— 《ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠨᠥᠬᠥᠪᠥᠷᠢᠤᠯᠭᠤᠬᠤ ᠶ᠋ᠢ ᠠᠬᠢᠭᠤᠯᠬᠤ ᠳᠤᠬᠠᠢ ᠬᠡᠷᠡᠭ᠌ᠵᠢᠭᠦᠯᠬᠦ᠌ ᠲᠥᠰᠦᠯ》 ᠤ᠋ᠨ ᠲᠠᠢᠯᠤᠮᠵᠢ
ᠣᠢᠷ᠎ᠠ᠎ᠳᠤ᠂ ᠲᠥᠪ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠵᠥᠪᠯᠡᠯ ᠬᠢᠨᠠᠨ ᠵᠦᠪᠯᠡᠵᠦ ᠪᠠᠲᠤᠯᠠᠭ᠍ᠰᠠᠨ ᠪᠥᠭᠡᠳ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ ᠬᠠᠮᠲᠤᠷᠠᠨ 《ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠨᠥᠬᠥᠪᠥᠷᠢ ᠤᠯᠭᠤᠬᠤ᠎ᠶ᠋ᠢ ᠠᠬᠢᠭᠤᠯᠬᠤ ᠳᠤᠬᠠᠢ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠪᠠ᠃ ᠶᠠᠭᠤᠨ᠎ᠳᠤ ᠲᠥᠰᠦᠯ᠎ᠢ ᠳᠠᠷᠤᠮᠠᠯᠯᠠᠨ ᠲᠠᠷᠬᠠᠭᠠᠭᠰᠠᠨ ᠪᠤᠢ? ᠲᠥᠰᠦᠯ᠎ᠳᠦ ᠶᠠᠮᠠᠷ ᠶᠠᠮᠠᠷ ᠭᠤᠤᠯᠳᠠᠯᠭ᠎ᠠ᠎ᠲᠠᠶ ᠠᠵᠢᠯ᠎ᠢ ᠪᠠᠢᠷᠢᠯᠠᠭᠤᠯᠤᠭᠰᠠᠨ ᠪᠣᠶ? ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ 22 ᠤ᠋ᠨ ᠡᠳᠦᠷ ᠲᠠᠢᠯᠤᠮᠵᠢ ᠬᠢᠪᠠ᠃
ᠠᠰᠠᠭᠤᠯᠲᠠ᠄ ᠲᠥᠰᠦᠯ᠎ᠢ ᠨᠡᠢᠲᠡᠯᠡᠭ᠌ᠰᠡᠨ ᠠᠬᠤᠶ ᠪᠠᠢᠳᠠᠯ ᠨᠢ ᠶᠠᠭᠤ ᠪᠣᠶ?
ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠡᠴᠡ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠃ ᠣᠳᠣᠬᠠᠨ᠎ᠳᠤ᠂ ᠲᠥᠪ᠎ᠦᠨ ᠱᠠᠲᠤᠨ᠎ᠤ ᠵᠢᠯ ᠳᠤᠮᠳᠠᠴᠢ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠪᠠᠯᠠ ᠮᠥᠩᠭᠥ᠎ᠶ᠋ᠢᠨ ᠬᠡᠪᠴᠢᠶ᠎ᠡ ᠨᠢᠭᠡᠨᠲᠡ 2000 ᠭᠠᠷᠤᠶ ᠳ᠋ᠦᠩᠱᠢᠭᠤᠷ ᠲᠥᠭᠥᠷᠢᠭ᠎ᠲᠦ ᠬᠦᠷᠴᠦ᠍᠂ ᠭᠤᠤᠯᠳᠠᠯᠭ᠎ᠠ᠎ᠲᠠᠶ ᠬᠦᠷᠢᠶ᠎ᠡ ᠪᠠ ᠭᠤᠤᠯᠳᠠᠯᠭ᠎ᠠ᠎ᠲᠠᠶ ᠣᠷᠣᠨ ᠪᠦᠰᠡ᠎ᠳᠡᠬᠢ ᠨᠦᠬᠦᠪᠦᠷᠢ ᠵᠢ ᠨᠡᠢᠳᠡᠮ ᠪᠦᠷᠬᠦᠭᠦᠯᠬᠦ ᠶ᠋ᠢ ᠦᠨᠳᠦᠰᠦᠨ᠎ᠳᠡᠭᠡᠨ ᠪᠡᠶᠡᠯᠡᠭᠦᠯᠪᠡ; ᠪᠥᠬᠥ᠌ ᠤᠯᠤᠰ᠎ᠤᠨ 24 ᠮᠤᠵᠢ ᠣᠷᠣᠨ᠎ᠤ ᠬᠢᠨ ᠮᠤᠵᠢ ᠠᠯᠤᠰᠯᠠᠭ᠍ᠰᠠᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠥᠨᠳᠡᠯᠡᠨ᠎ᠢᠶᠡᠷ ᠨᠥᠬᠥᠪᠥᠷᠢᠯᠡᠬᠦ ᠲᠣᠭ᠍ᠲᠠᠴᠠ᠎ᠶ᠋ᠢ ᠨᠡᠢᠲᠡ 33 ᠪᠠᠢᠭᠤᠯᠵᠤ᠂《ᠥᠪᠡᠷ᠎ᠦᠨ ᠥᠷᠲᠡᠭ᠎ᠢ ᠬᠠᠮᠲᠤ᠎ᠪᠠᠷ ᠡᠭᠦᠷᠭᠡᠯᠡᠬᠦ᠌᠂ ᠦᠷ᠎ᠡ ᠠᠱᠢᠭ᠎ᠢ ᠬᠠᠮᠲᠤ᠎ᠪᠠᠷ ᠡᠳ᠋ᠯᠡᠬᠦ᠌᠂ ᠬᠠᠮᠲᠤᠷᠠᠯᠴᠠᠵᠤ ᠬᠠᠮᠲᠤ ᠪᠡᠷ ᠵᠠᠰᠠᠬᠤ》 ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠵᠠᠰᠠᠯᠲᠠ᠎ᠶ᠋ᠢᠨ ᠵᠠᠭ᠍ᠪᠤᠷ᠎ᠢ ᠪᠦᠲᠦᠮᠵᠢᠲᠡᠶ ᠳᠡᠯᠭᠡᠷᠡᠭᠦᠯᠪᠡ᠃
2024 ᠣᠨ᠎ᠳᠤ᠂ 《ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠦᠷᠢᠮ》 ᠢ᠋ ᠨᠡᠢᠲᠡᠯᠡᠨ ᠬᠡᠷᠡᠭ᠌ᠵᠢᠭᠦᠯᠦᠭ᠌ᠰᠡᠨ ᠨᠢ ᠮᠠᠨ᠎ᠤ ᠤᠯᠤᠰ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠠᠵᠢᠯ ᠬᠠᠤᠯᠢ ᠪᠡᠷ ᠵᠠᠰᠠᠬᠤ ᠱᠢᠨ᠎ᠡ ᠱᠠᠲᠤᠨ᠎ᠳᠤ ᠤᠷᠤᠬ᠍ᠰᠠᠨ᠎ᠢ ᠬᠠᠷᠠᠭᠤᠯᠵᠤ ᠪᠠᠢᠨ᠎ᠠ᠃ ᠣᠯᠠᠨ ᠵᠢᠯ᠎ᠦᠨ ᠴᠢᠷᠮᠠᠢᠯᠭ᠎ᠠ᠎ᠪᠠᠷ ᠳᠡᠮᠵᠢᠨ᠂ ᠮᠠᠨ᠎ᠤ ᠤᠯᠤᠰ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ᠎ᠶ᠋ᠢᠨ ᠲᠣᠭ᠍ᠲᠠᠴᠠ᠎ᠶ᠋ᠢᠨ ᠬᠠᠮᠤᠷᠬᠤ ᠬᠡᠪᠴᠢᠶ᠎ᠡ᠂ ᠠᠱᠢᠭ ᠭᠥᠷᠳᠡᠭᠰᠡᠨ ᠬᠥᠮᠦᠨ ᠠᠮᠠ᠂ ᠣᠷᠣᠭᠤᠯᠤᠯᠲᠠ᠎ᠶ᠋ᠢᠨ ᠡᠷᠴᠢᠮ ᠨᠢ ᠴᠥᠮ ᠳᠡᠯᠡᠬᠡᠶ᠎ᠶ᠋ᠢᠨ ᠲᠡᠷᠢᠭᠦᠨ᠎ᠳᠦ ᠯᠠᠪᠳᠠᠭᠤᠨ ᠪᠠᠢᠷᠢᠯᠠᠵᠤ᠂ ᠮᠠᠨ᠎ᠤ ᠤᠯᠤᠰ᠎ᠤᠨ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠲᠦᠪᠱᠢᠨ᠎ᠢ ᠳᠡᠭᠡᠭ᠌ᠰᠢᠯᠡᠭᠦᠯᠬᠦ᠌᠂ ᠠᠮᠢ ᠠᠬᠤᠶ᠎ᠶ᠋ᠢᠨ ᠪᠣᠯᠪᠠᠰᠤᠨ᠎ᠢ ᠬᠠᠮᠲᠤ᠎ᠪᠠᠷ ᠪᠠᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭᠠᠭ᠍ᠰᠠᠨ ᠪᠠᠢᠨ᠎ᠠ᠃ ᠭᠡᠪᠡᠴᠦ᠍᠂ ᠣᠳᠣᠬᠢ ᠱᠠᠲᠤᠨ᠎ᠳᠤ ᠮᠥᠨ ᠬᠦ᠌ ᠣᠷᠣᠨ ᠪᠦᠰᠡ ᠠᠯᠤᠰᠯᠠᠨ ᠬᠥᠨᠳᠡᠯᠡᠨ᠎ᠢᠶᠡᠷ ᠨᠥᠬᠥᠪᠥᠷᠢᠯᠡᠬᠦ᠌ᠠᠵᠢᠯᠢ ᠠᠬᠢᠭᠤᠯᠬᠤ᠎ᠳᠤ ᠬᠦᠴᠢᠷᠳᠡᠯ ᠶᠡᠬᠡ᠂ ᠭᠣᠣᠯᠳᠠᠯᠭ᠎ᠠ᠎ᠲᠠᠶ ᠣᠷᠣᠨ ᠪᠦᠰᠡ᠎ᠶ᠋ᠢᠨ ᠨᠥᠬᠥᠪᠥᠷᠢᠯᠡᠬᠦ᠌ ᠡᠷᠴᠢᠮ ᠳᠤᠲᠠᠮᠠᠭ᠂ ᠠᠮᠢ ᠠᠬᠤᠶ᠎ᠶ᠋ᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ ᠱᠢᠯᠤᠭᠤᠨ ᠪᠤᠰᠤ᠂ ᠨᠥᠬᠥᠪᠥᠷᠢᠯᠡᠬᠦ᠌ ᠪᠡᠯᠡ ᠮᠥᠩᠭᠥ᠎ᠶ᠋ᠢᠨ ᠢᠷᠡᠯᠲᠡ ᠨᠢ ᠡᠳ᠋᠎ᠦᠨ ᠵᠠᠰᠠᠭ᠎ᠲᠤ ᠬᠡᠲᠦᠷᠬᠡᠶ ᠲᠦᠱᠢᠭ᠌ᠯᠡᠬᠦ᠌ ᠵᠡᠷᠭᠡ ᠠᠰᠠᠭᠤᠳᠠᠯ᠎ᠳᠤ ᠲᠤᠯᠭᠠᠷᠠᠵᠤ᠂ ᠲᠤᠯᠭᠠᠮ ᠱᠢᠶ᠋ᠳᠪᠦᠷᠢᠯᠡᠬᠦ᠌ ᠴᠢᠬᠤᠯᠠᠲᠠᠶ ᠪᠠᠢᠨ᠎ᠠ᠃
ᠠᠰᠠᠭᠤᠯᠲᠠ᠄ ᠲᠥᠰᠦᠯ᠎ᠢ ᠲᠤᠭᠤᠷᠪᠢᠬᠰᠠᠨ ᠵᠠᠷᠴᠢᠮ ᠨᠢ ᠶᠠᠭᠤ ᠪᠣᠶ?
ᠬᠠᠷᠢᠭᠤᠯᠲᠠ᠄ ᠲᠦᠰᠦᠯ ᠨᠢ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ ᠵᠢ ᠪᠠᠷᠢᠮᠳᠠᠯᠠᠵᠤ᠂ ᠭᠤᠤᠯᠳᠠᠯᠭ᠎ᠠ ᠲᠠᠢ ᠤᠷᠤᠨ ᠪᠦᠰᠡ ᠪᠤᠯᠤᠨ ᠴᠢᠬᠤᠯᠠ ᠠᠮᠢ ᠠᠬᠤᠢ ᠵᠢᠨ ᠰᠢᠰᠲᠧᠮ᠎ᠤᠨ ᠲᠦᠷᠦᠯ ᠬᠤᠪᠢᠶᠠᠬᠤ᠎ᠳᠤ ᠴᠢᠭᠯᠡᠭᠦᠯᠦᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠲᠤᠷᠠᠳᠪᠠ; ᠵᠠᠰᠠᠭ᠎ᠤᠨ ᠣᠷᠳᠣᠨᠭᠤᠤᠯᠯᠠᠨ ᠤᠳᠤᠷᠢᠳᠬᠤ᠂ ᠨᠡᠢᠭᠡᠮ᠎ᠦᠨ ᠬᠢᠨ ᠣᠷᠣᠯᠴᠠᠬᠤ᠎ᠶ᠋ᠢ ᠪᠠᠷᠢᠮᠲᠠᠯᠠᠨ᠂ ᠵᠠᠬ᠎ᠠ ᠳᠡᠯᠭᠡᠭᠦᠷᠴᠢᠯᠡᠭ᠌ᠰᠡᠨ ᠨᠥᠬᠥᠪᠥᠷᠢ᠎ᠳᠡᠬᠢ ᠡᠳ᠋᠎ᠦᠨ ᠵᠠᠰᠠᠭ᠎ᠤᠨ ᠪᠡᠯᠡ ᠮᠥᠩᠭᠥ᠎ᠵᠢᠨ ᠬᠥᠲᠥᠯᠥᠨ ᠵᠢᠯᠣᠭᠣᠳᠭᠤ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠪᠠ; ᠬᠥᠮᠦᠨ᠎ᠳᠦ ᠠᠩᠬᠠᠷᠤᠯ᠎ᠢᠶᠠᠨ ᠲᠥᠪᠯᠡᠷᠡᠭᠦᠯᠬᠦ᠌᠂ ᠤᠷᠮᠠᠱᠢᠭᠤᠯᠬᠤ᠎ᠪᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠤᠤᠯ ᠴᠣᠭ᠍ᠴᠠ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ᠎ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠬᠥᠭ᠌ᠵᠢᠭᠡᠪᠠ᠃
ᠠᠰᠠᠭᠤᠯᠲᠠ᠄ ᠲᠥᠰᠦᠯ᠎ᠳᠦ ᠴᠢᠬᠤᠯᠠ ᠤᠰᠤᠨ ᠰᠤᠷᠪᠤᠯᠵᠢ᠎ᠶ᠋ᠢᠨ ᠣᠷᠣᠨ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠂ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠴᠢᠳᠠᠮᠵᠢᠲᠤ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠦ ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠨᠥᠬᠥᠪᠥᠷᠢ᠎ᠶ᠋ᠢ ᠳᠥᠯᠭᠢᠨ ᠠᠬᠢᠭᠤᠯᠬᠤ ᠲᠤᠬᠠᠶ ᠶᠠᠮᠠᠷ ᠶᠠᠮᠠᠷ ᠪᠠᠢᠷᠢᠯᠠᠭᠤᠯᠤᠯᠲᠠ ᠬᠢᠭ᠌ᠰᠡᠨ ᠪᠣᠶ? ᠭᠤᠤᠯᠳᠠᠭᠤ ᠶᠠᠭᠤ ᠵᠢ ᠪᠣᠳᠣᠯᠬᠢᠯᠠᠭᠰᠠᠨ ᠪᠣᠶ?
ᠬᠠᠷᠢᠭᠤᠯᠲᠠ᠄ ᠨᠢᠭᠡ᠎ᠳᠦ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠥᠨᠳᠡᠯᠡᠨ᠎ᠢᠶᠡᠷ ᠨᠥᠬᠥᠪᠥᠷᠢᠯᠡᠬᠦ ᠲᠣᠭ᠍ᠲᠠᠴᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠤᠨ᠎ᠠ᠃ ᠣᠳᠣᠬᠠᠨ᠎ᠳᠤ᠂ ᠣᠷᠣᠨ ᠪᠦᠰᠡ ᠠᠯᠤᠰᠯᠠᠭ᠍ᠰᠠᠨ ᠢᠯᠠᠩᠭᠤᠶ᠎ᠠ ᠮᠤᠵᠢ ᠠᠯᠤᠰᠯᠠᠭ᠍ᠰᠠᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠥᠭ᠌ᠬᠦ ᠲᠣᠭ᠍ᠲᠠᠴᠠ ᠨᠢ ᠠᠱᠢᠭ ᠲᠤᠰᠠ᠎ᠶ᠋ᠢᠨ ᠦᠵᠡᠯᠴᠡᠭᠡᠨ᠎ᠳᠦ ᠬᠣᠯᠪᠣᠭ᠍ᠳᠠᠵᠤ᠂ ᠨᠥᠬᠥᠪᠥᠷᠢ ᠤᠯᠭᠤᠬᠤ ᠪᠠᠷᠢᠮᠵᠢᠶ᠎ᠠ᠎ᠶ᠋ᠢ ᠲᠣᠭ᠍ᠲᠠᠭᠠᠬᠤ᠂ ᠪᠡᠯᠡ ᠮᠥᠩᠭᠥ᠌ ᠴᠤᠭ᠍ᠯᠠᠭᠤᠯᠤᠨ ᠬᠤᠪᠢᠶᠠᠷᠢᠯᠠᠬᠤ᠂ ᠵᠥᠪᠯᠡᠯᠴᠡᠭᠡᠷ᠎ᠢ ᠪᠣᠳᠠᠲᠠᠢ ᠬᠡᠷᠡᠭ᠌ᠵᠢᠭᠦᠯᠬᠦ᠌ ᠵᠡᠷᠭᠡ ᠲᠠᠯ᠎ᠠ᠎ᠳᠤ ᠬᠣᠯᠪᠣᠭ᠍ᠳᠠᠵᠤ᠂ ᠵᠣᠬᠢᠴᠠᠭᠤᠯᠬᠤ ᠬᠦᠴᠢᠷᠳᠡᠯ ᠮᠥᠨ ᠯᠡ ᠮᠠᠰᠢ ᠶᠡᠬᠡ ᠪᠠᠢᠨ᠎ᠠ᠃ ᠲᠥᠰᠦᠯ᠎ᠳᠦ᠂ ᠳᠠᠪᠬᠤᠷᠭ᠎ᠠ ᠬᠤᠪᠢᠶᠠᠨ ᠲᠦᠷᠦᠯ ᠬᠤᠪᠢᠶᠠᠭ᠍ᠰᠠᠨ ᠬᠥᠨᠳᠡᠯᠡᠨ᠎ᠢᠶᠡᠷ ᠨᠥᠬᠥᠪᠥᠷᠢᠯᠡᠬᠦ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ ᠬᠥᠬᠡᠮᠥ᠋ᠷᠡᠨ᠂ ᠬᠠᠳᠤᠨ ᠭᠣᠣᠯ ᠵᠡᠷᠭᠡ ᠭᠣᠣᠯᠳᠠᠯᠭ᠎ᠠ᠎ᠲᠠᠶ ᠰᠠᠪᠠ ᠭᠠᠵᠠᠷ᠎ᠤᠨ ᠭᠣᠣᠯ ᠤᠷᠤᠰᠭᠠᠯ᠎ᠳᠦ᠂ ᠲᠥᠪ᠎ᠦᠨ ᠳᠠᠪᠬᠤᠷᠭ᠎ᠠ ᠡᠴᠡ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠥᠨᠳᠡᠯᠡᠨ᠎ᠢᠶᠡᠷ ᠨᠥᠬᠥᠪᠥᠷᠢᠯᠡᠬᠦ ᠨᠢᠭᠡᠳᠦᠯᠲᠡᠢ ᠲᠣᠭ᠍ᠲᠠᠴᠠ᠎ᠶ᠋ᠢ ᠪᠠᠢᠭᠤᠯᠤᠨ᠎ᠠ; ᠱᠢᠨ ᠠᠨ ᠵᠢᠶᠠᠩ ᠮᠥᠷᠡᠨ᠂ ᠴᠤᠪᠠᠢ ᠭᠣᠣᠯ ᠵᠡᠷᠭᠡ ᠨᠢᠭᠡᠨᠲᠡ ᠪᠠᠢᠭ᠎ᠠ ᠮᠤᠵᠢ ᠠᠯᠤᠰᠯᠠᠭ᠍ᠰᠠᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠥᠨᠳᠡᠯᠡᠨ᠎ᠢᠶᠡᠷ ᠨᠥᠬᠥᠪᠥᠷᠢᠯᠡᠬᠦ ᠲᠣᠭ᠍ᠲᠠᠴᠠ᠎ᠳᠤ᠂ ᠨᠥᠬᠥᠪᠥᠷᠢ᠎ᠶ᠋ᠢᠨ ᠵᠥᠪᠯᠡᠯᠴᠡᠭᠡᠷ᠎ᠢ ᠣᠬᠣᠷ ᠬᠤᠭᠤᠴᠠᠭ᠎ᠠ ᠡᠴᠡ ᠤᠷᠳᠤ ᠬᠤᠭᠤᠴᠠᠭ᠎ᠠ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠲᠣᠭ᠍ᠲᠠᠭᠤᠨ ᠪᠦᠭᠡᠳ ᠵᠢᠱ᠌ᠢᠵᠦ ᠪᠤᠯᠬᠤᠢᠴᠠ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌ ᠪᠠ ᠬᠠᠷᠢᠭᠤᠴᠠᠯᠭ᠎ᠠ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠦᠷᠢᠯᠳᠦᠭᠦᠯᠵᠦ᠂ ᠬᠢᠯᠢ ᠠᠯᠤᠰᠯᠠᠭ᠍ᠰᠠᠨ ᠬᠢᠨᠠᠨ ᠬᠡᠮᠵᠢᠯᠲᠡ᠎ᠶ᠋ᠢᠨ ᠣᠭ᠍ᠲᠣᠯᠤᠭᠠᠰᠤ ᠶ᠋ᠢᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠤᠨ᠎ᠠ; ᠳ᠋ᠠᠨ ᠵᠢᠶᠠᠩ ᠺᠸᠤ ᠴᠥᠭᠥᠷᠥᠮ᠎ᠦᠨ ᠣᠷᠣᠨ᠂ ᠮᠢ ᠶᠦᠨ ᠤᠰᠤᠨ ᠴᠥᠭᠥᠷᠥᠮ ᠵᠡᠷᠭᠡ ᠴᠢᠬᠤᠯᠠ ᠤᠤᠭᠤᠬᠤ ᠤᠰᠤᠨ᠎ᠤ ᠰᠤᠷᠪᠤᠯᠵᠢ᠎ᠶ᠋ᠢᠨ ᠭᠠᠵᠠᠷ᠎ᠲᠤ᠂ ᠠᠵᠢᠯ ᠲᠦᠷᠦᠯ᠎ᠢᠶᠡᠷ᠎ᠢᠶᠡᠨ ᠬᠠᠮᠵᠢᠯᠴᠠᠬᠤ ᠵᠡᠷᠭᠡ ᠲᠣᠭ᠍ᠲᠠᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠣᠬᠢᠷᠠᠮᠵᠢᠲᠠᠢ ᠠᠵᠤ ᠦᠢᠯᠡᠰ᠎ᠢ ᠱᠢᠯᠵᠢᠭᠦᠯᠦᠨ ᠵᠣᠯᠭᠠᠭᠤᠯᠬᠤ᠂ ᠪᠣᠬᠢᠷᠲᠤᠯ ᠦᠭᠡᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠦᠨ ᠣᠨᠳᠣᠣᠱᠢᠭᠤᠯᠬᠤ ᠵᠡᠷᠭᠡ ᠬᠠᠮᠲᠤᠷᠠᠯᠴᠠᠭ᠎ᠠ᠎ᠶ᠋ᠢ ᠠᠬᠢᠭᠤᠯᠵᠤ᠂ ᠤᠰᠤᠨ᠎ᠤ ᠰᠤᠷᠪᠤᠯᠵᠢ᠎ᠶᠢᠨ ᠣᠷᠣᠨ ᠪᠣᠯᠤᠨ ᠤᠰᠤ ᠬᠦᠷᠳᠡᠬᠦ᠌ ᠣᠷᠣᠨ᠎ᠤ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠂ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠤᠰᠤᠨ᠎ᠤ ᠴᠢᠨᠠᠷ᠂ ᠤᠰᠤᠨ᠎ᠤ ᠬᠡᠮᠵᠢᠶ᠎ᠡ ᠪᠣᠯᠤᠨ ᠤᠰᠤᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃
ᠬᠣᠶᠠᠷ᠎ᠲᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠬᠠᠮᠠᠭᠠᠯᠠᠯᠳᠠ ᠠᠱᠢᠭ᠍ᠯᠠᠯᠳᠠᠶ᠋ᠢ ᠲᠡᠩᠴᠡᠭᠦᠷᠢᠲᠡᠢ ᠪᠠᠢᠯᠭᠠᠬᠤ᠎ᠶ᠋ᠢ ᠠᠬᠢᠭᠤᠯᠤᠨ᠎ᠠ᠃ ᠣᠳᠣᠬᠠᠨ᠎ᠳᠤ᠂ ᠣᠨᠴᠠ ᠵᠠᠷᠢᠮ ᠭᠠᠵᠠᠷ ᠣᠷᠣᠨ᠎ᠳᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠶᠠᠪᠤᠴᠠ᠎ᠳᠤ 《ᠨᠢᠭᠡ ᠯᠡ ᠠᠳᠠᠯᠢ᠎ᠪᠠᠷ ᠱᠠᠭᠠᠷᠳᠠᠬᠤ》 ᠪᠠᠢᠳᠠᠯ ᠢᠯᠡᠷᠡᠵᠦ᠍᠂ ᠡᠩ᠎ᠦᠨ ᠡᠵᠡᠮᠳᠡᠯ᠎ᠦᠨ ᠭᠠᠵᠠᠷ ᠳᠣᠲᠣᠷᠠᠬᠢ ᠪᠣᠶ ᠪᠥᠬᠥᠶ ᠠᠵᠢᠯᠯᠠᠭ᠎ᠠ ᠵᠢ ᠨᠢᠭᠡ ᠯᠡ ᠬᠡᠪ᠎ᠢᠶᠡᠷ ᠴᠠᠭᠠᠵᠠᠯᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠥᠷᠲᠡᠭ᠎ᠢ ᠪᠡᠶᠡᠯᠡᠭᠦᠯᠬᠦ᠌᠎ᠶ᠋ᠢ ᠵᠣᠬᠢᠰᠲᠠᠶ ᠠᠬᠢᠭᠤᠯᠵᠤ ᠴᠢᠳᠠᠭ᠍ᠰᠠᠨ ᠥᠬᠡᠶ ᠪᠠᠢᠨ᠎ᠠ᠃ ᠲᠥᠰᠦᠯ᠎ᠳᠦ᠂ ᠣᠷᠣᠨ ᠬᠤᠪᠢᠶᠠᠨ ᠲᠥᠷᠥᠯ ᠬᠤᠪᠢᠶᠠᠨ ᠬᠠᠮᠠᠭᠠᠯᠠᠵᠤ ᠠᠱᠢᠭ᠍ᠯᠠᠬᠤ ᠵᠠᠭ᠍ᠪᠤᠷ᠎ᠢ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠥᠷᠲᠡᠭ᠎ᠢ ᠪᠡᠶᠡᠯᠡᠭᠦᠯᠬᠦ ᠵᠦᠪᠰᠢᠶᠡᠷᠡᠨ ᠤᠷᠤᠭᠤᠯᠬᠤ ᠨᠠᠷᠢᠨ ᠳᠠᠩᠰᠠ᠎ᠶ᠋ᠢ ᠰᠤᠳᠤᠯᠤᠨ ᠨᠡᠢᠲᠡᠯᠡᠵᠦ᠍᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠡᠩ᠎ᠦᠨ ᠡᠵᠡᠮᠳᠡᠯ᠎ᠦᠨ ᠣᠷᠣᠨ᠎ᠳᠦ ᠵᠦᠪᠰᠢᠶᠡᠷᠡᠨ ᠤᠷᠤᠭᠤᠯᠬᠤ ᠡᠵᠡᠩᠨᠡᠯᠲᠡ᠎ᠶ᠋ᠢᠨ ᠬᠡᠯᠪᠡᠷᠢ ᠂ ᠲᠥᠷᠥᠯ ᠵᠦᠶ᠋ᠯ᠎ᠦᠨ ᠬᠡᠯᠪᠡᠷᠢ᠎ᠶ᠋ᠢ ᠲᠣᠳᠣᠷᠬᠠᠢᠯᠠᠵᠤ᠂ ᠵᠦᠪᠰᠢᠶᠡᠷᠡᠨ ᠤᠷᠤᠭᠤᠯᠬᠤ ᠲᠥᠷᠥᠯ ᠵᠦᠶ᠋ᠯ᠎ᠦᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠪᠠᠢᠭᠤᠯᠤᠨ᠎ᠠ᠃ ᠡᠭᠦᠨ᠎ᠦ ᠬᠠᠮᠲᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠣᠷᠣᠨ ᠵᠠᠶ᠎ᠶ᠋ᠢᠨ ᠱᠢᠰᠲ᠋ᠧᠮ᠎ᠢ ᠵᠦᠶ ᠵᠣᠬᠢᠰᠲᠠᠶ ᠪᠠᠢᠷᠢᠱᠢᠭᠤᠯᠤᠨ ᠪᠠᠢᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠪᠠᠢᠴᠠᠭᠠᠨ ᠦᠨᠡᠯᠡᠬᠦ᠌ ᠱᠢᠰᠲ᠋ᠧᠮ᠎ᠢ ᠤᠯᠠᠮ ᠨᠢᠭᠡ ᠠᠯᠬᠤᠮ ᠪᠠᠢᠭᠤᠯᠤᠨ ᠲᠡᠭᠦᠯᠳᠡᠷᠵᠢᠭᠦᠯᠵᠦ᠍᠂ ᠬᠡᠭᠡᠷ᠎ᠡ᠎ᠶ᠋ᠢᠨ ᠠᠮᠢᠲᠠᠨ᠎ᠤ ᠦᠷᠡᠵᠢᠯ᠎ᠤᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠮᠥᠷᠳᠡᠨ ᠰᠤᠳᠤᠯᠤᠨ ᠮᠠᠭᠠᠳᠯᠠᠵᠤ᠂ ᠬᠡᠭᠡᠷ᠎ᠡ᠎ᠶ᠋ᠢᠨ ᠠᠮᠢᠲᠠᠨ᠎ᠤ ᠤᠷᠤᠩᠨᠠᠬᠤ ᠭᠠᠵᠠᠷ᠂ ᠨᠡᠭᠦᠳᠡᠯᠯᠡᠬᠦ᠌ ᠵᠠᠮ ᠪᠠ ᠬᠡᠭᠡᠷ᠎ᠡ᠎ᠶ᠋ᠢᠨ ᠤᠷᠭᠤᠮᠠᠯ᠎ᠤᠨ ᠤᠷᠭᠤᠯᠲᠠ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠬᠠᠨ᠎ᠠ᠃
ᠭᠤᠷᠪᠠ᠎ᠳᠤ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ᠎ᠤ ᠪᠣᠬᠢᠷᠲᠤᠯ ᠦᠭᠡᠢ ᠬᠥᠭᠵᠢᠯᠲᠡ᠎ᠶᠢ ᠲᠦᠷᠭᠡᠳᠬᠡᠨ᠎ᠡ᠃ ᠣᠳᠣᠬᠠᠨ᠎ᠳᠤ᠂ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ ᠨᠢ ᠭᠠᠵᠠᠷ ᠵᠦᠢ᠎ᠶᠢᠨ ᠣᠷᠣᠨ ᠵᠠᠢ᠎ᠶᠢᠨ ᠲᠠᠯ᠎ᠠ᠎ᠪᠠᠷ ᠬᠥᠭᠵᠢᠯᠲᠡ ᠪᠡᠷ ᠬᠤᠴᠤᠷᠤᠩᠭᠤᠢ ᠭᠠᠵᠠᠷ ᠣᠷᠣᠨ᠎ᠲᠠᠢ ᠳᠡᠭᠡᠳᠦ ᠬᠡᠮᠵᠢᠶ᠎ᠡ᠎ᠪᠡᠷ ᠳᠠᠪᠬᠤᠴᠠᠵᠤ᠂ ᠣᠷᠣᠨ ᠪᠦᠰᠡ᠎ᠶᠢᠨ ᠥᠪᠡᠷ᠎ᠢ᠎ᠪᠡᠨ ᠬᠥᠭᠵᠢᠭᠦᠯᠬᠦ ᠴᠢᠳᠠᠪᠤᠷᠢ ᠨᠡᠯᠢᠶᠡᠳ ᠪᠠᠭᠤᠷᠠᠢ ᠪᠠᠢᠨ᠎ᠠ᠃ ᠲᠥᠰᠥᠯ᠎ᠳᠦ᠂ ᠵᠦᠷᠢᠶᠡᠴᠢᠯᠡᠭᠰᠡᠨ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠬᠠᠮᠤᠷᠬᠤ ᠬᠠᠷᠢᠴᠠᠯ᠎ᠢᠶᠠᠷ ᠨᠡᠯᠢᠶᠡᠳ ᠥᠨᠳᠥᠷ ᠭᠠᠵᠠᠷ ᠣᠷᠣᠨ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠎ᠠ᠃ ᠡᠭᠦᠨ᠎ᠦ ᠬᠠᠮᠲᠤ᠂ ᠣᠷᠣᠨ ᠪᠦᠰᠡ᠎ᠶᠢᠨ ᠣᠨᠴᠠᠯᠢᠭ᠍ᠲᠤ ᠳᠠᠪᠠᠭᠤᠯᠢᠬ᠎ᠲᠦ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠵᠤ᠂ ᠤᠮᠠᠷᠠᠲᠤ᠎ᠶᠢᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠪᠦᠰᠡ᠂ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠲᠠᠯ᠎ᠠ ᠨᠤᠲᠤᠭ᠎ᠤᠨ ᠨᠤᠭᠤ ᠭᠠᠵᠠᠷ᠂ ᠪᠠᠷᠠᠭᠤᠨ ᠬᠣᠢᠲᠤ᠎ᠶᠢᠨ ᠳᠣᠲᠣᠭᠠᠳᠤ ᠭᠣᠣᠯ ᠮᠦᠷᠡᠨ᠎ᠤ ᠰᠠᠪᠠ ᠭᠠᠵᠠᠷ᠂ ᠪᠠᠷᠠᠭᠤᠨ ᠡᠮᠦᠨᠡᠲᠦ᠎ᠶᠢᠨ ᠺᠠᠷᠰᠲᠤᠨ ᠬᠠᠢᠷ ᠴᠦᠯᠯᠡᠷᠬᠡᠭ ᠣᠷᠣᠨ᠂ ᠭᠣᠣᠯᠳᠠᠯᠭ᠎ᠠ᠎ᠲᠠᠢ ᠤᠯᠤᠰ᠎ᠤᠨ ᠥᠮᠴᠢᠯᠡᠯ᠎ᠦᠨ ᠰᠢᠭᠤᠢᠲᠤ ᠣᠷᠣᠨ᠎ᠤ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠮᠢ ᠠᠬᠤᠢ᠎ᠶᠢᠨ ᠠᠵᠤ ᠦᠢᠯᠡᠰ᠎ᠢ ᠬᠥᠭᠵᠢᠭᠦᠯᠬᠦ᠎ᠶᠢ ᠳᠡᠮᠵᠢᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠬᠠᠮᠵᠢᠯᠴᠠᠨ ᠠᠬᠢᠭᠤᠯᠤᠨ᠎ᠠ ᠭᠡᠵᠤ ᠳᠤᠷᠠᠳᠪᠠ᠃
ᠠᠰᠠᠭᠤᠯᠲᠠ᠄ ᠲᠥᠰᠥᠯ᠎ᠳᠦ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠮᠥᠩᠭᠥ ᠴᠤᠭᠯᠠᠭᠤᠯᠬᠤ ᠠᠷᠭ᠎ᠠ ᠵᠠᠮ᠎ᠢ ᠥᠷᠭᠡᠳᠬᠡᠬᠦ ᠲᠤᠬᠠᠢ ᠶᠠᠮᠠᠷ ᠶᠠᠮᠠᠷ ᠪᠠᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠣᠶ ?
ᠬᠠᠷᠢᠭᠤᠯᠲᠠ᠄ ᠣᠳᠣᠬᠠᠨ᠎ᠳᠤ᠂ ᠮᠠᠨ᠎ᠤ ᠤᠯᠤᠰ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠪᠡᠯᠡ ᠮᠥᠩᠭᠥ᠎ᠶᠢ ᠮᠥᠨ ᠯᠡ ᠡᠯ᠎ᠡ ᠱᠠᠲᠤᠨ᠎ᠤ ᠡᠳ᠋᠎ᠦᠨ ᠵᠠᠰᠠᠭ᠎ᠤᠨ ᠣᠷᠣᠭᠤᠯᠤᠯᠲᠠ᠎ᠪᠠᠷ ᠭᠣᠣᠯ ᠪᠣᠯᠭᠠᠵᠤ᠂ ᠪᠡᠯᠡ ᠮᠥᠩᠭᠥ᠎ᠶᠢᠨ ᠢᠷᠡᠯᠲᠡ᠎ᠶᠢᠨ ᠪᠦᠲᠦᠴᠡ ᠬᠠᠷᠢᠴᠠᠩᠭᠤᠢ ᠲᠠᠩ ᠴᠤᠯᠭᠤᠢ ᠪᠠᠢᠵᠤ᠂ ᠵᠠᠬ᠎ᠠ ᠳᠡᠯᠭᠡᠭᠦᠷᠴᠢᠯᠡᠭᠰᠡᠨ ᠪᠡᠯᠡ ᠴᠤᠭᠯᠠᠭᠤᠯᠬᠤ ᠠᠷᠭ᠎ᠠ ᠵᠠᠮ ᠬᠠᠷᠠᠬᠠᠨ ᠰᠢᠯᠤᠭᠤᠨ ᠪᠤᠰᠤ ᠪᠠᠢᠵᠤ᠂ ᠨᠡᠢᠭᠡᠮ᠎ᠦᠨ ᠬᠥᠷᠥᠩᠭᠡ᠎ᠶᠢᠨ ᠣᠷᠤᠯᠴᠠᠯᠭ᠎ᠠ᠎ᠶᠢᠨ ᠬᠡᠮᠵᠢᠶ᠎ᠡ ᠳᠣᠣᠷ᠎ᠠ ᠪᠠᠢᠨ᠎ᠠ᠃ ᠡᠳ᠋᠎ᠦᠨ ᠵᠠᠰᠠᠭ᠎ᠤᠨ ᠭᠤᠯᠳᠤ ᠴᠢᠭᠯᠡᠯ᠎ᠦᠨ ᠪᠡᠯᠡ ᠮᠥᠩᠭᠥ᠎ᠳᠦ ᠬᠡᠲᠦ ᠲᠦᠰᠢᠭᠯᠡᠪᠡᠯ᠂ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠠᠮᠢ ᠠᠬᠤᠢ᠎ᠶᠢᠨ ᠬᠠᠮᠠᠭᠠᠯᠠᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠪᠦᠷᠢᠮᠦᠰᠦᠨ ᠬᠠᠮᠤᠷᠬᠤ᠎ᠳᠤ ᠪᠡᠷᠬᠡ ᠪᠣᠯᠵᠤ᠂ ᠠᠮᠢ ᠠᠬᠤᠢ᠎ᠶᠢᠨ ᠬᠠᠮᠠᠭᠠᠯᠠᠭ᠍ᠴᠢ᠎ᠳᠤ ᠨᠥᠬᠥᠪᠦᠷᠢ ᠤᠯᠭᠤᠵᠤ ᠤᠷᠮᠠᠰᠢᠭᠤᠯᠬᠤ ᠲᠠᠯ᠎ᠠ᠎ᠪᠠᠷ ᠪᠠᠰᠠ ᠮᠠᠰᠢ ᠶᠡᠬᠡ ᠳᠡᠭᠡᠭᠰᠢᠯᠡᠭᠦᠯᠬᠦ ᠣᠷᠣᠨ ᠵᠠᠢ ᠪᠠᠢᠨ᠎ᠠ᠃
ᠲᠥᠰᠥᠯ᠎ᠳᠦ ᠵᠠᠰᠠᠭ᠎ᠤᠨ ᠣᠷᠳᠣᠨ᠎ᠢᠶᠠᠷ ᠤᠳᠤᠷᠢᠳᠤᠮᠵᠢ ᠪᠣᠯᠭᠠᠬᠤ᠂ ᠨᠡᠢᠭᠡᠮ᠎ᠦᠨ ᠬᠢᠨ ᠣᠷᠣᠯᠴᠠᠬᠤ᠂ ᠵᠠᠬ᠎ᠠ ᠳᠡᠯᠭᠡᠭᠦᠷ᠎ᠢᠶᠡᠷ ᠲᠣᠬᠢᠷᠠᠭᠤᠯᠬᠤ᠎ᠶᠢ ᠪᠠᠷᠢᠮᠲᠠᠯᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ᠎ᠶᠢᠨ ᠰᠠᠭᠤᠷᠢ ᠮᠥᠩᠭᠥ ᠪᠠᠶ᠋ᠢᠭᠤᠯᠬᠤ᠎ᠶᠢ ᠰᠦᠪᠡᠭᠴᠢᠯᠡᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠠᠰᠢᠭ᠍ᠯᠠᠯᠲᠠ᠎ᠲᠠᠢ ᠨᠢᠭ᠍ᠲᠠ ᠬᠣᠯᠪᠣᠭ᠎ᠠ᠎ᠲᠠᠢ ᠠᠵᠤ ᠠᠬᠤᠢᠯᠠᠯ ᠪᠠ ᠪᠤᠰᠤᠳ ᠨᠡᠢᠭᠡᠮ᠎ᠦᠨ ᠬᠥᠷᠥᠩᠭᠡ᠎ᠶᠢᠨ ᠰᠠᠭᠤᠷᠢ ᠮᠥᠩᠭᠥ᠎ᠶᠢᠨ ᠪᠡᠯᠡ ᠣᠷᠣᠭᠤᠯᠤᠯᠲᠠ᠎ᠳᠤ ᠢᠳᠡᠪᠬᠢᠲᠡᠢ ᠣᠷᠣᠯᠴᠠᠬᠤ᠎ᠶᠢ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ᠂ ᠪᠠᠢᠭᠠᠯᠢ᠎ᠶᠢᠨ ᠡᠬᠢ ᠪᠠᠶᠠᠯᠢᠭ᠋ ᠵᠡᠷᠭᠡ ᠰᠠᠯᠠᠭ᠎ᠠ ᠮᠥᠴᠢᠷ᠎ᠦᠳ ᠲᠣᠭᠲᠠᠭᠠᠯ ᠶᠣᠰᠣᠭᠠᠷ ᠰᠠᠭᠤᠷᠢ ᠮᠥᠩᠭᠥ᠎ᠪᠡᠷ ᠳᠡᠮᠵᠢᠬᠦ ᠲᠦᠷᠦᠯ ᠵᠦᠢᠯ᠎ᠳᠦ ᠭᠠᠵᠠᠷ ᠬᠡᠷᠡᠭᠯᠡᠬᠦ ᠵᠡᠷᠭᠡ ᠬᠦᠴᠦᠨ ᠵᠦᠢᠯ᠎ᠦᠨ ᠪᠠᠲᠤᠯᠠᠭ᠎ᠠ ᠬᠠᠩᠭᠠᠨ᠎ᠠ; ᠡᠭᠦᠨ᠎ᠦ ᠵᠡᠷᠭᠡ᠎ᠳᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠬᠦ᠂ ᠲᠦᠭᠰᠢᠭᠦᠷᠢ᠎ᠶᠢ ᠡᠵᠡᠮᠳᠡᠵᠦ ᠪᠣᠯᠬᠤ᠂ ᠬᠤᠳᠠᠯᠳᠤᠭ᠎ᠠ᠎ᠶᠢ ᠦᠷᠭᠦᠯᠵᠢᠯᠡᠭᠦᠯᠵᠦ ᠪᠣᠯᠬᠤ ᠤᠷᠢᠲᠠᠯ ᠳᠣᠣᠷ᠎ᠠ᠂ ᠡᠬᠢ ᠪᠠᠶᠠᠯᠢᠭ᠋ ᠣᠷᠴᠢᠨ ᠲᠤᠭᠤᠷᠢᠨ᠎ᠤ ᠬᠦᠴᠦᠨ ᠵᠦᠢᠯ᠎ᠲᠠᠢ ᠬᠣᠯᠪᠣᠭᠳᠠᠬᠤ ᠵᠦᠢ ᠶᠣᠰᠣᠨ᠎ᠤ ᠢᠲᠡᠭᠡᠮᠵᠢᠲᠦ ᠵᠢᠭᠡᠯᠡᠯᠭᠡ᠂ ᠵᠦᠢ ᠶᠣᠰᠣᠨ᠎ᠤ ᠳᠠᠭᠠᠳᠬᠠᠯ᠂ ᠵᠦᠢ ᠶᠣᠰᠣᠨ᠎ᠤ ᠵᠢᠭᠡᠯᠡᠯᠭᠡ᠎ᠶᠢᠨ ᠲᠡᠮᠳᠡᠭᠲᠦ ᠵᠡᠷᠭᠡ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡ᠎ᠶᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷᠴᠢᠯᠡᠬᠦ ᠪᠠ ᠬᠠᠤᠯᠢ᠎ᠪᠠᠷ ᠵᠠᠰᠠᠬᠤ ᠵᠠᠷᠴᠢᠮ ᠶᠣᠰᠣᠭᠠᠷ ᠨᠥᠬᠥᠴᠡᠯ᠎ᠳᠦ ᠨᠡᠢᠴᠡᠬᠦ ᠡᠯ᠎ᠡ ᠲᠥᠷᠥᠯ᠎ᠦᠨ ᠠᠮᠢ ᠠᠬᠤᠢ᠎ᠶᠢᠨ ᠠᠵᠤ ᠦᠢᠯᠡᠰ᠎ᠦᠨ ᠲᠥᠷᠥᠯ ᠵᠦᠢᠯ᠎ᠳᠦ ᠪᠡᠯᠡ ᠬᠤᠷᠠᠮᠳᠤᠭᠤᠯᠭ᠎ᠠ᠎ᠶᠢᠨ ᠳᠡᠮᠵᠢᠯᠭᠡ ᠬᠠᠩᠭᠠᠨ᠎ᠠ ᠭᠡᠵᠦ ᠳᠤᠷᠠᠳᠴᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 22 ᠤ᠋ᠨ ᠴᠠᠬᠢᠯᠭᠠᠨ ᠮᠡᠳᠡᠭᠡ)