ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠡᠨᠡ ᠵᠢᠯ ᠮᠠᠨ ᠤ᠋ ᠤᠷᠤᠨ 2600 ᠺᠢᠯᠣᠮᠧᠲ᠋ᠷ ᠤᠷᠳᠤ ᠡᠯᠡᠰᠦᠶ᠋ᠢ ᠳᠤᠭᠤᠯᠤᠭ᠍ᠰᠠᠨ ᠵᠠᠰᠠᠮᠠᠯ ᠵᠠᠮ ᠢ᠋ ᠪᠠᠷᠢᠯᠭ᠎ᠠ ᠡᠬᠢᠯᠡᠭᠦᠯᠵᠤ ᠪᠥᠲᠥᠭᠡᠨ ᠪᠠᠢᠭᠤᠯᠬᠤ ᠪᠠᠷ ᠲᠥᠯᠥᠪᠯᠡᠵᠦ᠍᠂ 4 ᠰᠠᠷ᠎ᠠ ᠢ᠋ᠢᠨ ᠰᠡᠭᠦᠯᠴᠢ ᠪᠣᠯᠲᠠᠯ᠎ᠠ ᠨᠢᠭᠡᠨᠲᠡ 41 ᠲᠥᠷᠥᠯ ᠵᠦᠶ᠋ᠯ ᠢ᠋ ᠪᠠᠷᠢᠯᠭ᠎ᠠ ᠡᠬᠢᠯᠡᠭᠦᠯᠵᠦ᠍᠂ ᠪᠠᠷᠢᠯᠭ᠎ᠠ ᠢ᠋ᠢᠨ ᠬᠡᠪᠴᠢᠶ᠎ᠡ ᠨᠢ 710 ᠺᠢᠯᠣᠮᠧᠲ᠋ᠷ ᠲᠤ᠌ ᠬᠦᠷᠴᠠᠢ᠃
ᠥᠪᠥᠷ ᠮᠣᠩᠭᠣᠯ ᠪᠤᠯ ᠪᠥᠬᠥ᠌ ᠤᠯᠤᠰ ᠤ᠋ᠨ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ ᠭᠤᠤᠯ ᠲᠠᠯᠠᠪᠤᠷ᠂ ᠪᠠᠷᠠᠭᠤᠨ ᠡᠴᠡ ᠵᠡᠭᠦᠨᠰᠢ ᠪᠠᠳᠠᠢ ᠢ᠋ᠢᠨ ᠵᠢᠷᠠᠨ᠂ ᠲᠩᠷᠢ᠂ ᠤᠯᠠᠭᠠᠨᠪᠤᠬ᠎ᠠ᠂ ᠬᠥᠪᠴᠢ ᠵᠡᠷᠬᠡ ᠳᠥᠷᠪᠡᠨ ᠶᠡᠬᠡ ᠡᠯᠡᠰᠦ ᠪᠤᠯᠤᠨ ᠮᠤᠤᠠᠤᠰᠤ᠂ ᠬᠤᠯᠠᠨ ᠱᠢᠷᠭ᠎ᠠ ᠲᠠᠭ᠎ᠠ᠂ ᠬᠣᠷᠴᠢᠨ᠂ ᠬᠥᠯᠥᠨ ᠪᠣᠢᠷ ᠵᠡᠷᠬᠡ ᠳᠥᠷᠪᠡᠨ ᠶᠡᠬᠡ ᠡᠯᠡᠰᠦᠷᠬᠡᠭ ᠭᠠᠵᠠᠷ ᠲᠠᠢ ᠪᠠᠢᠵᠤ᠂ ᠪᠥᠬᠥ᠌ ᠤᠯᠤᠰ ᠤ᠋ᠨ 《ᠤᠮᠠᠷᠠᠲᠤ ᠢ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ 60% ᠢ᠋ᠢᠨ ᠡᠭᠦᠷᠭᠡ ᠶ᠋ᠢ ᠡᠭᠦᠷᠭᠡᠯᠡᠵᠦ᠍ ᠪᠠᠢᠳᠠᠭ᠃ 2024 ᠣᠨ ᠤ᠋ 7 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠪᠤᠯᠤᠨ ᠦᠪᠡᠷᠳᠡᠬᠡᠨ ᠵᠠᠰᠠᠬᠤ ᠤᠷᠤᠨᠤ ᠣᠶ ᠱᠢᠭᠤᠶ ᠨᠤᠲᠤᠭ ᠪᠡᠯᠴᠢᠭᠡᠷ ᠤ᠋ᠨ ᠲᠣᠪᠴᠢᠶ᠎ᠠ ᠬᠠᠮᠲᠤᠷᠠᠨ 《ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠴᠢᠨ ᠪᠠ ᠬᠤᠯᠠᠨ ᠱᠢᠷᠭ᠎ᠠ ᠲᠠᠭ᠎ᠠ ᠢ᠋ᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠢ᠋ᠢᠨ ᠣᠷᠣᠨ ᠤ᠋ 〈ᠵᠠᠰᠠᠮᠠᠯ ᠵᠠᠮ ᠵᠢᠡᠷ ᠡᠯᠡᠰᠦᠷᠬᠡᠭ᠌ᠵᠢᠯ ᠢ᠋ ᠵᠠᠰᠠᠬᠤ〉 ᠬᠦᠭᠵᠢᠭᠦᠯᠦᠯᠲᠡ ᠢ᠋ᠢᠨ ᠲᠥᠯᠥᠪᠵᠢᠭᠦᠯᠭᠡ (2024 — 2030 ᠣᠨ)》 ᠶ᠋ᠢ ᠳᠠᠷᠤᠮᠠᠯᠯᠠᠨ ᠲᠠᠷᠬᠠᠭᠠᠵᠤ᠂ ᠬᠢᠩᠭᠠᠨ ᠠᠢᠮᠠᠭ᠂ ᠲᠦᠩᠯᠢᠶᠣᠤ ᠬᠣᠲᠠ᠂ ᠤᠯᠠᠭᠠᠨᠴᠠᠪ ᠬᠤᠳᠠ᠂ ᠤᠯᠠᠭᠠᠨᠬᠠᠳᠠ ᠬᠣᠲᠠ ᠪᠤᠯᠤᠨ ᠱᠢᠯᠢ ᠢ᠋ᠢᠨ ᠭᠣᠣᠯ ᠠᠢᠮᠠᠭ ᠤ᠋ᠨ 39 ᠬᠣᠱᠢᠭᠤ ᠱᠢᠶᠠᠨ ᠲᠣᠭᠣᠷᠢᠭ ᠢ᠋ ᠲᠤᠰ ᠲᠦᠯᠦᠪᠵᠢᠭᠦᠯᠬᠡ ᠳ᠋ᠤ ᠤᠷᠤᠭᠤᠯᠵᠤ᠂ ᠡᠯᠡᠰᠦ ᠢ᠋ᠢ ᠳᠤᠭᠤᠯᠤᠭ᠍ᠰᠠᠨ ᠡᠩ ᠤ᠋ᠨ ᠮᠤᠵᠢ ᠢ᠋ᠢᠨ ᠲᠡᠰ ᠤ᠋ᠨ ᠵᠠᠰᠠᠮᠠᠯ ᠵᠠᠮ ᠢ᠋ ᠲᠠᠰ ᠳᠡᠪᠰᠢᠭᠦᠯᠬᠦ᠂ ᠡᠯᠡᠰᠦ ᠢ᠋ᠢ ᠳᠤᠭᠤᠯᠤᠭ᠍ᠰᠠᠨ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠪᠦᠲᠦᠭᠡᠨ ᠪᠠᠢᠭᠤᠯᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠭᠤᠤᠯᠳᠠᠯᠭ᠎ᠠ ᠲᠠᠶ ᠬᠡᠷᠡᠭ᠌ᠵᠢᠭᠦᠯᠵᠤ᠂ ᠵᠠᠰᠠᠮᠠᠯ ᠵᠠᠮ ᠤ᠋ᠨ ᠲᠤᠤᠷ ᠤ᠋ᠨ ᠪᠠᠢᠭᠤᠯᠤᠯᠲᠠ ᠬᠢᠭᠡᠳ ᠠᠮᠢ ᠠᠬᠤᠶ ᠢ᠋ᠢᠨ ᠵᠠᠰᠠᠯᠲᠠ ᠶ᠋ᠢ ᠭᠦᠨᠵᠡᠭᠡᠶ ᠠᠭᠤᠰᠤᠯᠴᠠᠭᠤᠯᠤᠭᠠᠳ ᠢᠯᠡᠷᠬᠡᠢ ᠦᠷ᠎ᠡ ᠪᠦᠲᠦᠮᠵᠢ ᠤᠯᠪᠠ᠃
2025 ᠣᠨ ᠤ᠋ 6 ᠰᠠᠷ᠎ᠠ ᠳ᠋ᠤ ᠦᠪᠦᠷ ᠮᠤᠡᠭᠭᠤᠯ 《ᠵᠠᠰᠠᠮᠠᠯ ᠵᠠᠮ ᠢ᠋ᠢᠡᠷ ᠡᠯᠡᠰᠦᠷᠬᠡᠭ᠌ᠵᠢᠯ ᠢ᠋ ᠵᠠᠰᠠᠬᠤ》 ᠠᠵᠢᠯ ᠢ᠋ ᠳᠠᠬᠢᠨᠲᠠ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠪᠤᠯᠤᠨ ᠥᠪᠡᠷᠲᠡᠬᠡᠨ ᠵᠠᠰᠠᠬᠤ ᠤᠷᠤᠨ ᠤ ᠣᠶ ᠱᠢᠭᠤᠶ ᠨᠤᠲᠤᠭ ᠪᠡᠯᠴᠢᠭᠡᠷ ᠤ᠋ᠨ ᠲᠣᠪᠴᠢᠶ᠎ᠠ ᠬᠠᠮᠳᠤᠷᠠᠨ 《ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠲᠤᠨ ᠭᠤᠤᠯ ᠤ᠋ᠨ ᠶᠡᠬᠡ ᠲᠤᠬᠤᠢ ᠶ᠋ᠢᠨ ᠪᠣᠭᠣᠮᠲᠠ ᠱᠢᠪᠲᠤᠯᠤᠯᠲᠠ ᠢ᠋ᠢᠨ ᠣᠷᠣᠨ᠂ ᠡᠾᠸᠰᠢ ᠢ᠋ᠢᠨ ᠬᠤᠡᠭᠬᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠵᠠᠬ᠎ᠠ ᠢ᠋ᠢᠨ ᠬᠤᠷᠢᠭᠯᠠᠯᠲᠠ ᠢ᠋ᠢᠨ ᠤᠷᠤᠨ ᠤ᠋ 〈ᠵᠠᠰᠠᠮᠠᠯ ᠵᠠᠮ ᠢ᠋ᠢᠡᠷ ᠡᠯᠡᠰᠦᠷᠬᠡᠭ᠌ᠵᠢᠯ ᠢ᠋ ᠵᠠᠰᠠᠬᠤ〉 ᠬᠡᠷᠡᠭ᠌ᠵᠢᠭᠦᠯᠬᠦ᠌ ᠲᠥᠰᠦᠯ (2025 — 2030 ᠣᠨ)》 ᠢ᠋ ᠨᠠᠢᠷᠠᠭᠤᠯᠤᠨ ᠵᠣᠬᠢᠶᠠᠵᠤ᠂ ᠬᠥᠬᠡᠬᠣᠲᠠ᠂ ᠪᠤᠭᠤᠲᠤ᠂ ᠤᠯᠠᠭᠠᠨᠴᠠᠪ᠂ ᠣᠷᠳᠣᠰ᠂ ᠪᠠᠶᠠᠨᠨᠠᠭᠤᠷ᠂ ᠦᠬᠠᠶ᠂ ᠠᠯᠠᠱᠠ ᠵᠡᠷᠭᠡ 7 ᠠᠢᠮᠠᠭ ᠬᠣᠲᠠ ᠢ᠋ᠢᠨ 36 ᠬᠣᠱᠢᠭᠤ ᠱᠢᠶᠠᠨ ᠲᠣᠭᠣᠷᠢᠭ ᠢ᠋ ᠬᠠᠮᠤᠷᠴᠤ᠌᠂ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠬᠤᠯᠪᠤᠨ ᠲᠤᠤᠷᠵᠢᠭᠤᠯᠬᠤ᠂ ᠰᠢᠰᠲᠸᠮᠵᠢᠭᠦᠯᠦᠨ ᠠᠷᠠᠴᠢᠯᠠᠨ ᠬᠠᠮᠠᠭᠠᠯᠠᠬᠤ᠂ ᠠᠮᠢ ᠠᠬᠤᠢ ᠢ᠋ᠢ ᠵᠠᠰᠠᠬᠤ ᠭᠤᠷᠪᠠᠨ ᠶᠡᠬᠡ ᠢᠨᠵᠸᠨ᠋ᠸᠷᠢᠡᠭ ᠢ᠋ ᠪᠠᠢᠷᠢᠯᠠᠭᠤᠯᠤᠭᠰᠠᠨ ᠪᠠᠢᠨ᠎ᠠ᠃