ᠥᠪᠥᠷ ᠮᠣᠩᠭᠣᠯ ᠰᠢᠯᠭᠠᠯᠲᠠ ᠳ᠋ᠤ ᠬᠣᠯᠪᠣᠭ᠍ᠳᠠᠭ᠍ᠰᠠᠨ ᠪᠤᠯᠪᠠᠰᠤᠷᠠᠯ ᠤ᠋ᠨ ᠵᠠᠷ ᠮᠡᠳᠡᠭᠡ ᠶ᠋ᠢᠨ ᠬᠢᠵᠠᠭᠠᠷᠯᠠᠯ ᠢ᠋ ᠲᠣᠭ᠍ᠲᠠᠭᠠᠵᠠᠢ
2026-05-25 11:07:32
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ 2026 ᠣᠨ ᠤ᠋ ᠱᠢᠯᠭᠠᠯᠲᠠ᠎ᠳᠤ ᠬᠣᠯᠪᠣᠭ᠍ᠳᠠᠭ᠍ᠰᠠᠨ ᠪᠣᠯᠪᠠᠰᠤᠷᠠᠯ ᠤ᠋ᠨ ᠪᠠᠢᠭᠤᠯᠤᠮᠵᠢ ᠶ᠋ᠢᠨ ᠵᠠᠷ ᠮᠡᠳᠡᠭᠡ ᠶ᠋ᠢᠨ ᠲᠤᠬᠲᠠᠭᠠᠯ ᠳ᠋ᠤ ᠨᠡᠢᠴᠡᠭᠦᠯᠬᠦ ᠰᠠᠨᠠᠭᠤᠯᠤᠮᠵᠢ ᠵᠢ ᠨᠡᠢᠲᠡᠯᠡᠵᠦ᠍᠂ ᠦᠨᠳᠦᠷ ᠳᠤᠮᠳᠠᠳᠤ ᠶ᠋ᠢᠨ ᠰᠤᠷᠤᠬᠴᠢ ᠡᠯᠰᠡᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠵᠠᠩᠭᠢᠯᠠᠭ᠎ᠠ ᠶ᠋ᠢᠨ ᠬᠤᠭᠤᠴᠠᠭ᠎ᠠ ᠵᠢ ᠴᠢᠩᠭ᠎ᠠ ᠠᠩᠬᠠᠷᠤᠨ᠂ ᠤᠯᠠᠨ ᠵᠦᠢᠯ ᠤ᠋ᠨ ᠴᠠᠭᠠᠵᠠᠯᠠᠬᠤ ᠴᠢᠨᠠᠷᠲᠠᠢ ᠲᠣᠭ᠍ᠲᠠᠭᠠᠯ ᠢ᠋ ᠲᠣᠳᠣᠷᠬᠠᠢᠯᠠᠵᠤ᠂ ᠬᠤᠳᠠᠯ ᠬᠠᠭᠤᠷᠮᠠᠭ ᠢ᠋ᠶ᠋ᠡᠷ ᠤᠬᠠᠭᠤᠯᠬᠤ᠂ ᠶᠡᠬᠡ ᠪᠡᠷ ᠠᠮᠠᠯᠲᠠᠬᠤ ᠵᠡᠷᠭᠡ ᠲᠤᠬᠲᠠᠭᠠᠯ ᠡᠴᠡ ᠵᠥᠷᠢᠴᠡᠭ᠌ᠰᠡᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠵᠢ ᠴᠢᠩᠭ᠎ᠠ ᠴᠡᠭ᠌ᠴᠡᠯᠡᠨ ᠵᠠᠰᠠᠵᠤ᠂ ᠱᠢᠯᠭᠠᠯᠲᠠ ᠶ᠋ᠢᠨ ᠣᠷᠴᠢᠨ ᠲᠣᠭᠣᠷᠢᠨ ᠢ᠋ ᠦᠨᠡᠨ ᠬᠦ᠌ ᠴᠡᠪᠡᠷᠱᠢᠭᠦᠯᠵᠦ᠍᠂ ᠱᠢᠯᠭᠠᠭᠤᠯᠤᠭ᠍ᠰᠠᠳ ᠪᠣᠯᠤᠨ ᠭᠡᠷ ᠤ᠋ᠨ ᠠᠬᠠᠮᠠᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠵᠤ ᠪᠠᠢᠨ᠎ᠠ᠃

2026 ᠣᠨ ᠤ᠋ ᠦᠨᠳᠦᠷ ᠳᠤᠮᠳᠠᠳᠤ ᠶ᠋ᠢᠨ ᠰᠤᠷᠤᠬᠴᠢ ᠡᠯᠰᠡᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠨᠢᠭᠡᠳᠦᠯᠲᠡᠢ ᠱᠢᠯᠭᠠᠯᠲᠠ ᠤᠢᠷᠠᠳᠤᠬᠤ ᠵᠢ ᠳᠠᠭᠠᠯᠳᠤᠨ᠂ ᠱᠢᠯᠭᠠᠯᠲᠠ ᠳ᠋ᠤ ᠬᠣᠯᠪᠣᠭ᠍ᠳᠠᠬᠰᠠᠨ ᠡᠯ᠎ᠡ ᠲᠥᠷᠥᠯ ᠤ᠋ᠨ ᠪᠣᠯᠪᠠᠰᠤᠷᠠᠯ᠂ ᠱᠢᠯᠭᠠᠯᠲᠠ ᠳ᠋ᠤ ᠨᠡᠷ᠎ᠡ ᠮᠡᠳᠡᠭᠦᠯᠬᠦ᠌ ᠵᠥᠪᠯᠡᠯᠭᠡ ᠥᠭ᠌ᠬᠦ ᠪᠠᠢᠭᠤᠯᠤᠮᠵᠢ ᠶ᠋ᠢᠨ ᠵᠠᠷ ᠮᠡᠳᠡᠭᠡ ᠶ᠋ᠢᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠣᠯᠠᠱᠢᠷᠠᠪᠠ᠃ ᠲᠣᠰ ᠤᠳᠠᠭᠠᠨ ᠤ᠋ ᠰᠠᠨᠠᠭᠤᠯᠤᠮᠵᠢ ᠳ᠋ᠤ ᠵᠠᠷ ᠮᠡᠳᠡᠭᠡ ᠡᠵᠡᠩᠨᠡᠨ ᠪᠣᠷᠣᠯᠠᠭᠤᠯᠬᠤ ᠲᠣᠪᠣᠢᠮ᠎ᠠ ᠠᠰᠠᠭᠤᠳᠠᠯ ᠳ᠋ᠤ ᠠᠩᠬᠠᠷᠤᠯ ᠢ᠋ᠶ᠋ᠡᠨ ᠲᠦᠪᠯᠡᠷᠡᠭᠦᠯᠵᠦ ᠴᠢᠨᠭᠭ᠎ᠠ ᠬᠢᠵᠠᠭᠠᠷᠯᠠᠯ ᠢ᠋ ᠲᠣᠳᠣᠷᠬᠠᠶ ᠵᠠᠭᠠᠭ᠍ᠯᠠᠨ ᠲᠣᠭ᠍ᠲᠠᠭᠠᠪᠠ᠃ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠱᠢᠨ᠎ᠡ ᠠᠰᠠᠭᠤᠳᠠᠯ ᠳ᠋ᠤ ᠴᠢᠭ᠌ᠯᠡᠭᠦᠯᠦᠨ᠂ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌᠂ ᠣᠬᠣᠷ ᠸᠢᠳᠢᠣ᠋᠂ ᠨᠠᠢᠵᠠ ᠶ᠋ᠢᠨ ᠲᠣᠭᠣᠷᠢᠭ ᠲᠦ᠍ ᠳᠡᠯᠭᠡᠷᠡᠭᠦᠯᠬᠦ᠌ ᠵᠡᠷᠭᠡ ᠨᠢ ᠴᠥᠮ ᠬᠤᠳᠠᠯᠳᠤᠭᠠᠨ ᠤ᠋ ᠵᠠᠷ ᠲᠦ᠍ ᠲᠣᠭᠠᠴᠢᠭ᠍ᠳᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠵᠠᠷ ᠤ᠋ᠨ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠴᠢᠩᠭ᠎ᠠ ᠵᠢᠷᠤᠮᠯᠠᠬᠤ ᠬᠡᠷᠡᠭ᠌ᠲᠡᠶ; AI  ᠵᠢ ᠠᠱᠢᠭ᠍ᠯᠠᠨ ᠨᠠᠷᠠᠲᠤ ᠪᠠᠭ᠍ᠰᠢ ᠶ᠋ᠢᠨ ᠳᠦᠷᠢ ᠲᠥᠷᠬᠦ᠌ ᠵᠢ ᠬᠠᠭᠤᠷᠮᠠᠭ᠍ᠯᠠᠨ ᠵᠣᠬᠢᠶᠠᠵᠤ ᠡᠵᠡᠩᠨᠡᠨ ᠪᠣᠷᠣᠯᠠᠭᠤᠯᠬᠤ ᠵᠢ ᠴᠢᠩᠭ᠎ᠠ ᠴᠠᠭᠠᠵᠠᠯᠠᠵᠤ᠂ 《ᠪᠠᠶᠠᠷ ᠤ᠋ᠨ ᠮᠡᠳᠡᠭᠡ》 ᠵᠡᠷᠭᠡ ᠬᠡᠯᠪᠡᠷᠢ ᠵᠢ ᠠᠰᠢᠬᠯᠠᠨ ᠱᠢᠯᠭᠠᠭᠤᠯᠤᠭ᠍ᠴᠢ ᠶ᠋ᠢᠨ ᠨᠡᠷ᠎ᠡ᠎ᠪᠡᠷ ᠲᠠᠨᠢᠯᠴᠠᠭᠤᠯᠬᠤ ᠭᠡᠷᠡᠴᠢ ᠪᠣᠯᠭᠠᠬᠤ ᠵᠢ ᠴᠠᠭᠠᠵᠠᠯᠠᠨ᠎ᠠ ᠭᠡᠵᠦ ᠴᠢᠬᠤᠯᠠᠴᠢᠯᠠᠪᠠ᠃ ᠡᠭᠦᠨ ᠡᠴᠡ ᠭᠠᠳᠠᠨ᠎ᠠ᠂ ᠢᠳᠡᠭᠡᠨ ᠵᠢᠴᠢ ᠡᠷᠡᠭᠦᠯᠵᠢᠯ ᠤ᠋ᠨ ᠢᠳᠡᠭᠡᠨ ᠢ᠋ 《ᠣᠶᠤᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌》᠂ 《ᠴᠡᠭᠡᠵᠢᠯᠡᠬᠦ᠌ ᠴᠢᠳᠠᠪᠤᠷᠢ ᠵᠢ ᠨᠡᠮᠡᠭ᠌ᠳᠡᠭᠦᠯᠬᠦ᠌》 ᠵᠡᠷᠭᠡ ᠱᠢᠨᠵᠢᠯᠡᠬᠦ᠌ ᠤᠬᠠᠭᠠᠨᠴᠢ ᠱᠢᠯᠭᠠᠨ ᠪᠠᠲᠤᠯᠠᠯᠲᠠ ᠬᠢᠭ᠌ᠰᠡᠨ ᠥᠬᠡᠶ ᠦᠢᠯᠡᠳᠦᠯ ᠴᠢᠳᠠᠮᠵᠢ ᠲᠠᠢ ᠭᠡᠵᠦ᠍ ᠵᠠᠷᠯᠠᠵᠤ ᠪᠣᠯᠬᠤ ᠥᠬᠡᠶ᠃ ᠡᠷᠡᠮᠡᠯᠵᠡᠯ ᠢ᠋ᠶ᠋ᠡᠨ ᠲᠠᠭ᠍ᠯᠠᠨ ᠮᠡᠳᠡᠭᠦᠯᠬᠦ᠌ ᠦᠶ᠋ᠯᠡᠴᠢᠯᠡᠭᠡᠨ ᠤ᠋ ᠵᠠᠷ ᠲᠦ᠍ 《ᠠᠮᠵᠢᠯᠲᠠ ᠤᠯᠬᠤ ᠨᠣᠷᠮ᠎ᠠ》 ᠵᠡᠷᠭᠡ ᠵᠢ ᠬᠠᠭᠤᠷᠮᠠᠭ ᠢ᠋ᠶ᠋ᠡᠷ ᠵᠣᠬᠢᠶᠠᠵᠤ ᠪᠣᠯᠬᠤ ᠥᠬᠡᠶ ᠭᠡᠵᠦ ᠱᠠᠭᠠᠷᠳᠠᠪᠠ᠃

ᠦᠨᠳᠦᠷ ᠳᠤᠮᠳᠠᠳᠤ ᠶ᠋ᠢᠨ ᠰᠤᠷᠤᠬᠴᠢ ᠡᠯᠰᠡᠬᠦ ᠰᠢᠯᠭᠠᠯᠲᠠ ᠪᠠ ᠶᠡᠬᠡ ᠳᠡᠭᠡᠳᠦ ᠰᠤᠷᠭᠠᠭᠤᠯᠢ ᠶ᠋ᠢᠨ ᠤᠯᠤᠰ ᠤ᠋ᠨ ᠨᠢᠭᠡᠳᠦᠯᠲᠡᠢ ᠱᠢᠯᠭᠠᠯᠲᠠ ᠶ᠋ᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠵᠠᠷ ᠮᠡᠳᠡᠭᠡ ᠵᠢ ᠬᠢᠨᠠᠨ ᠰᠢᠨᠵᠢᠬᠦ ᠤᠳᠠᠭ᠎ᠠ ᠵᠢ ᠨᠢᠬᠲᠠᠷᠠᠭᠤᠯᠵᠤ᠂ ᠵᠠᠬ᠎ᠠ ᠳᠡᠯᠭᠡᠭᠦᠷ ᠢ᠋ ᠲᠣᠭᠣᠷᠢᠨ ᠪᠠᠢᠴᠠᠭᠠᠬᠤ ᠡᠷᠴᠢᠮ ᠢ᠋ᠶ᠋ᠡᠨ ᠴᠢᠩᠭᠠᠷᠠᠭᠤᠯᠤᠨ᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠵᠢ ᠴᠢᠩᠭ᠎ᠠ ᠪᠠᠢᠴᠠᠭᠠᠨ ᠱᠢᠶ᠋ᠳᠪᠦᠷᠢᠯᠡᠬᠦ ᠪᠤᠯᠤᠨ᠎ᠠ᠃ ᠡᠭᠦᠨ ᠤ᠋ ᠬᠠᠮᠲᠤ ᠨᠡᠢᠭᠡᠮ ᠤ᠋ᠨ ᠡᠯ᠎ᠡ ᠡᠲᠡᠭᠡᠳ ᠤ᠋ᠨ ᠬᠢᠨ ᠬᠠᠮᠲᠤ ᠪᠡᠷ ᠬᠢᠨᠠᠯᠲᠠ ᠲᠠᠯᠪᠢᠵᠤ᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠵᠢ ᠢᠯᠡᠷᠡᠭᠦᠯᠪᠡᠯ 12315 ᠎ᠳᠦ ᠤᠲᠠᠰᠤᠳᠠᠵᠤ ᠢᠯᠡᠴᠢᠯᠡᠨ ᠮᠡᠳᠡᠭᠦᠯᠵᠦ᠍᠂ ᠡᠷᠬᠡ ᠲᠡᠭ᠌ᠰᠢ ᠡᠮᠬᠢ ᠵᠢᠷᠤᠮ ᠲᠠᠢ᠂ ᠰᠠᠨᠠᠭ᠎ᠠ ᠠᠮᠤᠷ ᠱᠢᠯᠭᠠᠯᠲᠠ ᠳ᠋ᠤ ᠬᠣᠯᠪᠣᠭ᠍ᠳᠠᠬᠤ ᠣᠷᠴᠢᠨ ᠨᠥᠬᠥᠴᠡᠯ ᠢ᠋ ᠬᠦᠴᠦ᠍ ᠪᠠᠨ ᠬᠠᠮᠲᠤᠳᠭᠠᠨ ᠪᠣᠶ ᠪᠣᠯᠭᠠᠬᠤ ᠵᠢ ᠤᠷᠢᠶᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号