ᠦᠪᠦᠷ ᠮᠤᠩᠭᠤᠯ 2 ᠵᠦᠢᠯ ᠤ᠋ᠨ ᠡᠮ ᠎ᠢ ᠴᠢᠩᠭ᠎ᠠ ᠬᠠᠮᠢᠶᠠᠷᠤᠨ ᠡᠵᠡᠮᠳᠡᠬᠦ ᠡᠮ᠎ᠤᠨ ᠵᠦᠢᠯᠡᠰ᠎ᠲᠦ ᠤᠷᠤᠭᠤᠯᠪᠠ
2026-05-25 11:10:57
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠫᠷᠦᠢᠭᠠᠪᠯᠢᠨ ᠪᠤᠯᠤᠨ ᠢᠤᠢ ᠮᠧᠢ ᠵᠡᠷᠭᠡ 2 ᠵᠦᠢᠯ ᠤ᠋ᠨ ᠡᠮ ᠤ᠋ᠨ ᠡᠵᠡᠩᠨᠡᠯᠳᠡ ᠶ᠋ᠢᠨ ᠲᠦᠭᠰᠢᠭᠦᠷᠢ ᠶ᠋ᠢᠨ ᠲᠤᠬᠠᠢ ᠰᠠᠨᠠᠭᠤᠯᠤᠮᠵᠢ ᠨᠡᠢᠳᠡᠯᠡᠪᠡ᠃

ᠤᠢᠯᠠᠭᠠᠭᠰᠠᠨ ᠶ᠋ᠢᠡᠷ᠂ ᠫᠷᠦᠢᠭᠠᠪᠯᠢᠨ ᠪᠤᠯ ᠮᠤᠭᠠᠢ ᠢᠯᠳᠦ ᠡᠴᠡ ᠪᠤᠯᠤᠭᠰᠠᠨ ᠮᠡᠳᠡᠷᠡᠯ ᠤ᠋ᠨ ᠴᠢᠨᠠᠷᠳᠠᠢ ᠡᠪᠡᠳᠦᠯᠳᠡ᠂ ᠰᠢᠷᠬᠡᠭᠯᠢᠭ ᠪᠤᠯᠴᠢᠩ ᠶᠠᠰᠤᠨ ᠤ᠋ ᠡᠪᠡᠳᠦᠯᠳᠡ᠂ ᠤᠨᠠᠳᠠᠭ ᠡᠪᠡᠳᠴᠢᠨ᠂ ᠪᠤᠬᠢᠨᠢᠳᠦᠯ ᠤ᠋ᠨ ᠡᠪᠡᠳᠴᠢᠨ ᠵᠡᠷᠭᠡ ᠶ᠋ᠢ ᠡᠮᠨᠡᠬᠦ ᠳ᠋ᠤ ᠬᠡᠷᠡᠭᠯᠡᠬᠦ ᠡᠮ ᠪᠤᠯᠤᠨ᠎ᠠ᠃ ᠭᠡᠪᠡᠴᠤ ᠲᠤᠰ ᠡᠮ ᠤ᠋ᠨ ᠵᠠᠷᠢᠮ ᠨᠠᠢᠷᠠᠯᠭ᠎ᠠ ᠨᠢ ᠬᠦᠮᠦᠨ ᠤ᠋ ᠪᠡᠶ᠎ᠠ ᠳ᠋ᠤ ᠨᠠᠵᠠᠭᠠᠢ ᠨᠦᠯᠦᠭᠡ ᠪᠤᠯᠬᠤ ᠪᠤᠶᠤ ᠨᠠᠢᠳᠠᠬᠤ ᠴᠢᠨᠠᠷᠳᠠᠢ ᠪᠤᠯᠭᠠᠳᠠᠭ ᠡᠴᠡ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠡᠨᠡ ᠵᠢᠯ ᠤ᠋ᠨ 4 ᠰᠠᠷ᠎ᠠ ᠡᠴᠡ ᠡᠬᠢᠯᠡᠨ ᠪᠦᠬᠦ ᠡᠵᠡᠩᠨᠡᠯᠳᠡ ᠶ᠋ᠢᠨ ᠬᠡᠯᠬᠢᠶ᠎ᠠ ᠪᠡᠷ ᠴᠢᠩᠭ᠎ᠠ ᠬᠠᠮᠢᠶᠠᠷᠤᠨ ᠡᠵᠡᠮᠳᠡᠬᠦ ᠡᠮ ᠤ᠋ᠨ ᠵᠦᠢᠯᠡᠰ ᠲᠤ᠌ ᠤᠷᠤᠭᠤᠯᠵᠠᠢ᠃ ᠢᠤᠢ ᠮᠧᠢ ᠪᠤᠯ ᠲᠠᠭᠰᠢᠭᠤᠷ᠂ ᠰᠠᠯᠪᠤᠷᠢ ᠮᠦᠭᠡᠷᠰᠦᠨ ᠬᠤᠭᠤᠯᠠᠢ ᠶ᠋ᠢᠨ ᠦᠷᠪᠢᠰᠦᠯ ᠵᠡᠷᠭᠡ ᠡᠴᠡ ᠪᠤᠯᠤᠭᠰᠠᠨ ᠬᠠᠨᠢᠶᠠᠬᠤ᠂ ᠴᠡᠷ ᠭᠠᠷᠬᠤ ᠵᠡᠷᠭᠡ ᠪᠠᠢᠳᠠᠯ ᠢ᠋ ᠡᠮᠨᠡᠬᠦ ᠡᠮ ᠪᠤᠯᠤᠨ᠎ᠠ᠃ ᠭᠡᠪᠡᠴᠤ ᠲᠤᠰ ᠡᠮ ᠢ᠋ ᠬᠡᠳᠦ ᠬᠡᠷᠡᠭᠯᠡᠪᠡᠯ ᠤᠬᠠᠭᠠᠨ ᠮᠡᠳᠡᠷᠡᠯ ᠪᠠᠯᠠᠷᠠᠬᠤ᠂ ᠰᠠᠯᠪᠤᠷᠢ ᠮᠦᠭᠡᠷᠰᠦᠨ ᠬᠤᠭᠤᠯᠠᠢ ᠵᠠᠭᠤᠷᠠᠯᠳᠤᠬᠤ᠂ ᠠᠮᠢᠰᠬᠤᠯ ᠴᠢᠬᠤᠯᠳᠠᠬᠤ ᠵᠡᠷᠭᠡ ᠪᠠᠢᠳᠠᠯ ᠢᠯᠡᠷᠡᠬᠦ ᠲᠤᠯᠠ ᠮᠦᠨ ᠴᠢᠩᠭ᠎ᠠ ᠬᠠᠮᠢᠶᠠᠷᠤᠨ ᠡᠵᠡᠮᠳᠡᠬᠦ ᠡᠮ ᠤ᠋ᠨ ᠵᠦᠢᠯᠡᠰ ᠲᠤ᠌ ᠤᠷᠤᠭᠤᠯᠪᠠ᠃

ᠡᠨᠡ 2 ᠵᠦᠢᠯ ᠤ᠋ᠨ ᠡᠮ ᠢ᠋ ᠬᠠᠤᠯᠢ ᠪᠤᠰᠤ ᠠᠷᠭ᠎ᠠ ᠵᠠᠮ ᠶ᠋ᠢᠡᠷ ᠪᠤᠷᠤᠯᠠᠭᠤᠯᠬᠤ᠂ ᠳᠤᠷ᠎ᠠ ᠪᠡᠷ ᠬᠡᠷᠡᠭᠯᠡᠬᠦ ᠪᠠᠢᠳᠠᠯ ᠡᠭᠦᠰᠬᠦ ᠵᠢ ᠰᠡᠷᠬᠡᠢᠯᠡᠵᠤ᠂ ᠤᠯᠠᠨ ᠲᠦᠮᠡᠨ ᠤ᠋ ᠡᠮ ᠲᠠᠩ ᠢ᠋ ᠠᠮᠦᠷ ᠲᠦᠪᠰᠢᠨ ᠵᠢᠡᠷ ᠬᠡᠷᠡᠭᠯᠡᠬᠦ ᠶ᠋ᠢ ᠪᠠᠳᠤᠯᠠᠬᠤ ᠶ᠋ᠢᠨ ᠲᠦᠯᠦᠭᠡ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠬᠤᠳᠠᠯᠳᠤᠨ ᠠᠪᠬᠤ ᠪᠠ ᠪᠤᠷᠤᠯᠠᠭᠤᠯᠬᠤ ᠬᠠᠮᠢᠶᠠᠷᠤᠯᠳᠠ ᠶ᠋ᠢ ᠴᠢᠩᠭ᠎ᠠ ᠵᠢᠷᠦᠮᠵᠢᠭᠤᠯᠤᠨ᠂ ᠭᠦᠢᠯᠭᠡᠭᠡ ᠶ᠋ᠢᠨ ᠠᠮᠦᠷ ᠲᠦᠪᠰᠢᠨ ᠤ᠋ ᠬᠤᠷᠢᠭ᠎ᠠ ᠱᠤᠭᠤᠮ ᠢ᠋ ᠪᠠᠳᠤ ᠰᠠᠬᠢᠵᠤ᠂ ᠨᠠᠰᠤᠨ ᠳ᠋ᠤ ᠦᠯᠦ ᠬᠦᠷᠦᠭᠰᠡᠳ ᠲᠤ᠌ ᠪᠤᠷᠤᠯᠠᠭᠤᠯᠬᠤ ᠶ᠋ᠢ ᠴᠢᠩᠭ᠎ᠠ ᠴᠠᠭᠠᠵᠠᠯᠠᠬᠤ; ᠮᠦᠷᠳᠡᠯᠳᠡ ᠶ᠋ᠢᠨ ᠬᠠᠮᠢᠶᠠᠷᠤᠯᠳᠠ ᠶ᠋ᠢᠨ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠪᠦᠬᠦ ᠶᠠᠪᠤᠴᠠ ᠪᠡᠷ ᠮᠦᠷᠳᠡᠬᠦ ᠬᠠᠮᠢᠶᠠᠷᠤᠯᠳᠠ ᠡᠵᠡᠮᠳᠡᠯ ᠢ᠋ ᠬᠡᠷᠡᠭᠵᠢᠭᠦᠯᠬᠦ; ᠳᠤᠷ᠎ᠠ ᠪᠡᠷ ᠬᠡᠷᠡᠭᠯᠡᠬᠦ ᠶ᠋ᠢ ᠬᠢᠨᠠᠨ ᠡᠵᠡᠮᠳᠡᠬᠦ ᠳᠤᠭᠳᠠᠴᠠ ᠶ᠋ᠢ ᠪᠦᠷᠢᠨᠰᠢᠭᠦᠯᠵᠤ᠂ ᠠᠮᠦᠷ ᠲᠦᠪᠰᠢᠨ ᠤ᠋ ᠭᠡᠮ ᠰᠤᠭᠤᠭ ᠢ᠋ ᠨᠠᠷᠢᠯᠢᠬ ᠤᠨᠤᠴᠠᠳᠠᠢ ᠵᠢᠭᠰᠠᠭᠠᠨ ᠪᠠᠢᠴᠠᠭᠠᠬᠤ; ᠡᠯ᠎ᠠ ᠰᠠᠯᠠᠭ᠎ᠠ ᠮᠦᠴᠢᠷ ᠤ᠋ᠨ ᠬᠢᠨᠠᠯᠳᠠ ᠬᠠᠮᠢᠶᠠᠷᠤᠯᠳᠠ ᠶ᠋ᠢᠨ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠂ ᠬᠠᠤᠯᠢ ᠡᠴᠡ ᠵᠦᠷᠢᠴᠡᠭᠰᠡᠨ ᠳᠤᠭᠳᠠᠭᠠᠯ ᠡᠴᠡ ᠵᠦᠷᠢᠴᠡᠭᠰᠡᠨ ᠠᠵᠢᠯᠯᠠᠭ᠎ᠠ ᠳ᠋ᠤ ᠴᠢᠩᠭ᠎ᠠ ᠴᠤᠬᠢᠯᠳᠠ ᠦᠭᠬᠦ ᠵᠡᠷᠭᠡ 4 ᠲᠠᠯ᠎ᠠ ᠶ᠋ᠢᠨ ᠠᠵᠢᠯ ᠤ᠋ᠨ ᠰᠠᠨᠠᠭᠤᠯᠤᠮᠵᠢ ᠨᠡᠢᠳᠡᠯᠡᠵᠤ᠂ ᠡᠨᠡ 2 ᠵᠦᠢᠯ ᠤ᠋ᠨ ᠡᠮ ᠤ᠋ᠨ ᠡᠵᠡᠩᠨᠡᠯᠳᠡ ᠶ᠋ᠢᠨ ᠡᠮᠬᠢ ᠵᠢᠷᠦᠮ ᠢ᠋ ᠴᠢᠩᠭ᠎ᠠ ᠳᠦᠷᠢᠮᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号