯᠡᠨ ᠤᠢᠯᠠᠭᠠᠬᠤ᠌ᠪᠡᠷ ᠳᠡᠮᠵᠢᠨ ᠪᠥᠬᠥ᠌ ᠣᠷᠣᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ᠎ᠶ᠋ᠢ ᠮᠡᠳᠡᠷᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠠᠰᠤᠲᠠᠢᠴᠤᠳ᠎ᠢ ᠬᠦᠢᠴᠡᠳ ᠬᠠᠯᠠᠮᠵᠢᠯᠠᠨ ᠬᠠᠢᠷᠠᠯᠠᠵᠤ ᠪᠠᠢᠬᠤ᠎ᠶ᠋ᠢ ᠦᠨᠡᠨ ᠬᠦ᠌ ᠣᠢᠯᠠᠭᠠᠪᠠ᠃ ᠬᠣᠢᠱᠢᠳᠠ ᠢᠳᠡᠪᠬᠢᠲᠡᠢ ᠰᠡᠳᠭᠢᠴᠡ᠎ᠪᠡᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠦᠷᠭᠦᠯᠵᠢᠯᠡᠨ ᠠᠩᠬᠠᠷᠴᠤ᠌᠂ ᠪᠤᠭᠤᠷᠤᠯᠴᠤᠳ᠎ᠤᠨ ᠦᠢᠯᠡᠳᠦᠯ ᠵᠢᠡᠨ ᠪᠠᠳᠠᠷᠠᠭᠤᠯᠤᠨ᠎ᠠ ᠭᠡᠵᠦ ᠢᠯᠡᠷᠬᠡᠢᠯᠡᠵᠡᠭᠡᠪᠡ᠃